2024 ᠣᠨ ᠤ ᠠᠤᠬᠠᠨ ᠬᠤᠰᠢᠭᠤᠨ ᠤ ᠬᠠᠪᠤᠷ ᠤᠨ ᠤᠯᠠᠷᠢᠯ ᠤᠨ ᠠᠵᠢᠯᠯᠠᠭ᠎ᠠ ᠵᠢᠴᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠳᠡᠳᠭᠦᠬᠦ ᠠᠵᠢᠯ ᠣᠯᠭᠤᠯᠲᠠ ᠶᠢᠨ ᠲᠤᠰᠠᠯᠠᠮᠵᠢ ᠶᠢᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ  ᠬᠤᠷᠠᠯ ᠠᠮᠵᠢᠯᠲᠠ ᠲᠠᠢ ᠡᠷᠭᠢᠯᠡᠪᠡ
ᠨᠡᠶᠢᠲᠡᠯᠡᠭᠰᠡᠨ ᠴᠠᠭ᠄
2024/2/28
     C:\Users\Administrator\Desktop\101.jpg     
       ᠣᠷᠴᠢᠮ ᠤᠨ ᠡᠳᠦᠷ᠂ ︽ᠬᠠᠪᠤᠷ  ᠤᠨ  ᠤᠯᠠᠷᠢᠯ  ᠤᠨ ᠠᠵᠢᠯ ᠣᠯᠭᠤᠯᠲᠠ ᠶᠢ ᠠᠬᠢᠭᠤᠯᠵᠤ᠂ ᠤᠨᠢᠨ ᠳᠡᠭᠡᠷ᠎ᠡ ᠨᠢ ᠦᠢᠯᠡᠴᠢᠯᠡᠵᠦ ᠬᠥᠭᠵᠢᠯᠲᠡ ᠶᠢ ᠳᠡᠮᠵᠢᠬᠦ︾ 2024 ᠣᠨ ᠤ ᠠᠤᠬᠠᠨ ᠬᠤᠰᠢᠭᠤᠨ ᠤ ᠬᠠᠪᠤᠷ ᠤᠨ  ᠤᠯᠠᠷᠢᠯ ᠤᠨ ᠠᠵᠢᠯᠯᠠᠭ᠎ᠠ ᠵᠢᠴᠢ ᠪᠡᠭᠡᠵᠢᠩ ᠥᠪᠥᠷ ᠮᠣᠩᠭᠤᠯ ᠤᠨ ᠬᠠᠪᠰᠤᠷᠤᠨ ᠳᠡᠳᠭᠦᠬᠦ ᠠᠵᠢᠯ ᠣᠯᠭᠤᠯᠲᠠ ᠶᠢᠨ ᠲᠤᠰᠠᠯᠠᠮᠵᠢ ᠶᠢᠨ ᠲᠤᠬᠠᠢ ᠶᠢᠨ  ᠲᠠᠯᠠᠪᠤᠷ ᠤᠨ ᠠᠵᠢᠯᠲᠠᠨ ᠡᠯᠰᠡᠬᠦ ᠬᠤᠷᠠᠯ ᠨᠢ  ᠰᠢᠨ᠎ᠡ ᠸᠠᠨ ᠴᠢᠶᠠᠩ ᠬᠤᠳᠠᠯᠳᠤᠭᠠᠨ ᠤ ᠠᠰᠠᠷ ᠤᠨ ᠨᠢᠭᠡᠳᠦᠭᠡᠷ ᠳᠠᠪᠬᠤᠷᠯᠢᠭ ᠲᠤ ᠶᠠᠪᠤᠭᠳᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠪᠦᠦ ᠯᠢᠨ ᠵᠢᠶᠠ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠤ᠂ ᠡᠯ᠎ᠡ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ᠂ ᠠᠵᠢᠯᠲᠠᠨ ᠡᠯᠰᠡᠬᠦ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠠᠵᠢᠯ ᠡᠷᠢᠭᠰᠡᠳ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃    ᠲᠤᠰ ᠤᠳᠠᠭ᠎ᠠ  ᠶᠢᠨ ᠤᠷᠢᠵᠤ ᠡᠯᠰᠡᠬᠦ ᠬᠤᠷᠠᠯ  ᠨᠢ ᠨᠠᠮ  ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠣᠯᠭᠤᠯᠲᠠ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠪᠣᠯᠤᠨ ᠠᠵᠢᠯ ᠤᠯᠬᠤ ᠳᠤ ᠬᠦᠴᠢᠷᠲᠡᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠤᠨ ᠠᠵᠢᠯ ᠤᠯᠬᠤ ᠠᠷᠭ᠎ᠠ ᠵᠠᠮ ᠢ ᠤᠯᠠᠮ ᠴᠢᠨᠠᠭᠰᠢᠳᠠ ᠥᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠠᠷᠠᠳ ᠤᠨ ᠠᠮᠢᠳᠤᠷᠠᠯ ᠢ ᠪᠠᠲᠤᠯᠠᠬᠤ ᠶᠢᠨ ᠲᠥᠯᠥᠭᠡ ᠶᠤᠮ᠃
C:\Users\Administrator\Desktop\100.jpg
    ᠪᠦᠦ ᠯᠢᠨ ᠵᠢᠶᠠ ᠶᠠᠷᠢᠶᠠᠨ ᠳᠠᠭᠠᠨ ᠭᠤᠷᠪᠠᠨ ᠲᠠᠯ᠎ᠠ ᠶᠢᠨ ᠰᠠᠨᠠᠯ ᠳᠤᠷᠠᠳᠪᠠ᠂ ᠨᠢᠭᠡ ᠳᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠠᠵᠢᠯ ᠢᠶᠠᠨ ᠦᠨᠡᠨᠬᠦ ᠰᠠᠶᠢᠲᠤᠷ ᠬᠢᠵᠦ᠂ ᠠᠵᠢᠯᠴᠢᠨ ᠬᠡᠷᠡᠭᠯᠡᠬᠦ ᠠᠵᠤ ᠠᠬᠤᠶᠢᠯᠠᠯ ᠪᠣᠯᠤᠨ ᠤᠷᠢᠭᠳᠠᠭᠰᠠᠨ ᠬᠥᠮᠦᠰ ᠤᠨ ᠬᠤᠭᠤᠷᠣᠨᠳᠣ ᠬᠤᠯᠪᠤᠭᠠᠰᠤ ᠶᠢ ᠲᠠᠯᠪᠢᠵᠤ ᠥᠭᠬᠦ ᠶᠢ ᠬᠦᠰᠡᠵᠦ ᠪᠠᠶᠢᠨ᠎ᠠ᠃ ᠬᠤᠶᠠᠷ ᠲᠤ᠂ ᠠᠵᠢᠯᠴᠢᠨ ᠬᠡᠷᠡᠭᠯᠡᠬᠦ ᠡᠯ᠎ᠡ ᠠᠵᠤ ᠠᠬᠤᠶᠢᠯᠠᠯ ᠤᠨ ᠬᠢᠨ ᠲᠣᠰ ᠪᠡᠶ᠎ᠡ ᠶᠢᠨ ᠤᠬᠠᠭᠤᠯᠭ᠎ᠠ ᠲᠠᠨᠢᠯᠴᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠠᠵᠢᠯᠴᠢᠨ ᠬᠡᠷᠡᠭᠯᠡᠬᠦ ᠪᠠᠷᠢᠮᠵᠢᠶ᠎ᠠ ᠶᠢ ᠠᠯᠢ ᠴᠢᠳᠠᠬᠤ ᠪᠠᠷ ᠪᠠᠭᠤᠷᠠᠭᠤᠯᠵᠤ᠂ ᠠᠵᠢᠯᠴᠢᠨ ᠬᠡᠷᠡᠭᠯᠡᠬᠦ ᠨᠥᠬᠦᠴᠡᠯ ᠢ ᠰᠠᠶᠢᠵᠢᠷᠠᠭᠤᠯᠬᠤ ᠶᠢ ᠬᠦᠰᠡᠵᠦ ᠪᠠᠶᠢᠨ᠎ᠠ᠃ ᠭᠤᠷᠪᠠ ᠳᠤ᠂ ᠥᠷᠭᠡᠨ ᠤᠯᠠᠨ ᠤᠷᠢᠭᠳᠠᠭᠰᠠᠳ ᠤᠨ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠵᠣᠷᠢᠭᠲᠠᠢ ᠪᠠᠷ ᠲᠦᠷᠦᠭᠦᠯᠡᠬᠦ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠵᠡᠯᠲᠡ ᠪᠠᠨ ᠬᠤᠪᠢᠷᠠᠭᠤᠯᠵᠤ᠂ ᠠᠵᠠ ᠲᠣᠬᠢᠶᠠᠯ ᠢ ᠠᠮᠵᠢᠵᠤ᠂ ᠠᠵᠠ ᠲᠣᠬᠢᠶᠠᠯ ᠢ ᠨᠠᠨᠳᠢᠩᠨᠠᠵᠤ᠂ ᠥᠪᠡᠷ ᠤᠨ ᠠᠵᠢᠯ ᠤᠨ ᠪᠠᠶᠢᠷᠢ ᠪᠠᠨ ᠤᠯᠬᠤ ᠶᠢ ᠬᠦᠰᠡᠵᠦ ᠪᠠᠶᠢᠨ᠎ᠠ᠃    ᠣᠶᠢᠯᠠᠭᠠᠭᠰᠠᠨ ᠢᠶᠠᠷ᠂ ᠬᠤᠰᠢᠭᠤᠨ ᠤ ᠳᠣᠲᠤᠨᠠᠬᠢ ᠭᠠᠳᠠᠨᠠᠬᠢ 80 ᠭᠠᠷᠤᠶ ᠠᠵᠤ ᠠᠬᠤᠶᠢᠯᠠᠯ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠳᠤ ᠣᠷᠣᠯᠴᠠᠵᠤ᠂ ᠪᠠᠷᠤᠭ 500 ᠭᠠᠷᠤᠶ ᠠᠵᠢᠯ ᠤᠨ ᠪᠠᠶᠢᠷᠢ ᠬᠠᠩᠭᠠᠵᠤ᠂ 4000 ᠭᠠᠷᠤᠶ ᠬᠦᠮᠦᠰ ᠲᠤ ᠠᠵᠢᠯ ᠣᠯᠭᠤᠬᠤ ᠲᠣᠬᠢᠶᠠᠯ ᠬᠠᠩᠭᠠᠵᠤ᠂ 1600 ᠭᠠᠷᠤᠶ  ᠬᠦᠮᠦᠰ ᠲᠠᠯᠠᠪᠤᠷ ᠲᠤ ᠣᠷᠣᠵᠤ ᠤᠷᠢᠭᠳᠠᠵᠤ᠂ ᠡᠴᠦᠰ ᠲᠡᠭᠡᠨ 580 ᠭᠠᠷᠤᠶ ᠬᠦᠮᠦᠰ ᠠᠵᠢᠯ ᠤᠯᠬᠤ ᠰᠠᠨᠠᠭ᠎ᠠ ᠲᠠᠢ ᠪᠠᠶᠢᠨ᠎ᠠ
C:\Users\Administrator\Desktop\102.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号