2024 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ 
ᠨᠡᠶᠢᠲᠡᠯᠡᠭᠰᠡᠨ ᠴᠠᠭ᠄
2024/2/28
                            ᠵᠠᠰᠠᠭ ᠤᠨ ᠣᠷᠳᠣᠨ ᠤ ᠠᠵᠢᠯ ᠤᠨ ᠢᠯᠡᠳᠬᠡᠯ    2024 ᠣᠨ ᠤ 1 ᠰᠠᠷ᠎ᠠ ᠶᠢᠨ 23 ᠤ ᠡᠳᠦᠷ ᠠᠤᠬᠠᠨ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠤᠳᠠᠭᠠᠨ ᠤ ᠬᠤᠷᠠᠯᠳᠤᠭᠠᠨ ᠳᠡᠭᠡᠷ᠎ᠡ      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ ᠲᠥᠯᠥᠭᠡᠯᠡᠭᠴᠢᠳ ᠡ᠄    ᠣᠲᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠳᠠᠷᠠᠴᠢᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃     ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠪᠡᠯ    2023 ᠣᠨ ᠳᠤ ᠂ ᠬᠤᠰᠢᠭᠤᠨ ᠤ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ  ᠪᠣᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ  ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ︽ᠲᠠᠪᠤᠨ ᠶᠡᠭᠡ ᠡᠭᠦᠷᠭᠡ︾ ① ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠂ ᠪᠣᠳᠠᠲᠠᠶ ᠶᠢ ᠲᠡᠷᠢᠭᠦᠨ ᠳᠤ ᠲᠠᠯᠪᠢᠵᠤ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠣᠨ ᠤ ᠬᠠᠷᠠᠯᠲᠠ ᠶᠢᠨ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃    ᠡᠨᠡ ᠨᠢᠭᠡ ᠵᠢᠯ ᠳᠤ᠂ ᠪᠢᠳᠡ ᠥᠷᠢᠰᠥᠯᠳᠦᠭᠡᠨ ᠤ ᠳᠤᠮᠳᠠ ᠡᠷᠡᠮᠡᠬᠡᠶᠢᠯᠡᠨ ᠤᠷᠤᠭᠰᠢᠯᠠᠵᠤ᠂ ᠢᠲᠡᠭᠡᠯ ᠵᠣᠷᠢᠭ ᠢ ᠬᠥᠪᠴᠢᠯᠡᠬᠦ᠂ ᠬᠦᠴᠦᠨ ᠴᠢᠳᠠᠯ ᠢ ᠬᠥᠭᠵᠢᠭᠡᠬᠦ ᠠᠯᠢ ᠤᠯᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠠᠴᠠ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠰᠠᠶᠢᠵᠢᠷᠠᠪᠠ᠃ ᠪᠥᠬᠦ ᠬᠤᠰᠢᠭᠤᠨ ᠤ ᠭᠠᠵᠠᠷ ᠣᠷᠣᠨ ᠤ  ᠦᠢᠯᠡᠳᠪᠦᠷᠢᠯᠡᠯ ᠤᠨ ᠶᠡᠷᠦᠩᠬᠡᠶ ᠥᠷᠲᠡᠭ 177.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.2% ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 48.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 15.7% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 40.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.9% ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5.12 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 9.8% ᠨᠡᠮᠡᠭᠳᠡᠪᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 37518 ᠲᠥᠭᠦᠷᠢᠭ᠂ 17608 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠ 7% ᠨᠡᠮᠡᠭᠳᠡᠪᠡ᠃    ᠡᠨᠡ ᠨᠢᠭᠡ ᠵᠢᠯ ᠳᠤ᠂ ᠪᠢᠳᠡ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠯᠤᠰ ᠢᠷᠡᠭᠡᠳᠦᠢ ᠳᠤ ᠠᠰᠢᠭᠲᠠᠢ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠠᠯᠢ ᠤᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠡᠶᠡᠯᠡᠭᠦᠯᠵᠦ᠂ ᠬᠥᠭᠵᠢᠯᠲᠡ ᠶᠢᠨ ᠬᠠᠨᠳᠤᠰᠢ ᠶᠢ ᠲᠠᠰᠤᠷᠠᠯᠳᠠ ᠦᠭᠡᠢ ᠬᠤᠷᠠᠮᠳᠤᠭᠤᠯᠪᠠ᠃ ᠠᠪᠴᠠᠭᠠᠨ ᠤ ᠡᠷᠬᠡ ᠶᠢ ᠰᠣᠯᠢᠬᠤ᠂ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠵᠡᠷᠭᠡ ᠪᠦᠲᠦᠮᠵᠢᠲᠡᠶ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠡᠯ᠎ᠡ ᠲᠥᠷᠥᠯ ᠤᠨ ᠪᠠᠯᠠ ᠮᠥᠩᠭᠦ ᠶᠢ 98.7 ᠳ᠋ᠦᠩᠰᠢᠭᠤᠷ ᠲᠥᠭᠦᠷᠢᠭ ᠴᠤᠭᠯᠠᠭᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ 62.66 ᠳ᠋ᠦᠩᠰᠢᠭᠤᠷ ᠲᠥᠭᠦᠷᠢᠭ ᠠᠷᠢᠯᠭᠠᠬᠤ ᠪᠠ ᠰᠣᠯᠢᠵᠤ᠂ ᠪᠠᠯᠠ ᠴᠤᠭᠯᠠᠭᠤᠯᠬᠤ ᠡᠷᠴᠢᠮ᠂ ᠠᠷᠢᠯᠭᠠᠬᠤ ᠡᠷᠴᠢᠮ ᠴᠥᠮ ᠥᠩᠭᠡᠷᠡᠭᠰᠡᠨ ᠵᠢᠯ ᠤᠳ ᠤᠨ ᠬᠠᠮᠤᠭ ᠤᠨ ᠶᠡᠭᠡ ᠬᠡᠮᠵᠢᠶᠡᠨ ᠳᠤ ᠬᠥᠷᠪᠡ᠃ ᠰᠠᠨ ᠱᠢ ᠪᠦᠯᠦᠭᠯᠡᠯ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠸᠠᠨ ᠬᠤᠸᠠ ᠶᠢᠨ ᠴᠢᠳᠬᠤᠮᠠᠯ ᠲᠤᠨᠤᠭ ᠢ ᠠᠮᠵᠢᠯᠲᠠ ᠲᠠᠢ ᠪᠠᠷ ᠠᠮᠢᠯᠠᠭᠤᠯᠪᠠ᠃ ᠡᠬᠢ ᠪᠠᠶᠠᠯᠢᠭ ᠤᠨ ᠬᠦᠴᠦᠨ ᠢ ᠨᠢᠭᠡᠳᠦᠯᠲᠡᠶ ᠲᠥᠯᠥᠪᠯᠡᠵᠦ᠂ ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠰᠢᠨ᠎ᠡ ᠣᠷᠣᠨ ᠰᠠᠭᠤᠴᠠ ᠳᠤ ᠰᠢᠯᠵᠢᠭᠦᠯᠦᠨ ᠵᠢᠩᠬᠢᠨᠢ ᠪᠠᠷ ᠬᠡᠷᠡᠭᠯᠡᠯᠲᠡ ᠳᠤ ᠣᠷᠤᠭᠤᠯᠪᠠ ᠃ 7500 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠲᠠ ᠶᠢᠨ ᠰᠢᠲᠠᠮᠠᠬᠠᠶ ᠬᠡᠶ ᠶᠢᠨ ᠬᠤᠭᠤᠯᠠᠶ ᠶᠢᠨ  ᠬᠠᠭᠤᠴᠢᠷᠠᠭᠰᠠᠨ ᠢ ᠰᠢᠨᠡᠳᠬᠡᠨ ᠥᠭᠡᠷᠡᠴᠢᠯᠡᠬᠦ ᠵᠡᠷᠭᠡ 6 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦᠨ ᠢ ᠪᠡᠶᠡᠯᠡᠭᠦᠯᠪᠡ᠃    ᠡᠨᠡ ᠨᠢᠭᠡ ᠵᠢᠯ ᠳᠤ᠂ ᠪᠢᠳᠡ ᠮᠥᠷᠦ᠋ᠢᠴᠡᠭᠡᠨ ᠤ ᠳᠤᠮᠳᠠ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠴᠡᠷᠢᠭ ᠤᠨ ᠵᠣᠷᠢᠭ ᠢ ᠬᠥᠪᠴᠢᠯᠡᠬᠦ᠂ ᠲᠡᠮᠡᠴᠡᠯ ᠤᠨ ᠵᠣᠷᠢᠭ ᠢ ᠬᠥᠪᠴᠢᠯᠡᠬᠦ ᠠᠯᠢ ᠤᠯᠠᠨ ᠬᠢᠷᠢ ᠪᠦᠲᠦᠮᠵᠢ ᠶᠢᠨ ᠢᠷᠠᠭᠤ ᠠᠯᠳᠠᠷ ᠢ ᠣᠯᠵᠤ᠂ ᠦᠢᠯᠡᠰ ᠪᠤᠰᠬᠠᠬᠤ ᠤᠷᠮ᠎ᠠ ᠵᠣᠷᠢᠭ ᠣᠷᠭᠢᠯᠣᠨ ᠪᠠᠳᠠᠷᠠᠭᠰᠠᠨ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠭᠦᠨᠵᠡᠭᠡᠶᠢᠷᠡᠭᠦᠯᠵᠦ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ  ᠬᠤᠰᠢᠭᠤ︾  ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ︽ᠰᠠᠭᠠᠳ ᠦᠭᠡᠢ ᠴᠡᠪᠡᠷ ᠴᠡᠮᠴᠡᠭᠡᠷ  ᠲᠠᠭᠠᠯᠠᠮᠵᠢᠲᠠᠢ ᠦᠵᠡᠰᠭᠦᠯᠡᠩᠲᠦ ᠰᠠᠶᠢᠬᠠᠨ ᠠᠮᠤᠷ ᠲᠦᠪᠰᠢᠨ︾ ᠵᠠᠰᠠᠮᠠᠯ ᠵᠠᠮ ᠤᠨ ᠨᠡᠪᠲᠡᠷᠡᠬᠦ ᠣᠷᠴᠢᠨ ᠲᠣᠭᠤᠷᠢᠨ ᠢ ᠢᠳᠡᠪᠬᠢᠲᠡᠶ ᠪᠣᠶ ᠪᠣᠯᠭᠠᠵᠤ᠂ ᠤᠯᠤᠰ ᠤᠨ ᠲᠠᠰ ᠤᠨ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾② ᠤᠨ ᠵᠢᠱᠢᠶ᠎ᠡ ᠦᠵᠡᠭᠦᠯᠬᠦ ᠬᠤᠰᠢᠭᠤᠨ ᠳᠤ ᠤᠷᠤᠭᠰᠢᠲᠠᠶ ᠪᠠᠷ ᠳᠡᠪᠰᠢᠪᠡ᠃ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠨᠢ ︽ᠪᠥᠬᠦ ᠤᠯᠤᠰ ᠤᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠡᠷᠢᠭᠦᠨ ᠤ ᠬᠠᠮᠲᠤ︾ ᠪᠠᠷ ᠦᠨᠡᠯᠡᠭᠳᠡᠪᠡ᠃ ᠰᠠᠨ ᠢ ᠵᠢᠩ ᠤᠢ ᠰᠢᠭᠤᠢ ᠶᠢᠨ ᠲᠠᠯᠠᠪᠠᠢ ᠨᠢ ︽ᠪᠦᠬᠦ ᠤᠯᠤᠰ ᠤᠨ ᠨᠣᠭᠤᠭᠠᠷᠠᠭᠤᠯᠤᠯᠲᠠ ᠶᠢᠨ ᠵᠢᠱᠢᠶᠡᠴᠢ ᠨᠢᠭᠡᠴᠡ︾ ᠪᠠᠷ ᠰᠣᠩᠭᠤᠭᠳᠠᠪᠠ᠃  ᠰᠠᠯᠪᠤᠷᠢ ᠰᠢᠶᠠᠩ ᠨᠢ ︽ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠩ︾ ᠢᠶᠠᠷ ᠦᠨᠡᠯᠡᠭᠳᠡᠪᠡ᠃ ᠰᠢᠨ ᠾᠦᠢ ᠪᠠᠯᠭᠠᠰᠤ ᠶᠢᠨ  ᠵᠠᠰᠠᠷᠠᠬᠤ ᠶᠢᠨ ᠠᠶᠢᠯ ᠲᠣᠰᠬᠤᠨ᠂ ᠰᠢᠶᠠ ᠸᠠ ᠪᠠᠯᠭᠠᠰᠤ ᠶᠢᠨ  ᠽᠣᠣ ᠶᠤᠸᠠᠨ ᠼᠦᠨ ᠲᠣᠰᠬᠤᠨ ᠵᠡᠷᠭᠡ 5 ᠵᠠᠰᠠᠭ ᠵᠠᠬᠢᠷᠭᠠᠨ ᠤ ᠲᠣᠰᠬᠤᠨ ᠢ ︽ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠲᠣᠰᠬᠤᠨ︾ ᠢᠶᠠᠷ ᠨᠤᠲᠠᠯᠠᠨ ᠲᠣᠭᠲᠠᠭᠠᠪᠠ᠃      ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄    ︵ᠨᠢᠭᠡ︶ ᠠᠵᠤ ᠦᠢᠯᠡᠰ ᠤᠨ ᠪᠦᠲᠦᠴᠡ ᠶᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ᠠᠵᠤ  ᠦᠢᠯᠡᠰ ᠤᠨ ᠰᠠᠭᠤᠷᠢ ᠶᠢ ᠨᠠᠩ ᠪᠠᠲᠤ ᠪᠠᠬᠢ ᠪᠣᠯᠭᠠᠪᠠ    ᠤᠳᠤ ᠦᠶ᠎ᠡ ᠶᠢᠨ ᠲᠠᠷᠢᠶᠠᠯᠠᠩ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠪᠠ᠃ ᠠᠮᠤ ᠪᠤᠳᠠᠭᠠᠨ ᠤ ᠶᠡᠷᠦᠩᠬᠡᠶ ᠤᠨᠠᠯᠲᠠ 25.3 ᠳ᠋ᠦᠩᠰᠢᠭᠤᠷ ᠵᠢᠩ ᠳᠤ ᠬᠦᠷᠴᠦ᠂ ︽ᠠᠷᠪᠠᠨ ᠵᠢᠷᠭᠤᠭᠠᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ︾ ᠶᠢ ᠪᠡᠶᠡᠯᠡᠭᠦᠯᠪᠡ᠃ 301.75 ᠲᠦᠮᠡᠨ ᠲᠣᠯᠣᠭᠠᠶ ᠬᠡᠷ ᠤᠨ ᠲᠡᠵᠢᠭᠡᠪᠦᠷᠢ ᠶᠢ ᠲᠡᠵᠢᠭᠡᠵᠦ᠂ 345.8 ᠲᠦᠮᠡᠨ ᠲᠣᠯᠣᠭᠠᠶ ᠭᠠᠷᠭᠠᠯᠲᠠ ᠳᠤ ᠭᠠᠷᠭᠠᠪᠠ᠃ ᠭᠤᠣᠯᠯᠠᠬᠤ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ 101.3 ᠲᠦᠮᠡᠨ ᠮᠦ ᠨᠠᠷᠢᠮᠤ ᠲᠠᠷᠢᠵᠤ᠂ 15 ᠲᠦᠮᠡᠨ ᠮᠦ ᠪᠣᠬᠢᠷᠲᠤᠯ ᠦᠭᠡᠢ ᠣᠷᠭᠠᠨᠢᠭ ᠨᠠᠷᠢᠮᠤ ᠶᠢᠨ ᠰᠠᠭᠤᠷᠢᠨ ᠢ ᠬᠥᠭᠵᠢᠭᠦᠯᠵᠦ᠂ ᠠᠷᠪᠠᠳᠤᠭᠠᠷ ᠬᠤᠭᠤᠴᠠᠭᠠᠨ ᠤ ᠳᠡᠯᠡᠬᠡᠢ ᠶᠢᠨ ᠨᠠᠷᠢᠮᠤ ᠶᠢᠨ ᠡᠭᠦᠰᠦᠯ ᠪᠠ ᠬᠥᠭᠵᠢᠯᠲᠡ ᠶᠢᠨ ᠬᠤᠷᠠᠯ ᠢ ᠳᠠᠭᠠᠭᠠᠴᠢᠯᠠᠨ ᠡᠷᠬᠢᠯᠡᠵᠦ᠂ ︽ᠠᠤᠬᠠᠨ ᠨᠠᠷᠢᠮᠤ︾ ᠶᠢ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ ᠬᠥᠳᠡᠭᠡ ᠠᠵᠤ ᠠᠬᠤᠢ ᠶᠢᠨ ᠲᠦᠷᠦᠯ ᠲᠡᠮᠳᠡᠭ ᠤᠨ ᠰᠣᠳᠣᠨ ᠪᠦᠲᠦᠭᠡᠯ ᠢ ᠪᠤᠶᠢᠵᠢᠭᠤᠯᠬᠤ ᠲᠥᠯᠥᠪᠯᠡᠭᠡ ᠳᠤ ᠣᠷᠣᠭᠤᠯᠵᠠᠢ︔ ᠰᠠᠭᠤᠷᠢ ᠡᠬᠡ ᠮᠠᠯ ᠤᠨ ᠦᠷᠡᠵᠢᠯᠲᠡ ᠶᠢᠨ ᠨᠡᠮᠡᠭᠳᠡᠯ ᠤᠨ ᠬᠡᠮᠵᠢᠶ᠎ᠡ ᠶᠢ ᠥᠷᠭᠡᠳᠬᠡᠨ ᠨᠡᠮᠡᠭᠳᠡᠭᠦᠯᠵᠦ᠂  ᠢᠳᠡᠰᠢᠨ ᠦᠬᠡᠷ ᠤᠨ ᠲᠤᠭ᠎ᠠ 28.2 ᠲᠦᠮᠡ ᠳᠤ ᠬᠦᠷᠴᠦ᠂  ᠢᠳᠡᠰᠢᠨ ᠦᠬᠡᠷ ᠲᠡᠵᠢᠭᠡᠨ ᠦᠷᠡᠵᠢᠭᠦᠯᠬᠦ ᠲᠤᠰᠬᠠᠶ ᠭᠠᠴᠠᠭ᠎ᠠ ᠲᠣᠰᠬᠤᠨ ᠢ 19 ᠰᠢᠨ᠎ᠡ ᠪᠠᠷ ᠪᠠᠶᠢᠭᠤᠯᠵᠤ᠂ 300 ᠲᠣᠯᠣᠭᠠᠶ ᠠᠴᠠ ᠳᠡᠭᠡᠭᠰᠢᠬᠢ  ᠢᠳᠡᠰᠢᠨ ᠦᠬᠡᠷ ᠲᠡᠵᠢᠭᠡᠨ ᠦᠷᠡᠵᠢᠭᠦᠯᠬᠦ ᠵᠢᠵᠢᠭ ᠲᠣᠭᠤᠷᠢᠭ ᠢ 20 ᠪᠣᠯᠭᠠᠪᠠ︔ ᠲᠦᠬᠦᠭᠡᠷᠦᠮᠵᠢᠲᠦ ᠲᠠᠷᠢᠶᠠᠯᠠᠩ ᠢ 2322 ᠮᠥ ᠰᠢᠨ᠎ᠡ ᠪᠠᠷ ᠨᠡᠮᠡᠭᠳᠡᠭᠦᠯᠵᠦ᠂ ᠶᠡᠷᠦᠩᠬᠡᠶ ᠲᠠᠯᠠᠪᠠᠶ ᠨᠢ 6.4 ᠲᠦᠮᠡᠨ ᠮᠥ ᠳᠤ ᠬᠥᠷᠪᠡ᠃  ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠢᠶᠠᠷ ᠡᠬᠢᠯᠡᠭᠦᠯᠵᠦ᠂ 2 ᠲᠦᠮᠡᠨ ᠰᠠᠭᠠᠯᠢ ᠶᠢᠨ ᠦᠨᠢᠶ᠎ᠡ ᠶᠢᠨ ᠰᠠᠭᠤᠷᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠪᠡ᠃ ᠢᠳᠡᠰᠢᠨ ᠬᠤᠨᠢ᠂ ᠢᠳᠡᠰᠢᠨ ᠨᠤᠭᠤᠰᠤ᠂ ᠢᠳᠡᠰᠢᠨ ᠡᠯᠵᠢᠭᠡ ᠵᠡᠷᠭᠡ ᠳᠠᠪᠠᠭᠤᠯᠢᠭ ᠤᠨᠴᠠᠯᠢᠭᠳᠤ ᠠᠵᠤ ᠦᠢᠯᠡᠰ ᠲᠣᠭᠲᠠᠭᠤᠨ ᠢᠶᠠᠷ ᠬᠥᠭᠵᠢᠪᠡ᠃ ᠲᠠᠷᠢᠶᠠᠨ ᠭᠠᠵᠠᠷ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ 19 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠪᠠ᠃ ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠬᠦ ᠬᠦᠴᠦᠨ 113.4 ᠲᠦᠮᠡᠨ ᠺᠢᠯᠣᠸᠠᠲ ᠲᠤ ᠬᠦᠷᠴᠦ᠂ ᠶᠡᠷᠦᠩᠬᠡᠶᠢᠯᠡᠭᠰᠡᠨ ᠮᠧᠬᠠᠨᠢᠭᠵᠢᠭᠤᠯᠤᠯᠲᠠ ᠶᠢᠨ ᠨᠤᠷᠮ᠎ᠠ 86.8% ᠳᠤ ᠬᠦᠷᠴᠡᠶ᠃    ᠰᠢᠨ᠎ᠡ ᠬᠡᠯᠪᠡᠷᠢ ᠶᠢᠨ ᠠᠵᠤ ᠦᠢᠯᠡᠳᠪᠦᠷᠢ ᠶᠢ ᠲᠣᠭᠲᠠᠭᠤᠨ ᠪᠠᠶᠢᠯᠭᠠᠬᠤ  ᠶᠢᠨ ᠵᠡᠷᠭᠡ ᠳᠤ  ᠳᠡᠭᠡᠭᠰᠢᠯᠡᠭᠦᠯᠪᠡ᠃ 3000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ  ᠵᠦᠢᠯ ᠢ 17 ᠬᠡᠷᠡᠭᠵᠢᠭᠦᠯᠵᠦ᠂ 14.34 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 63.1 ᠳ᠋ᠦᠩᠰᠢᠭᠤᠷ ᠲᠥᠭᠦᠷᠢᠭ ᠤᠨ  ᠦᠢᠯᠡᠳᠬᠦᠨ ᠤ ᠥᠷᠲᠡᠭ ᠢ ᠪᠡᠶᠡᠯᠡᠭᠦᠯᠵᠦ᠂ ᠵᠢᠢ ᠯᠦᠩ ᠠᠭᠤᠷᠬᠠᠶ ᠶᠢᠨ  ᠦᠢᠯᠡᠰ᠂  ᠱᠠ ᠮᠥᠸᠧ ᡁᠢ ᠬᠤᠸᠠ᠂ ᠾᠧ ᠹᠧᠩ ᠹᠦ᠋ ᠰᠢᠨ ᠶᠤᠸᠠᠨ ᠵᠡᠷᠭᠡ ᠠᠵᠤ ᠠᠬᠤᠶᠢᠯᠠᠯ ᠤᠨ ᠡᠵᠡᠩᠨᠡᠯᠲᠡ ᠦᠷᠭᠦᠯᠵᠢᠯᠡᠨ ᠰᠠᠶᠢᠵᠢᠷᠠᠵᠤ᠂ ᠬᠦᠶ ᠯᠢᠦ ᠮᠠᠯ ᠠᠵᠤ ᠠᠬᠤᠶ ᠨᠤᠭᠤᠰᠤᠨ ᠤ ᠠᠵᠤ  ᠦᠢᠯᠡᠰ᠂  ᠮᠧᠩ ᠴᠠᠩ ᠤᠨ ᠢᠳᠡᠰᠢᠨ ᠬᠤᠨᠢ ᠶᠢ ᠨᠠᠷᠢᠯᠢᠭ ᠡᠳ᠋ᠰᠢᠭᠦᠯᠬᠦ ᠵᠡᠷᠭᠡ ᠲᠥᠷᠥᠯ  ᠵᠦᠢᠯ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠪᠠ᠃  ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠪᠤᠶᠢᠵᠢᠭᠤᠯᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠾᠧ ᠹᠧᠩ ᠮᠠᠯ ᠠᠵᠤ ᠠᠬᠤᠶ ᠵᠡᠷᠭᠡ 4 ᠠᠵᠤ ᠠᠬᠤᠶᠢᠯᠠᠯ  ᠤᠨ ᠲᠣᠭᠲᠠᠭᠠᠯ ᠢ ᠳᠡᠭᠡᠭᠰᠢᠯᠡᠭᠦᠯᠦᠨ ᠨᠢᠭᠡᠳᠦᠯ ᠳᠤ ᠣᠷᠣᠭᠤᠯᠵᠤ᠂ ᠲᠣᠭᠲᠠᠭᠠᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠠᠵᠤ ᠠᠬᠤᠶᠢᠯᠠᠯ ᠤᠨ ᠲᠤᠭ᠎ᠠ ᠬᠡᠮᠵᠢᠶ᠎ᠡ ᠶᠢ 29 ᠪᠣᠯᠭᠠᠪᠠ᠃  ᠪᠠᠢ ᠲᠧᠦ ᠶᠢᠩᠽᠢ ᠶᠢᠨ ᠸᠣᠯᠹᠷᠠᠮ ᠤᠨ ᠣᠯᠠᠨ ᠲᠡᠮᠦᠷᠯᠢᠭ ᠤᠨ ᠠᠭᠤᠷᠬᠠᠶ᠂ ᠮᠠᠨᠢᠬᠠᠨ ᠤ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ ᠶᠢ ᠬᠠᠶᠢᠨ ᠰᠢᠨᠵᠢᠯᠡᠵᠦ ᠰᠢᠯᠵᠢᠭᠦᠯᠦᠨ ᠮᠠᠯᠲᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠬᠦᠷᠢᠶᠡᠯᠡᠩ ᠲᠣᠭᠤᠷᠢᠭ ᠤᠨ ᠳᠠᠭᠠᠭᠠᠬᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠵᠦ᠂ 6.5 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠬᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠵᠠᠮ ᠢ 5 ᠺᠢᠯᠣᠮᠧᠲᠷ ᠵᠠᠰᠠᠵᠤ᠂ ᠬᠦᠷᠡᠩᠪᠣᠬ᠎ᠠ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ᠂ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ  ᠰᠢᠢᠳᠪᠦᠷᠢᠯᠡᠬᠦ ᠦᠢᠯᠡᠳᠪᠦᠷᠢ ︵ᠬᠤᠶᠠᠳᠤᠭᠠᠷ ᠬᠤᠭᠤᠴᠠᠭ᠎ᠠ︶ ᠵᠡᠷᠭᠡ ᠢᠨᠵᠧᠨᠧᠷᠢᠩ ᠢ ᠠᠰᠢᠭᠯᠠᠯᠲᠠ ᠳᠤ ᠣᠷᠣᠭᠤᠯᠪᠠ᠃    ᠭᠤᠷᠪᠠᠳᠤᠭᠠᠷ ᠠᠵᠤ ᠦᠢᠯᠡᠰ ᠢ ᠲᠣᠭᠲᠠᠭᠤᠨ ᠪᠠᠶᠢᠯᠭᠠᠬᠤ  ᠶᠢᠨ ᠵᠡᠷᠭᠡ ᠳᠤ ᠰᠠᠶᠢᠵᠢᠷᠠᠭᠤᠯᠪᠠ᠃  ᠨᠠᠷᠢᠳ ᠤᠨ ᠭᠤᠣᠯ ᠤᠨ ᠦᠵᠡᠮᠵᠢ ᠶᠢᠨ ᠣᠷᠣᠨ ᠢ ᠲᠤᠷᠰᠢᠨ ᠡᠵᠡᠩᠨᠡᠵᠦ᠂ ᠯᠢᠦᠢ ᠶᠤᠸᠠᠨ ᠠᠮᠢ ᠠᠬᠤᠶ ᠶᠢᠨ ᠦᠵᠡᠭᠦᠯᠦᠯᠭᠡ ᠶᠢᠨ ᠬᠦᠷᠢᠶᠡᠯᠡᠩ ᠢ ᠤᠯᠤᠰ ᠤᠨ 2A ᠲᠠᠰ ᠤᠨ ᠦᠵᠡᠮᠵᠢ ᠶᠢᠨ ᠣᠷᠣᠨ ᠢᠶᠠᠷ ᠵᠥᠪᠰᠢᠶᠡᠷᠡᠭᠦᠯᠵᠦ᠂ ᠳ᠋ᠢᠩ ᠰᠢᠶᠠᠩ ᠬᠤᠸᠠ ᠰᠣᠶᠣᠯ ᠵᠢᠭᠤᠯᠴᠢᠯᠠᠯ ᠤᠨ ᠨᠠᠶᠢᠷ᠂ ᠫᠢᠸᠤ᠋ ᠶᠢᠨ ᠳᠠᠭᠤᠤ ᠬᠥᠭᠵᠢᠮ ᠤᠨ ᠨᠠᠶᠢᠷ᠂ ᠳᠥᠷᠪᠡᠳᠦᠭᠡᠷ ᠬᠤᠭᠤᠴᠠᠭᠠᠨ ᠤ ᠨᠠᠭᠠᠳᠤᠮ ᠤᠨ ᠴᠤᠭᠯᠠᠭᠠᠨ ᠪᠠ ᠠᠩᠬᠠᠳᠤᠭᠠᠷ ᠬᠤᠭᠤᠴᠠᠭᠠᠨ ᠤ ︽ᠪᠡᠶ᠎ᠡ ᠶᠢᠨ ᠲᠠᠮᠢᠷ ᠤᠨ ᠱᠠᠩᠨᠠᠯᠲᠤ ᠬᠤᠨᠳᠠᠭᠠᠲᠤ︾ ᠪᠥᠬᠦ ᠤᠯᠤᠰ ᠤᠨ ᠬᠡᠭᠡᠷ᠎ᠡ ᠶᠢᠨ ᠮᠣᠲ᠋ᠣᠷ ᠲᠡᠷᠭᠡᠨ ᠤ ᠲᠠᠯᠠᠪᠤᠷ ᠤᠨ ᠤᠷᠤᠯᠳᠤᠭᠠᠨ ᠵᠡᠷᠭᠡ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ ᠪᠥᠬᠦ ᠵᠢᠯ ᠳᠤ 41 ᠲᠦᠮᠡᠨ ᠬᠥᠮᠦᠨ ᠤᠳᠠᠭ᠎ᠠ ᠵᠤᠭᠠᠴᠠᠭᠰᠠᠳ ᠢ ᠭᠥᠯᠢᠶᠡᠨ ᠠᠪᠴᠤ᠂ 2.6 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠬᠡᠷᠡᠭᠯᠡᠭᠡᠨ ᠤ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ 260 ᠲᠠᠯᠠᠪᠤᠷ ᠤᠳᠠᠭ᠎ᠠ ᠡᠷᠭᠢᠯᠡᠵᠦ᠂ ᠬᠡᠷᠡᠭᠯᠡᠭᠡᠨ ᠤ ᠲᠡᠮᠳᠡᠭᠲᠦ ᠵᠢᠴᠢ ᠬᠡᠷᠡᠭᠯᠡᠭᠡᠨ ᠤ ᠨᠥᠬᠦᠪᠥᠷᠢ ᠶᠢ ᠨᠡᠶᠢᠲᠡ 51.26 ᠲᠦᠮᠡᠨ ᠲᠥᠭᠦᠷᠢᠭ ᠲᠠᠷᠬᠠᠭᠠᠵᠤ᠂ ᠠᠷᠠᠯᠵᠢᠶᠠᠨ ᠤ ᠲᠤᠭ᠎ᠠ ᠶᠢ 20.8 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠬᠤᠰᠢᠭᠤ ᠰᠢᠶᠠᠩ ᠲᠣᠰᠬᠤᠨ ᠤ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂  ᠠᠷᠠᠳ ᠠᠴᠠ ᠡᠵᠡᠩᠨᠡᠭᠰᠡᠨ 9 ᠲᠦᠷᠭᠡᠨ ᠬᠦᠷᠭᠡᠬᠦ ᠪᠠᠷᠠᠭᠠᠨ ᠤ  ᠭᠦᠢᠯᠭᠡᠭᠡᠨ ᠤ ᠰᠢᠶᠠᠩ ᠪᠠᠯᠭᠠᠰᠤ  ᠶᠢ  ᠪᠦᠷᠢᠨ ᠪᠦᠷᠬᠦᠭᠦᠯᠬᠦ ᠶᠢ ᠪᠡᠶᠡᠯᠡᠭᠦᠯᠪᠡ ᠃ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠲᠤ 46 ᠠᠵᠤ ᠠᠬᠤᠶᠢᠯᠠᠯ ᠳᠤ ᠣᠷᠣᠵᠤ ᠰᠠᠭᠤᠨ᠂ ᠲᠠᠸᠠᠷ ᠤᠨ ᠠᠷᠠᠯᠵᠢᠶᠠᠨ ᠤ ᠲᠤᠭ᠎ᠠ ᠶᠢ 5.97 ᠳ᠋ᠦᠩᠰᠢᠭᠤᠷ ᠲᠥᠭᠦᠷᠢᠭ  ᠪᠡᠶᠡᠯᠡᠭᠦᠯᠪᠡ᠃ ᠪᠦᠬᠦ ᠵᠢᠯ ᠤᠨ ᠭᠠᠳᠠᠭᠠᠳᠤ ᠭᠠᠷᠭᠠᠯᠲᠠ ᠶᠢᠨ ᠠᠷᠠᠯᠵᠢᠶᠠᠨ ᠤ ᠬᠡᠮᠵᠢᠶ᠎ᠡ ᠠᠩᠬ᠎ᠠ ᠤᠳᠠᠭ᠎ᠠ 1100 ᠲᠦᠮᠡᠨ ᠲᠥᠭᠦᠷᠢᠭ ᠢ ᠳᠠᠪᠠᠪᠠ᠃ ᠬᠠᠶ ᠴᠤᠸᠠᠩ ᠮᠠᠯ ᠠᠵᠤ ᠠᠬᠤᠶ ᠶᠢᠨ ᠲᠤᠰᠠᠭᠠᠷᠯᠠᠨ ᠬᠢᠵᠢᠭ ᠪᠠᠶᠢᠴᠠᠭᠠᠬᠤ ᠲᠠᠯᠠᠪᠠᠶ ᠶᠢ ᠵᠢᠩᠬᠢᠨᠢ ᠪᠠᠷ ᠠᠵᠢᠯᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠡᠭᠦᠯᠳᠡᠷ ᠤᠨ ᠮᠠᠯ ᠢ ᠭᠠᠳᠠᠭᠠᠳᠤ ᠠᠴᠠ ᠣᠷᠣᠭᠤᠯᠬᠤ ᠬᠠᠭᠤᠷᠠᠶ ᠪᠠ ᠲᠡᠯᠡᠶ ᠶᠢᠨ ᠵᠠᠮ ᠢ ᠨᠡᠪᠲᠡᠷᠡᠭᠦᠯᠪᠡ᠃ ᠪᠥᠬᠦ ᠬᠤᠰᠢᠭᠤᠨ ᠤ ᠬᠠᠳᠠᠭᠠᠯᠠᠮᠵᠢ ᠪᠠ ᠵᠢᠭᠡᠯᠡᠯᠭᠡ ᠶᠢᠨ ᠦᠯᠡᠳᠡᠪᠦᠷᠢ ᠲᠣᠰ ᠲᠣᠰ 261 ᠳ᠋ᠦᠩᠰᠢᠭᠤᠷ ᠲᠥᠭᠦᠷᠢᠭ ᠪᠠ 149 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 14.6% ᠪᠠ 12.6% ᠨᠡᠮᠡᠭᠳᠡᠪᠡ     ︵ᠬᠤᠶᠠᠷ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠩ ᠡᠷᠴᠢᠮᠲᠡᠶ ᠪᠣᠯᠭᠠᠪᠠ    ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠡᠯᠪᠡᠭ ᠳᠡᠯᠪᠡᠭ ᠦᠷ᠎ᠡ ᠪᠦᠲᠦᠭᠡᠯ ᠤᠯᠪᠠ᠃ ᠪᠥᠬᠦ ᠵᠢᠯ ᠳᠤ ᠨᠡᠶᠢᠲᠡ 80 ᠠᠷᠠᠯᠵᠢᠶᠠᠴᠢᠨ ᠤᠷᠢᠵᠤ ᠪᠠᠯᠠ ᠲᠠᠲᠠᠬᠤ  ᠲᠥᠷᠥᠯ ᠵᠦᠢᠯ ᠳᠤ ᠭᠡᠷ᠎ᠡ ᠲᠣᠭᠲᠠᠵᠤ᠂ 37 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ ᠭᠤᠣᠯᠳᠠᠯᠭ᠎ᠠ ᠲᠠᠢ  ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ᠂ 266 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠵᠦᠩ ᠨᠧᠩ ᠵᠢᠶᠠᠨ ᠹᠧᠩ ᠭᠤᠸᠠᠩ ᠤᠰᠤᠲᠥ᠋ᠷᠥᠭᠴᠢ ᠶᠢᠨ ᠰᠢᠪᠲᠦᠷᠲᠦ ᠠᠯᠺᠣᠣᠯ ᠢ ᠨᠢᠭᠡ ᠴᠤᠬᠴᠠᠵᠢᠭᠤᠯᠤᠬᠰᠠᠨ ᠲᠦᠷᠦᠯ ᠵᠦᠢᠯ ᠳᠤ ᠠᠮᠵᠢᠯᠲᠠ ᠲᠠᠢ ᠭᠡᠷ᠎ᠡ ᠲᠣᠭᠲᠠᠵᠤ᠂ 89 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠰᠢᠩ ᠬᠤᠩ ᠳ᠋ᠦᠩ ᠹᠠᠩ ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠡᠨᠧᠷᠭᠢ ᠬᠡᠷᠡᠭᠯᠡᠬᠦ᠂ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠵᠦ᠂ 8000 ᠲᠦᠮᠡᠨ ᠲᠥᠭᠦᠷᠢᠭ ᠤᠨ ᠪᠡᠯᠡ ᠣᠷᠣᠭᠤᠯᠤᠭᠰᠠᠨ ᠱᠢ ᠶᠤᠸᠠᠢ ᠳ᠋ᠣᠣ ᠲᠢᠶᠠᠨ ᠲᠤᠲᠤᠷᠭ᠎ᠠ ᠶᠢᠨ ᠲᠠᠷᠢᠶᠠᠨ ᠤ ᠨᠠᠷᠢᠮᠤ ᠶᠢᠨ ᠦᠢᠯᠡᠳᠪᠦᠷᠢᠯᠡᠯ ᠤᠨ ᠱᠤᠭᠤᠮ ᠤᠨ ᠲᠦᠷᠦᠯ ᠵᠦᠢᠯ ᠢ ᠡᠮᠬᠢ ᠵᠢᠷᠤᠮ ᠲᠠᠢ ᠠᠬᠢᠭᠤᠯᠪᠠ᠃    ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ  ᠨᠡᠮᠡᠭᠳᠡᠭᠦᠯᠪᠡ᠃ 1000 ᠲᠦᠮᠡᠨ ᠲᠥᠭᠦᠷᠢᠭ ᠠᠴᠠ ᠳᠡᠭᠡᠭᠰᠢ ︵ᠨᠡᠶᠢᠭᠡᠮ ᠤᠨ ᠦᠢᠯᠡᠰ ᠤᠨ 500 ᠲᠦᠮᠡᠨ ᠲᠥᠭᠦᠷᠢᠭ ᠠᠴᠠ ᠳᠡᠭᠡᠭᠰᠢ︶ ᠭᠤᠤᠯᠳᠠᠯᠭ᠎ᠠ ᠲᠠᠢ ᠲᠥᠷᠥᠯ ᠵᠦᠢᠯ ᠢ 124 ᠬᠡᠷᠡᠭᠵᠢᠭᠦᠯᠵᠦ᠂ ᠶᠡᠷᠦᠩᠬᠡᠶ ᠪᠠᠯᠠ ᠣᠷᠣᠭᠤᠯᠤᠯᠲᠠ ᠨᠢ 220 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠤᠨ ᠲᠤᠭ᠎ᠠ ᠬᠡᠮᠵᠢᠶ᠎ᠡ ᠪᠠ ᠶᠡᠷᠦᠩᠬᠡᠶ ᠪᠠᠯᠠ ᠣᠷᠣᠭᠤᠯᠤᠯᠲᠠ ᠶᠢᠨ ᠲᠤᠭ᠎ᠠ ᠬᠡᠮᠵᠢᠶ᠎ᠡ ᠴᠥᠮ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃  ᠵᠦᠩ ᠴᠦ ᠯᠢᠶᠠᠩ ᠠᠮᠤ ᠪᠤᠳᠠᠭᠠᠨ ᠤ ᠨᠥᠭᠡᠴᠡᠯᠡᠬᠦ ᠬᠥᠮᠥᠷᠭᠡ᠂ ᠯᠦᠩ ᠲᠠᠢ ᠳ᠋ᠢ ᠶᠢᠨ ᠳᠠᠷᠤᠯᠲᠠᠲᠤ ᠬᠤᠭᠤᠯᠠᠶ ᠵᠡᠷᠭᠡ 68 ᠵᠦᠢᠯᠡᠰ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠠᠵᠤ ᠦᠢᠯᠡᠰ ᠤᠨ ᠬᠦᠷᠢᠶᠡᠯᠡᠩ ᠤᠨ ᠪᠣᠬᠢᠷᠲᠤᠯ ᠦᠭᠡᠢ ᠪᠠᠷ ᠴᠠᠬᠢᠯᠭᠠᠨ ᠬᠠᠩᠭᠠᠬᠤ ᠵᠡᠷᠭᠡ ᠵᠦᠢᠯᠡᠰ ᠤᠨ ᠠᠬᠢᠴᠠ ᠤᠷᠤᠭᠰᠢᠲᠠᠶ ᠪᠣᠯᠪᠠ᠃ ᠪᠥᠬᠦ ᠵᠢᠯ ᠳᠤ 1900 ᠮᠥ ᠭᠠᠵᠠᠷ ᠰᠢᠷᠣᠶ ᠬᠠᠩᠭᠠᠵᠤ᠂ 2000 ᠮᠥ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠨ᠎ᠡ ᠪᠠᠷ ᠨᠡᠮᠡᠭᠳᠡᠭᠦᠯᠬᠦ ᠪᠠᠷ ᠵᠥᠪᠰᠢᠶᠡᠷᠡᠭᠳᠡᠵᠦ᠂ ︽ᠭᠠᠵᠠᠷ ᠰᠢᠷᠣᠶ ᠵᠡᠷᠭᠡ ᠲᠥᠷᠥᠯ  ᠵᠦᠢᠯ︾ ᠢ ᠬᠡᠪ ᠤᠨ ᠪᠠᠶᠢᠳᠠᠯ ᠲᠠᠢ ᠪᠣᠯᠭᠠᠪᠠ᠃ ᠳᠡᠭᠡᠳᠦ ᠱᠠᠲᠤᠨ ᠤ ᠪᠠᠯᠠ ᠮᠥᠩᠭᠦ᠂ ᠵᠢᠭᠡᠯᠡᠯᠭᠡ ᠶᠢᠨ ᠲᠡᠮᠳᠡᠭᠲᠦ ᠶᠢ 6.44 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ 4.3 ᠳ᠋ᠦᠩᠰᠢᠭᠤᠷ ᠲᠥᠭᠦᠷᠢᠭ ᠤᠨ ᠪᠦᠲᠦᠮᠵᠢᠲᠡᠶ ᠪᠠᠯᠠ ᠣᠷᠣᠭᠤᠯᠤᠯᠲᠠ ᠶᠢ ᠪᠣᠶ ᠪᠣᠯᠭᠠᠵᠤ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠨᠠᠷᠢᠯᠢᠭ  ᠣᠨᠤᠪᠴᠢᠲᠠᠢ ᠪᠥᠭᠡᠳ ᠪᠦᠲᠦᠮᠵᠢᠲᠡᠶ  ᠪᠣᠯᠭᠠᠪᠠ᠃     ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ᠵᠢᠵᠢᠭ ᠪᠢᠴᠢᠯ ᠠᠵᠤ ᠠᠬᠤᠶᠢᠯᠠᠯ ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠲᠤᠰᠬᠠᠶ ᠠᠵᠢᠯ ᠤᠨ ᠬᠤᠷᠰᠢᠶ᠎ᠠ ᠶᠢᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ 1112 ᠰᠢᠨ᠎ᠡ ᠪᠠᠷ ᠨᠡᠮᠡᠭᠳᠡᠭᠦᠯᠪᠡ᠃ ︽ᠬᠤᠶᠠᠷ ᠰᠢᠯᠢᠳᠡᠭ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ ③᠂ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ  ᠵᠦᠢᠯᠡᠰ ᠢ  ᠭᠦᠢᠴᠡᠳᠬᠡᠬᠦ ᠴᠠᠭ ᠤᠨ ᠬᠢᠵᠠᠭᠠᠷ ᠢ ᠳᠠᠬᠢᠨ 74% ᠪᠠᠷ ᠪᠠᠭᠠᠰᠬᠠᠵᠤ᠂ ᠭᠦᠢᠴᠡᠳᠬᠡᠬᠦ ᠭᠤᠭᠴᠤᠭ᠎ᠠ ᠶᠢ ᠳᠠᠬᠢᠨ 32.7% ᠪᠠᠷ ᠴᠣᠮᠬᠠᠳᠬᠠᠨ᠂ ᠭᠤᠶᠤᠴᠢᠯᠠᠬᠤ ᠮᠠᠲ᠋ᠧᠷᠢᠶᠠᠯ ᠢ ᠳᠠᠬᠢᠨ 32% ᠢᠶᠠᠷ ᠰᠢᠯᠢᠳᠡᠭᠵᠢᠭᠦᠯᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345  ᠬᠠᠯᠠᠮᠰᠢᠯ ᠤᠲᠠᠰᠤ ᠪᠠᠷ ᠳᠠᠮᠵᠢᠭᠤᠯᠤᠨ᠂ ᠠᠵᠤ ᠠᠬᠤᠶᠢᠯᠠᠯ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠡᠶᠢᠲᠡ 5655 ᠬᠤᠪᠢ ᠰᠢᠢᠳᠪᠦᠷᠢᠯᠡᠪᠡ᠃ ᠭᠠᠶᠢᠯᠢ ᠰᠦᠢᠳᠬᠡᠯ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ  ᠬᠥᠩᠭᠡᠯᠡᠵᠦ ᠰᠦᠢᠳᠬᠡᠯ ᠪᠠᠭᠤᠷᠠᠭᠤᠯᠤᠭᠰᠠᠨ ᠬᠡᠮᠵᠢᠶ᠎ᠡ 6723 ᠲᠦᠮᠡᠨ ᠲᠥᠭᠦᠷᠢᠭ ᠲᠤ ᠬᠦᠷᠪᠡ᠃ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠨᠠᠷᠢᠯᠢᠭ ᠣᠨᠤᠪᠴᠢᠲᠠᠢ ᠪᠠᠷ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ 2020.76 ᠲᠦᠮᠡᠨ ᠲᠥᠭᠦᠷᠢᠭ ᠤᠨ ᠢᠲᠡᠭᠡᠮᠵᠢᠲᠦ ᠵᠢᠭᠡᠯᠡᠯᠭᠡ ᠶᠢ  ᠭᠦᠢᠴᠡᠳᠬᠡᠪᠡ᠃    ᠭᠤᠣᠯᠳᠠᠯᠭ᠎ᠠ ᠲᠠᠢ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠪᠡ᠃ ᠡᠳ᠋ ᠤᠨ ᠵᠠᠰᠠᠭ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ 194  ᠨᠢᠭᠡᠴᠡ ᠶᠢᠨ ᠲᠥᠰᠦᠪ ᠪᠠ ᠲᠥᠰᠦᠪ ᠤᠨ ᠭᠦᠢᠴᠡᠳᠬᠡᠯ ᠢ ᠨᠡᠶᠢᠳᠡᠮ ᠨᠡᠶᠢᠲᠡᠯᠡᠪᠡ᠃ ᠲᠥᠷᠥᠯ  ᠵᠦᠢᠯ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢᠨ ᠬᠡᠪᠴᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠵᠦ᠂ 1788 ᠲᠥᠷᠥᠯ  ᠵᠦᠢᠯ ᠤᠨ ᠠᠮᠵᠢᠯᠲᠠ ᠪᠦᠲᠦᠮᠵᠢ ᠶᠢ ᠥᠪᠡᠰᠦᠪᠡᠨ ᠦᠨᠡᠯᠡᠬᠦ ᠶᠢ ᠪᠡᠶᠡᠯᠡᠭᠦᠯᠵᠦ᠂ ᠬᠤᠯᠪᠣᠭᠳᠠᠭᠰᠠᠨ ᠵᠣᠭᠤᠰ ᠤᠨ ᠲᠤᠭ᠎ᠠ ᠨᠢ 25 ᠳ᠋ᠦᠩᠰᠢᠭᠤᠷ ᠲᠥᠭᠦᠷᠢᠭ ᠲᠤ ᠬᠥᠷᠪᠡ᠃ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠪᠦᠯᠦᠭᠯᠡᠯ ᠤᠨ ᠬᠢᠨ ᠲᠤᠬᠠᠶᠢᠯᠠᠭᠰᠠᠨ ᠠᠵᠢᠯ ᠤᠨ ᠵᠠᠭᠠᠭ ᠬᠢᠵᠠᠭᠠᠷ ᠢᠶᠠᠨ ᠳᠠᠰᠤᠷᠠᠯᠳᠠ ᠦᠬᠡᠢ ᠥᠷᠭᠡᠳᠬᠡᠵᠦ᠂ ᠵᠣᠬᠢᠶᠠᠨ ᠪᠠᠶᠢᠭᠤᠯᠵᠤ ᠬᠤᠪᠢᠶᠠᠷᠢᠯᠠᠨ ᠰᠢᠯᠵᠢᠭᠦᠯᠦᠭᠰᠡᠨ 10 ᠬᠤᠪᠢᠶᠠᠷᠢ ᠺᠣᠮᠫᠠᠨᠢ ᠶᠢ ᠪᠦᠬᠦᠨ ᠢ ᠪᠣᠳᠠᠲᠠᠢ ᠪᠠᠷ ᠠᠵᠢᠯᠯᠠᠭᠤᠯᠪᠠ᠃ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ 4 ᠰᠢᠶᠠᠩ ᠪᠠᠯᠭᠠᠰᠤ ︽ᠭᠤᠷᠪᠠ ᠶᠢ ᠨᠢᠭᠡ ᠴᠤᠭᠴᠠᠵᠢᠭᠤᠯᠬᠤ︾ ④ ᠰᠢᠯᠭᠠᠨ ᠠᠪᠬᠤ ᠶᠢ ᠥᠩᠭᠡᠷᠡᠭᠡᠵᠦ᠂ ᠮᠣᠳᠤᠨ ᠠᠶᠢᠯ ᠰᠢᠶᠠᠩ ᠨᠢ ᠪᠥᠬᠦ ᠬᠤᠲᠠ ᠶᠢᠨ ᠠᠩᠬᠠᠳᠠᠭᠴᠢ ᠶᠡᠷᠦᠩᠬᠡᠶᠢᠯᠡᠭᠰᠡᠨ ᠰᠢᠯᠭᠠᠨ ᠠᠪᠤᠯᠲᠠ ᠶᠢ ᠥᠩᠭᠡᠷᠡᠭᠡᠭᠰᠡᠨ ︽ᠭᠤᠷᠪᠠ ᠶᠢ ᠨᠢᠭᠡ ᠴᠤᠭᠴᠠᠵᠢᠭᠤᠯᠬᠤ︾ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠤᠭᠰᠠᠨ ᠪᠠᠶᠢᠨ᠎ᠠ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠴᠠ ᠲᠦᠷᠭᠡᠳᠪᠡ᠃ ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ ᠢᠳᠡᠪᠬᠢᠲᠡᠶ ᠪᠠᠷ ᠪᠤᠶᠢᠵᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ 5 ᠳᠤᠮᠳᠠ ᠵᠢᠵᠢᠭ ᠠᠵᠤ ᠠᠬᠤᠶᠢᠯᠠᠯ᠂ 5 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠰᠢᠨ᠎ᠡ ᠪᠠᠷ ᠮᠠᠭᠠᠳᠯᠠᠨ ᠲᠣᠭᠲᠠᠭᠠᠪᠠ᠃ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠤᠯᠤᠰ ᠤᠨ ᠲᠠᠰ ᠤᠨ ᠲᠠᠪᠴᠠᠩ ᠤᠨ ᠠᠴᠢᠶᠠᠯᠠᠪᠤᠷᠢ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠲᠠᠪᠴᠠᠩ ᠤᠨ ᠠᠴᠢᠶᠠᠯᠠᠪᠤᠷᠢ 6᠂ ᠬᠤᠲᠠ ᠶᠢᠨ ᠲᠠᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ 1 ᠶᠢ ᠪᠣᠶ ᠪᠣᠯᠭᠠᠪᠠ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠳᠡᠮᠵᠢᠨ ᠵᠣᠷᠢᠭᠵᠢᠭᠤᠯᠵᠤ᠂ 3 ᠲᠥᠷᠥᠯ  ᠵᠦᠢᠯ ᠨᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠯᠥᠪᠯᠡᠭᠡ ᠶᠢᠨ ᠪᠠᠯᠠ ᠮᠥᠩᠭᠦ ᠶᠢᠨ ᠳᠡᠮᠵᠢᠯᠭᠡ ᠶᠢ ᠤᠶᠤᠨᠴᠢᠯᠠᠬᠰᠠᠨ ᠴᠢᠳᠠᠪᠤᠷᠢ ᠣᠯᠭᠤᠬᠤ ᠶᠢ ᠲᠤᠪᠤᠶᠢᠯᠭᠠᠵᠦ᠂ 10 ᠠᠵᠤ ᠠᠬᠤᠶᠢᠯᠠᠯ ᠤᠨ ᠠᠮᠤᠷ ᠲᠦᠪᠰᠢᠨ ᠳᠤ ᠬᠦᠴᠦᠨ ᠨᠡᠮᠡᠷᠢᠯᠡᠪᠡ ⑤᠃    ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠤᠳᠠ ᠬᠥᠳᠡᠭᠡ ᠶᠢᠨ ᠬᠥᠭᠵᠢᠯᠲᠡ ᠶᠢ ᠨᠡᠩ ᠵᠣᠬᠢᠴᠠᠩᠭᠤᠢ ᠪᠣᠯᠭᠠᠪᠠ    ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠤᠨᠢᠨ ᠳᠡᠭᠡᠷ᠎ᠡ ᠨᠢ ᠪᠦᠬᠦ ᠲᠠᠯ᠎ᠠ ᠪᠠᠷ ᠪᠠᠬᠢᠵᠢᠭᠦᠯᠪᠡ  ᠃  ᠬᠥᠳᠡᠯᠦᠩᠭᠦᠶ ᠪᠠᠷ ᠢᠯᠭᠠᠨ ᠲᠠᠨᠢᠬᠤ ᠠᠵᠢᠯ ᠢ 4 ᠤᠳᠠᠭ᠎ᠠ ᠥᠷᠨᠢᠭᠦᠯᠵᠦ᠂ 10.47 ᠲᠦᠮᠡᠨ  ᠮᠠᠯᠵᠢᠬᠤ ᠲᠠᠷᠢᠶᠠᠯᠠᠬᠤ ᠡᠷᠦᠬᠡ ᠶᠢ ᠵᠢᠭᠰᠠᠭᠠᠨ ᠪᠠᠶᠢᠴᠠᠭᠠᠵᠤ᠂ 785 ᠬᠥᠮᠦᠨ ᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠪᠠ᠃ ᠬᠥᠮᠦᠨ ᠡᠷᠦᠬᠡ ᠶᠢᠨ ᠪᠠᠶᠢᠳᠠᠯ ᠳᠤᠨᠢ ᠲᠣᠬᠢᠷᠠᠭᠤᠯᠤᠨ ᠨᠠᠷᠢᠯᠢᠭ  ᠣᠨᠤᠪᠴᠢᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠡᠷᠦᠬᠡ ᠳᠤ ᠬᠦᠷᠦᠭᠦᠯᠦᠭᠰᠡᠨ ᠠᠵᠤ ᠦᠢᠯᠡᠰ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ᠂ ᠬᠤᠷ᠎ᠠ ᠰᠢᠭᠦᠳᠡᠷᠢ ᠶᠢᠨ ᠲᠥᠯᠥᠪᠯᠡᠭᠡ ᠵᠡᠷᠭᠡ 9 ᠲᠥᠷᠥᠯ ᠤᠨ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠪᠠ︔ 5406 ᠲᠦᠮᠡᠨ ᠲᠥᠭᠦᠷᠢᠭ ᠤᠨ ᠪᠠᠭ᠎ᠠ ᠲᠣᠭᠠᠨ ᠤ ᠵᠢᠭᠡᠯᠡᠯᠭᠡ ᠲᠠᠯᠪᠢᠵᠤ᠂ 361.2 ᠲᠦᠮᠡᠨ ᠲᠥᠭᠦᠷᠢᠭ ᠤᠨ ᠳᠠᠮ ᠬᠦᠦ  ᠮᠥᠩᠬᠦ ᠲᠠᠷᠬᠠᠭᠠᠪᠠ᠃ ᠲᠡᠰ ᠳᠠᠷᠠᠭᠠᠯᠠᠯ ᠢ ᠴᠢᠩᠭ᠎ᠠ ᠵᠢᠷᠤᠮᠯᠠᠨ ᠠᠶᠤᠯ ᠲᠦᠭᠰᠢᠭᠦᠷᠢ ᠶᠢ ᠬᠢᠨᠠᠨ ᠬᠡᠮᠵᠢᠬᠦ 308 ᠡᠷᠤᠬᠡ 620 ᠬᠥᠮᠦᠨ ᠢ ᠠᠷᠢᠯᠭᠠᠪᠠ᠃ 1.53 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠳᠠᠷᠢᠵᠤ ᠲᠡᠵᠢᠭᠡᠨ ᠦᠷᠡᠵᠢᠭᠦᠯᠬᠦ ᠲᠣᠭᠤᠷᠢᠭ ᠢ 37 ᠪᠠᠶᠢᠭᠤᠯᠵᠤ᠂ 52 ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠪᠡ᠃ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠪᠣᠯᠤᠨ ᠪᠡᠭᠡᠵᠢᠩ ᠥᠪᠥᠷ ᠮᠣᠩᠭᠤᠯ  ᠤᠨ ᠬᠠᠮᠵᠢᠯᠴᠠᠭ᠎ᠠ ᠪᠠᠯᠠ ᠣᠷᠣᠭᠤᠯᠵᠤ᠂ 4.246 ᠳ᠋ᠦᠩᠰᠢᠭᠤᠷ ᠲᠥᠭᠦᠷᠢᠭ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢ ᠣᠷᠣᠭᠤᠯᠤᠨ ᠠᠪᠴᠢᠷᠠᠵᠤ᠂ 40 ᠲᠥᠷᠥᠯ ᠵᠦᠢᠯ ᠢ ᠨᠠᠶᠢᠳᠠᠪᠤᠷᠢᠵᠢᠭᠤᠯᠪᠠ᠃ ᠲᠥᠷᠥᠯ ᠵᠦᠢᠯ ᠤᠨ ᠡᠳ᠋ ᠬᠥᠷᠥᠩᠭᠡ ᠶᠢ ᠢᠯᠭᠠᠷᠠᠭᠤᠯᠤᠨ ᠪᠤᠳᠤᠵᠤ ᠬᠠᠷᠭᠤᠭᠤᠯᠤᠨ ᠪᠠᠶᠢᠴᠠᠭᠠᠬᠤ ᠶᠢ ᠪᠡᠶᠡᠯᠡᠭᠦᠯᠵᠦ᠂ 2.8 ᠲᠦᠮᠡᠨ ᠲᠥᠷᠥᠯ  ᠵᠦᠢᠯ ᠤᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠠᠩᠰᠠᠨ ᠳᠤ ᠪᠠᠶᠢᠭ᠎ᠠ ᠬᠠᠮᠢᠶᠠᠷᠤᠯᠲᠠ ᠶᠢᠨ ᠡᠳ᠋ ᠬᠥᠷᠥᠩᠭᠡ 27.6 ᠳ᠋ᠦᠩᠰᠢᠭᠤᠷ ᠲᠥᠭᠦᠷᠢᠭ  ᠢ ᠪᠡᠶᠡᠯᠡᠭᠦᠯᠪᠡ᠃    ᠰᠠᠭᠤᠷᠢ ᠠᠴᠢᠶᠠᠯᠠᠪᠤᠷᠢ ᠶᠢᠨ ᠴᠢᠨᠠᠷ ᠴᠢᠨᠰᠠᠭ᠎ᠠ ᠲᠠᠰᠤᠷᠠᠯᠲᠠ ᠥᠬᠡᠶ ᠳᠡᠭᠡᠭᠰᠢᠯᠡᠪᠡ᠃ 5 ᠰᠠᠭᠤᠷᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠦᠷᠭᠡ ᠶᠢ ᠰᠢᠨ᠎ᠡ ᠪᠠᠷ ᠪᠠᠶᠢᠭᠤᠯᠵᠤ᠂ 29.1 ᠺᠢᠯᠣᠮᠧᠲᠷ ᠪᠠᠶᠢᠭᠠᠯᠢ ᠶᠢᠨ ᠲᠣᠰᠬᠤᠨ ᠤ ᠬᠠᠲᠠᠭᠤᠷᠠᠭᠤᠯᠤᠭᠰᠠᠨ ᠵᠠᠮ ᠢ ᠰᠢᠨ᠎ᠡ ᠪᠠᠷ ᠪᠠᠶᠢᠭᠤᠯᠵᠤ᠂ 65.2 ᠺᠢᠯᠣᠮᠧᠲᠷ ᠲᠡᠰ ᠤᠨ ᠵᠠᠰᠠᠮᠠᠯ ᠵᠠᠮ ᠢ ᠰᠡᠯᠪᠢᠨ ᠵᠠᠰᠠᠵᠤ᠂ ᠤᠯᠤᠰ ᠤᠨ ᠵᠠᠮ ᠤᠨ 111 ᠱᠤᠭᠤᠮ ᠤᠨ ᠳ᠋ᠠ ᠺᠧᠩ ᠽᠢ ᠬᠥᠭᠦᠷᠭᠡ᠂ ᠮᠤᠵᠢ ᠶᠢᠨ ᠵᠠᠮ ᠤᠨ 210 ᠠᠴᠠ ᠤᠯᠤᠰ ᠤᠨ ᠵᠠᠮ ᠤᠨ 305 ᠵᠠᠯᠭᠠᠯᠲᠠ ᠶᠢᠨ ᠱᠤᠭᠤᠮ ᠤᠨ ᠪᠠᠷᠢᠯᠭ᠎ᠠ ᠶᠢ ᠳᠠᠭᠤᠰᠬᠠᠵᠤ ᠲᠡᠷᠭᠡ ᠨᠡᠪᠲᠡᠷᠡᠭᠦᠯᠪᠡ᠃ 23 ᠭᠠᠵᠠᠷ ᠮᠠᠯᠵᠢᠬᠤ ᠲᠠᠷᠢᠶᠠᠯᠠᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠢ ᠬᠡᠷᠡᠭᠵᠢᠭᠦᠯᠵᠦ᠂ 2.5 ᠲᠦᠮᠡᠨ ᠬᠥᠮᠦᠨ ᠳᠤ ᠠᠰᠢᠭ ᠬᠦᠷᠲᠡᠭᠡᠪᠡ᠃  ᠮᠥᠩᠬᠡ ᠭᠤᠤᠯ ᠤᠨ ᠳᠣᠤᠷᠠᠳᠤ ᠤᠷᠤᠰᠬᠠᠯ ᠤᠨ ᠮᠣᠳᠤᠨ ᠠᠶᠢᠯ ᠤᠨ ᠬᠡᠰᠡᠭ ᠤᠨ ᠦᠶᠡᠷ ᠢ ᠰᠡᠷᠭᠡᠶᠢᠯᠡᠬᠦ᠂ ᠯᠢᠶᠣᠤᠾᠧ ᠭᠤᠤᠯ ᠤᠨ ᠰᠠᠪᠠ ᠭᠠᠵᠠᠷ ᠢ ᠵᠠᠰᠠᠬᠤ ᠵᠡᠷᠭᠡ ᠭᠤᠤᠯᠳᠠᠯᠭ᠎ᠠ ᠲᠠᠢ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠤᠪᠠ᠃ 251 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠲᠠᠷᠢᠶᠠᠯᠠᠬᠤ ᠮᠠᠯᠵᠢᠬᠤ ᠣᠷᠣᠨ ᠤ 122 ᠡᠷᠦᠬᠡ ᠶᠢᠨ ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠪᠠ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂  ᠬᠤᠭ ᠨᠣᠪᠰᠢ ᠪᠤᠯᠠᠬᠤ 6 ᠲᠠᠯᠠᠪᠤᠷ ᠢ ᠥᠭᠡᠷᠡᠴᠢᠯᠡᠨ ᠰᠠᠶᠢᠵᠢᠷᠠᠭᠤᠯᠵᠤ᠂  ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ  ᠴᠡᠭ ᠢ 90 ᠪᠣᠯᠭᠠᠨ ᠳᠡᠭᠡᠭᠰᠢᠯᠡᠭᠦᠯᠵᠦ᠂ 1519 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠪᠠ᠃ 70 ᠬᠥᠳᠡᠭᠡ ᠲᠣᠰᠬᠤᠨ ᠤ ᠴᠠᠬᠢᠯᠭᠠᠨ ᠲᠣᠣᠷᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠴᠠᠬᠢᠯᠭᠠᠨ ᠬᠠᠩᠭᠠᠯᠭ᠎ᠠ ᠶᠢᠨ ᠨᠠᠶᠢᠳᠠᠪᠤᠷᠢᠲᠤ ᠨᠤᠷᠮ᠎ᠠ 99.7% ᠳᠤ ᠬᠦᠷᠪᠡ᠃ 5G ᠶᠢᠨ ᠰᠠᠭᠤᠷᠢ ᠥᠷᠲᠡᠭᠡ ᠶᠢ 497 ᠨᠡᠬᠡᠭᠡᠵᠦ᠂  ᠳᠣᠬᠢᠶᠠᠨ ᠤ ᠪᠦᠷᠬᠦᠴᠡ ᠨᠢ 90% ᠶᠢᠨ ᠵᠠᠰᠠᠭ ᠵᠠᠬᠢᠷᠭᠠᠨ ᠤ ᠲᠣᠰᠬᠤᠨ ᠳᠤ  ᠬᠦᠷᠪᠡ᠃    ᠬᠤᠳᠠ ᠲᠣᠭᠤᠷᠢᠭ ᠤᠨ ᠴᠢᠨᠠᠷ ᠴᠢᠨᠰᠠᠭ᠎ᠠ ᠳᠦᠷᠰᠦ ᠪᠠᠶᠢᠳᠠᠯ ᠦᠷᠭᠦᠯᠵᠢᠯᠡᠨ ᠰᠠᠶᠢᠵᠢᠷᠠᠪᠠ᠃ 10.96ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢ ᠰᠢᠨ᠎ᠡ ᠪᠠᠷ ᠨᠡᠭᠡᠭᠡᠨ ᠬᠥᠭᠵᠢᠭᠦᠯᠵᠦ᠂ ᠭᠤᠸᠠᠩ ᠶᠤᠸᠠᠨ ᠰᠢᠩ ᠹᠦ᠋ ᠯᠢ᠂ ᠢᠦᠢ ᠯᠦᠩ ᠱᠦᠢ ᠠᠨ ᠤ ᠬᠤᠶᠠᠳᠤᠭᠠᠷ ᠬᠤᠭᠤᠴᠠᠭ᠎ᠠ᠂ ᠯᠦᠩ ᠰᠢᠩ ᠰᠢᠤᠸᠠᠢ ᠹᠦ᠋ ᠵᠡᠷᠭᠡ 5 ᠣᠷᠣᠨ ᠰᠠᠭᠤᠴᠠ ᠶᠢᠨ ᠵᠦᠢᠯᠡᠰ ᠢ ᠪᠠᠷᠢᠵᠤ ᠳᠠᠭᠤᠰᠬᠠᠭᠠᠳ ᠲᠤᠰᠢᠶᠠᠨ ᠥᠭᠪᠡ᠃ 4100 ᠲᠡᠭᠰᠢ ᠳᠥᠷᠪᠡᠯᠵᠢᠨ ᠮᠧᠲᠷ ᠤᠨ ᠪᠠᠷᠤᠭᠰᠢᠨ ᠵᠠᠮ ᠤᠨ ᠭᠠᠳᠠᠷᠭᠤ ᠶᠢ ᠰᠡᠯᠪᠢᠨ ᠵᠠᠰᠠᠵᠤ᠂ 2 ᠲᠦᠮᠡᠨ ᠲᠡᠭᠰᠢ ᠳᠥᠷᠪᠡᠯᠵᠢᠨ ᠮᠧᠲᠷ ᠤᠨ ᠶᠠᠪᠠᠭᠠᠨ ᠬᠥᠮᠦᠨ ᠤ ᠵᠠᠮ ᠢ ᠥᠭᠡᠷᠡᠴᠢᠯᠡᠨ ᠳᠡᠭᠡᠭᠰᠢᠯᠡᠭᠦᠯᠪᠡ᠃ ᠾᠦᠢ ᠽᠧ ᠵᠠᠮ᠂ ᠴᠢᠩ ᠴᠢᠤᠸᠠᠨ ᠵᠠᠮ ᠤᠨ ᠪᠠᠷᠠᠭᠤᠨ ᠬᠡᠰᠡᠭ ᠢ ᠪᠠᠶᠢᠭᠤᠯᠵᠤ ᠳᠠᠭᠤᠰᠬᠠᠭᠠᠳ ᠲᠡᠷᠭᠡ ᠨᠡᠪᠲᠡᠷᠡᠪᠡ᠃ 17 ᠡᠷᠦᠬᠡ ᠶᠢᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ ᠶᠢ ᠪᠡᠶᠡᠯᠡᠭᠦᠯᠵᠦ᠂ 3.74 ᠺᠢᠯᠣᠮᠧᠲᠷ ᠰᠢᠲᠠᠮᠠᠬᠠᠶ ᠬᠡᠶ ᠶᠢᠨ ᠬᠤᠭᠤᠯᠠᠶ ᠶᠢᠨ  ᠲᠣᠣᠷᠵᠢᠯ ᠤᠨ ᠥᠭᠡᠷᠡᠴᠢᠯᠡᠯᠲᠡ ᠶᠢ ᠪᠡᠶᠡᠯᠡᠭᠦᠯᠵᠦ᠂ 36.23 ᠺᠢᠯᠣᠮᠧᠲᠷ ᠢᠯᠴᠢ ᠬᠠᠩᠭᠠᠬᠤ ᠬᠤᠭᠤᠯᠠᠶ ᠶᠢᠨ ᠲᠣᠣᠷᠵᠢᠯ ᠤᠨ ᠥᠭᠡᠷᠡᠴᠢᠯᠡᠯᠲᠡ ᠶᠢ ᠪᠡᠶᠡᠯᠡᠭᠦᠯᠪᠡ᠃ ᠰᠢᠨ ᠾᠦᠢ ᠪᠠᠯᠭᠠᠰᠤᠨ ᠤ ᠠᠮᠢᠳᠤᠷᠠᠯ ᠤᠨ ᠬᠤᠭ ᠨᠣᠪᠰᠢ ᠳᠠᠮᠵᠢᠭᠤᠯᠬᠤ ᠥᠷᠲᠡᠭᠡ ᠶᠢ ᠠᠰᠢᠭᠯᠠᠯᠲᠠ ᠳᠤ ᠣᠷᠣᠭᠤᠯᠵᠤ᠂ ᠬᠤᠭ ᠨᠣᠪᠰᠢ ᠰᠢᠲᠠᠭᠠᠬᠤ ᠢᠯᠴᠢ ᠶᠢᠨ ᠴᠠᠬᠢᠯᠭᠠᠨ ᠤ ᠲᠥᠷᠥᠯ  ᠵᠦᠢᠯ ᠢ ᠠᠰᠢᠭᠯᠠᠯᠲᠠ ᠳᠤ ᠣᠷᠣᠭᠤᠯᠪᠠ᠃    ︵ᠲᠦᠷᠪᠡ︶ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠰᠠᠬᠢᠨ ᠬᠠᠮᠠᠭᠠᠯᠠᠵᠤ᠂ ᠪᠣᠬᠢᠷᠲᠤᠯ ᠦᠭᠡᠢ  ᠰᠠᠭᠤᠷᠢ ᠨᠡᠩ ᠭᠦᠨ ᠵᠤᠵᠠᠭᠠᠨ ᠪᠣᠯᠪᠠ    ᠠᠮᠢ ᠠᠬᠤᠶ ᠶᠢᠨ ᠰᠡᠷᠭᠦᠭᠡᠯᠲᠡ ᠶᠢ ᠢᠮᠠᠭᠲᠠ ᠰᠤᠯᠠᠷᠠᠭᠤᠯᠤᠯ ᠦᠭᠡᠢ ᠠᠳᠬᠤᠪᠠ᠃ ᠬᠤᠷᠴᠢᠨ ᠤ  ᠡᠯᠡᠰᠦ ᠶᠢ ᠲᠤᠶᠢᠯᠪᠤᠷᠢᠲᠠᠢ ᠵᠠᠰᠠᠬᠤ ᠳᠠᠶᠢᠯᠠᠯᠳᠤᠭᠠᠨ ᠢ ᠡᠬᠢᠯᠡᠭᠦᠯᠵᠦ᠂ 800 ᠮᠥ ᠡᠯᠡᠰᠦ ᠶᠢ ᠲᠣᠭᠲᠠᠪᠤᠷᠢᠵᠢᠭᠤᠯᠵᠤ᠂ 1.6 ᠲᠦᠮᠡ ᠭᠠᠷᠤᠶ ᠰᠠᠭᠤᠷᠢ ᠵᠤᠯᠵᠠᠭ᠎ᠠ ᠮᠣᠳᠣ ᠶᠢ ᠵᠠᠶᠢᠯᠠᠪᠠ᠃ 10.94 ᠲᠦᠮᠡᠨ ᠮᠥ ᠶᠢᠨ ᠣᠶᠢᠵᠢᠭᠤᠯᠤᠯᠲᠠ ᠶᠢ ᠪᠡᠶᠡᠯᠡᠭᠦᠯᠵᠦ᠂ 10 ᠲᠦᠮᠡᠨ ᠮᠥ  ᠬᠥᠮᠦᠨ ᠤ ᠬᠦᠴᠦ ᠪᠠᠷ ᠡᠪᠡᠰᠦ ᠳᠠᠷᠢᠵᠤ᠂ ᠭᠤᠤᠯᠳᠠᠯᠭ᠎ᠠ ᠲᠠᠢ ᠵᠢᠱᠢᠶ᠎ᠡ ᠦᠵᠡᠭᠦᠯᠬᠦ 12 ᠲᠣᠰᠬᠤᠨ ᠢ ᠨᠣᠭᠤᠭᠠᠷᠠᠭᠤᠯᠵᠤ᠂ 34 ᠮᠠᠭᠤᠳᠠᠭᠰᠠᠨ ᠣᠶ ᠰᠢᠭᠤᠶ ᠶᠢᠨ ᠬᠡᠰᠡᠭᠯᠡᠯ ᠤᠨ ᠥᠭᠡᠷᠡᠴᠢᠯᠡᠯᠲᠡ ᠶᠢᠨ ᠰᠣᠳᠣᠨ ᠵᠢᠱᠢᠶ᠎ᠡ ᠦᠵᠡᠭᠦᠯᠬᠦ ᠢᠨᠵᠧᠨᠧᠷᠢᠩ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠡᠷᠡᠭᠵᠢᠭᠦᠯᠪᠡ᠃ ᠤᠢ ᠰᠢᠭᠤᠶ ᠶᠢᠨ ᠳᠠᠷᠤᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠤᠢ ᠰᠢᠭᠤᠶ ᠶᠢᠨ ᠳᠠᠷᠤᠭ᠎ᠠ ᠨᠠᠷ 10403 ᠤᠳᠠᠭ᠎ᠠ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠪᠡ᠃ ᠪᠣᠬᠢᠷᠲᠤᠯ ᠥᠬᠡᠶ 2 ᠠᠭᠤᠷᠬᠠᠶ ᠶᠢ ᠪᠥᠲᠥᠭᠡᠨ ᠪᠠᠶᠢᠭᠤᠯᠵᠤ᠂ 4 ᠠᠭᠤᠷᠬᠠᠶ ᠶᠢ ᠪᠠᠬᠢᠵᠢᠭᠦᠯᠦᠨ  ᠳᠡᠭᠡᠭᠰᠢᠯᠡᠭᠦᠯᠪᠡ᠃    ᠣᠷᠴᠢᠨ ᠠᠬᠤᠶ ᠶᠢᠨ ᠬᠠᠮᠠᠭᠠᠯᠠᠯᠲᠠ ᠡᠷᠡᠰ ᠪᠠᠲᠤ ᠪᠥᠭᠡᠳ ᠬᠦᠴᠦᠲᠡᠶ ᠪᠠᠶᠢᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠡᠷᠡᠰ ᠰᠠᠶᠢᠲᠤᠷ ᠬᠢᠵᠦ᠂ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢ ᠰᠢᠪᠠᠳᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠭᠤᠣᠯᠳᠠᠯᠭ᠎ᠠ ᠲᠠᠢ ᠠᠭᠠᠷ ᠮᠠᠨᠳᠠᠯ ᠤᠨ ᠪᠣᠬᠢᠷᠲᠤᠯ ᠤᠨ ᠡᠬᠢ ᠰᠤᠷᠪᠤᠯᠵᠢ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 92.8% ᠬᠦᠷᠪᠡ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠢ ᠴᠡᠪᠡᠷᠯᠡᠬᠦ ︽ᠳᠦᠷᠪᠡᠨ ᠳᠤᠷ᠎ᠠ ᠪᠠᠷ ᠢᠶᠠᠨ  ᠪᠠᠶᠢᠬᠤ︾ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠤᠷᠤᠭᠤ ᠪᠣᠬᠢᠷᠲᠤᠯ ᠭᠠᠳᠠᠭᠰᠢᠯᠠᠭᠤᠯᠬᠤ  ᠶᠢ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠤᠰᠤᠨ ᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠪᠠ᠃    ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠪᠠᠬᠢᠵᠢᠭᠦᠯᠦᠨ  ᠳᠡᠭᠡᠭᠰᠢᠯᠡᠭᠦᠯᠪᠡ᠃ ︽ᠬᠤᠶᠠᠷ ᠥᠨᠳᠥᠷ︾ ᠤᠨ ᠲᠥᠷᠥᠯ ᠵᠦᠢᠯ⑥ ᠢ ᠴᠢᠩᠭ᠎ᠠ ᠬᠢᠵᠠᠭᠠᠷᠯᠠᠵᠤ ᠂ ᠵᠥᠩ ᠶᠤᠸᠠᠨ ᠤ ᠳᠤᠯᠠᠭᠠᠯᠠᠭ᠎ᠠ ᠬᠠᠩᠭᠠᠬᠤ᠂ ᠪᠥᠸᠧ ᠳ᠋ᠡ  ᠴᠠᠶᠢᠷ ᠤᠨ ᠢᠰᠦᠯ᠂ ᠶᠢᠨ ᠲᠤᠤ ᠺᠣᠮᠫᠠᠨᠢ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠵᠤ ᠡᠨᠧᠷᠭᠢ ᠠᠷᠪᠢᠯᠠᠬᠤ ᠥᠭᠡᠷᠡᠴᠢᠯᠡᠯᠲᠡ ᠨᠢ ᠥᠪᠡᠷᠲᠡᠭᠡᠨ ᠵᠠᠰᠠᠬᠤ ᠣᠷᠣᠨ ᠤ ᠰᠢᠯᠭᠠᠨ  ᠪᠠᠶᠢᠴᠠᠭᠠᠯᠲᠠ ᠶᠢ ᠥᠩᠭᠡᠷᠡᠭᠦᠯᠪᠡ᠃ ᠠᠤᠬᠠᠨ ᠤ ᠮᠥ ᠶᠤᠸᠠᠨ᠂ ᠸᠧᠶ ᠨᠢ ᠬᠤᠣ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ 2 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠥᠬᠡᠶ  ᠦᠢᠯᠡᠳᠪᠦᠷᠢ ᠪᠠᠷ ᠦᠨᠡᠯᠡᠭᠳᠡᠪᠡ᠃ ᠱᠠ ᠮᠥᠸᠧ ᡁᠢ ᠬᠤᠸᠠ ᠨᠢ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠬᠠᠩᠭᠠᠯᠭ᠎ᠠ ᠶᠢᠨ  ᠬᠡᠯᠬᠢᠶ᠎ᠡ  ᠪᠠᠷ ᠨᠤᠲᠠᠯᠠᠨ ᠲᠣᠭᠲᠠᠭᠠᠪᠠ᠃ ᠪᠥᠬᠦ ᠬᠤᠰᠢᠭᠤᠨ ᠤ ᠡᠰᠢ ᠰᠦᠷᠡᠯ ᠤᠨ ᠶᠡᠷᠦᠩᠬᠡᠶ ᠠᠰᠢᠭᠯᠠᠯᠲᠠ ᠶᠢᠨ ᠨᠣᠷᠮ᠎ᠠ 90.65% ᠳᠤ ᠬᠦᠷᠴᠦ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠤᠨ ᠶᠡᠷᠦᠩᠬᠡᠶ ᠠᠰᠢᠭᠯᠠᠯᠲᠠ ᠶᠢᠨ ᠨᠣᠷᠮ᠎ᠠ 85.2% ᠲᠤ ᠬᠥᠷᠪᠡ᠃     ︵ᠲᠠᠪᠤ︶ ᠣᠯᠠᠨ ᠨᠡᠶᠢᠲᠡ ᠶᠢᠨ ᠦᠢᠯᠡᠴᠢᠯᠡᠭᠡ ᠶᠢ ᠪᠥᠬᠦ ᠬᠦᠴᠦᠨ ᠢᠶᠠᠷ ᠢᠶᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠩ ᠬᠦᠴᠦᠲᠡᠶ ᠪᠣᠯᠭᠠᠪᠠ    ᠰᠠᠭᠤᠷᠢ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠪᠡ᠃ ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ 63.15% ᠬᠦᠷᠴᠦ᠂ ᠠᠳᠠᠯᠢ ᠬᠤᠭᠤᠴᠠᠭᠠᠨ ᠤ ᠬᠢ ᠠᠴᠠ 4.85% ᠨᠡᠮᠡᠭᠳᠡᠪᠡ᠃ ᠬᠤᠲᠠ ᠬᠥᠳᠡᠭᠡ ᠶᠢᠨ ᠰᠤᠷᠭᠠᠨ ᠬᠥᠮᠦᠵᠢᠯ ᠤᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠣᠰᠬᠤᠨ ᠤ ᠱᠠᠲᠤᠨ ᠤ 2 ᠰᠤᠷᠭᠠᠭᠤᠯᠢ᠂ 22 ᠵᠢᠭᠠᠨ ᠰᠤᠷᠭᠠᠯᠲᠠ ᠶᠢᠨ ᠴᠡᠭ᠂ 25 ᠬᠡᠤᠬᠡᠳ ᠤᠨ ᠴᠡᠴᠡᠷᠯᠢᠭ ᠢ ᠡᠮᠬᠢᠯᠡᠨ  ᠨᠡᠶᠢᠯᠡᠭᠦᠯᠪᠡ᠃ ︽ᠬᠤᠶᠠᠷ ᠢ ᠪᠠᠭᠠᠰᠬᠠᠬᠤ︾ ⑦ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠤᠷᠭᠠᠭᠤᠯᠢ ᠶᠢᠨ ᠬᠢᠴᠢᠶᠡᠯ ᠤᠨ ᠳᠠᠷᠠᠭᠠᠬᠢ  ᠦᠢᠯᠡᠴᠢᠯᠡᠭᠡ ᠶᠢ ᠪᠦᠷᠢᠨ ᠪᠦᠷᠬᠦᠭᠦᠯᠬᠦ ᠶᠢ  ᠪᠡᠶᠡᠯᠡᠭᠦᠯᠪᠡ᠃ ᠰᠢᠨ  ᠾᠦᠢ ᠬᠤᠶᠠᠳᠤᠭᠠᠷ ᠳᠤᠮᠳᠠᠳᠤ ᠰᠤᠷᠭᠠᠭᠤᠯᠢ  ᠶᠢ ᠰᠤᠷᠭᠠᠨ ᠬᠥᠮᠦᠵᠢᠯ ᠤᠨ ᠶᠠᠮᠤᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠤᠯᠤᠰ ᠲᠥᠷᠥ ᠶᠢᠨ ᠠᠵᠢᠯ ᠤᠨ ᠬᠡᠯᠲᠡᠰ ᠠᠴᠠ ᠳᠤᠮᠳᠠᠳᠤ ᠪᠠᠭ᠎ᠠ ᠰᠤᠷᠭᠠᠭᠤᠯᠢ ᠶᠢᠨ ᠤᠯᠤᠰ ᠤᠨ ᠪᠠᠲᠤᠯᠠᠨ  ᠬᠠᠮᠠᠭᠠᠯᠠᠯᠲᠠ  ᠶᠢᠨ  ᠰᠤᠷᠭᠠᠨ ᠬᠦᠮᠦᠵᠢᠯ ᠤᠨ ᠵᠢᠱᠢᠶ᠎ᠡ ᠦᠵᠡᠭᠦᠯᠬᠦ ᠰᠤᠷᠭᠠᠭᠤᠯᠢ ᠪᠠᠷ ᠨᠡᠷᠡᠶᠢᠳᠪᠡ᠃ ᠰᠢᠨ ᠾᠦᠢ ᠳᠣᠯᠣᠳᠤᠭᠠᠷ ᠬᠡᠦᠬᠡᠳ ᠤᠨ ᠴᠡᠴᠡᠷᠯᠢᠭ ᠵᠡᠷᠭᠡ 10 ᠵᠦᠢᠯᠡᠰ ᠢ ᠠᠰᠢᠭᠯᠠᠯᠲᠠ ᠳᠤ ᠣᠷᠣᠭᠤᠯᠵᠤ᠂ ᠰᠤᠷᠭᠠᠭᠤᠯᠢ ᠡᠷᠬᠢᠯᠡᠬᠦ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠪᠠ᠃    ᠡᠷᠡᠭᠦᠯ ᠡᠩᠬᠡ ᠠᠤᠬᠠᠨ ᠢ ᠦᠷᠭᠦᠯᠵᠢᠯᠡᠨ  ᠠᠬᠢᠭᠤᠯᠪᠠ᠃ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ⑧ ᠶᠢᠨ ᠪᠠᠶᠢᠭᠤᠯᠤᠯᠲᠠ ᠪᠣᠳᠠᠲᠠᠶ ᠠᠬᠢᠯᠲᠠ ᠲᠠᠢ ᠪᠣᠯᠵᠣ᠂ ᠬᠤᠰᠢᠭᠤᠨ ᠤ ᠡᠮᠨᠡᠯᠭᠡ ᠶᠢᠨ ᠬᠤᠷᠢᠶ᠎ᠠ᠂ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠶᠢ ᠡᠮᠴᠢᠯᠡᠭᠡᠨ ᠤ ᠬᠠᠮᠲᠤ ᠶᠢᠨ ᠴᠣᠭᠴᠠ ᠶᠢᠨ ᠳᠠᠭᠠᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠭᠠᠵᠤ ᠫᠠᠶᠢᠰᠠ ᠡᠯᠭᠦᠨ  ᠠᠵᠢᠯᠯᠠᠭᠤᠯᠪᠠ᠃ ︽ᠭᠡᠷᠡᠯ ᠭᠡᠭᠡ ᠢᠨᠵᠧᠨᠧᠷᠢᠩ ᠤᠨ ᠨᠢᠳᠦᠨ ᠰᠠᠯᠠᠭᠠᠨ ᠤ ᠲᠥᠪ︾ ᠫᠠᠶᠢᠰᠠ ᠰᠡᠬᠦᠵᠦ᠂ ᠪᠡᠭᠡᠵᠢᠩ ᠥᠪᠥᠷ ᠮᠣᠩᠭᠤᠯ ᠤᠨ ᠡᠮ ᠡᠮᠨᠡᠯᠭᠡ ᠶᠢᠨ ᠬᠠᠮᠵᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠡᠮ ᠡᠮᠨᠡᠯᠭᠡ ᠶᠢᠨ  ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ ᠬᠤᠰᠢᠭᠤᠨ ᠤ ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠨ ᠤ ᠲᠣᠭᠤᠷᠢᠭ᠂ ᠹᠧᠩ ᠱᠸᠦ ᠰᠢᠶᠠᠩ ᠤᠨ  ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠶᠡᠷᠦᠩᠬᠡᠶᠢᠯᠡᠭᠰᠡᠨ ᠠᠰᠠᠷ᠂  ᠨᠠᠨ ᠲᠠ ᠽᠢ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠪᠡᠳᠴᠢᠲᠡᠨ ᠤ ᠥᠷᠥᠭᠡ ᠶᠢᠨ ᠠᠰᠠᠷ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠤᠭᠤᠯᠪᠠ᠃ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠶᠡᠷᠦᠩᠬᠡᠶᠢᠯᠡᠭᠰᠡᠨ ᠠᠰᠠᠷ᠂ ᠴᠠᠩ ᠱᠧᠩ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠪᠡᠳᠴᠢᠲᠡᠨ ᠤ ᠥᠷᠥᠭᠡᠨ ᠤ ᠶᠡᠷᠦᠩᠬᠡᠶᠢᠯᠡᠭᠰᠡᠨ ᠠᠰᠠᠷ ᠤᠨ ᠭᠤᠤᠯ ᠴᠣᠭᠴᠠ ᠶᠢ ᠪᠠᠷᠢᠵᠤ ᠳᠠᠭᠤᠰᠬᠠᠪᠠ᠃    ᠰᠣᠶᠣᠯ ᠪᠡᠶ᠎ᠡ ᠶᠢᠨ ᠲᠠᠮᠢᠷ ᠤᠨ ᠦᠢᠯᠡᠰ ᠥᠷᠨᠢᠨ ᠬᠥᠭᠵᠢᠪᠡ᠃ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ ᠲᠣᠭᠯᠠᠯᠲᠠ ᠭᠠᠷᠭᠠᠬᠤ ᠠᠵᠢᠯ ᠢ 170 ᠲᠠᠯᠠᠪᠤᠷ ᠥᠷᠨᠢᠭᠦᠯᠪᠡ᠃ ᠳᠤᠮᠳᠠᠳᠤ ᠶᠢᠨ ᠰᠢᠯᠦᠭ ᠳᠠᠭᠤᠯᠠᠯ ᠤᠨ ᠰᠢᠨᠵᠢᠯᠡᠭᠡᠨ ᠤ ᠨᠡᠶᠢᠭᠡᠮᠯᠢᠭ ᠠᠴᠠ ᠮᠠᠨ ᠤ ᠬᠤᠰᠢᠭᠤ ᠶᠢ ︽ᠳᠤᠮᠳᠠᠳᠤ ᠶᠢᠨ ᠰᠢᠯᠦᠭ ᠳᠠᠭᠤᠯᠠᠯ ᠤᠨ ᠲᠤᠭ︾ ᠢᠶᠠᠷ ᠦᠨᠡᠯᠡᠵᠡᠶ᠃ ᠠᠤᠬᠠᠨ ᠤ ᠫᠢᠩᠵᠢᠦᠶ ᠵᠦᠴᠦᠭᠡ ᠵᠡᠷᠭᠡ ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠤᠨ ᠵᠣᠬᠢᠶᠠᠨ ᠪᠦᠲᠦᠭᠡᠯᠭᠡ ᠶᠢᠨ ᠤᠯᠠᠮᠵᠢᠯᠠᠯ ᠤᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ︽ᠴᠡᠴᠡᠭ ᠢᠶᠠᠷ ᠵᠠᠭᠤᠴᠢ ᠪᠣᠯᠭᠠᠭᠰᠠᠨ︾ ᠵᠡᠷᠭᠡ 5 ᠤᠯᠠᠮᠵᠢᠯᠠᠯᠲᠤ ᠵᠦᠴᠦᠭᠡ᠂ 1 ᠣᠲᠣ ᠦᠶ᠎ᠡ ᠶᠢᠨ ᠫᠢᠩᠵᠢᠦᠶ ᠵᠦᠴᠦᠭᠡ ᠶᠢ ᠳᠠᠬᠢᠨ ᠲᠣᠭᠯᠠᠵᠤ᠂ ᠰᠣᠩᠭᠤᠳᠠᠭ ᠪᠦᠲᠦᠭᠡᠯ ᠢ ᠦᠶ᠎ᠡ ᠶᠢᠨ ᠦᠶ᠎ᠡ ᠳᠤ ᠤᠯᠠᠮᠵᠢᠯᠠᠪᠠ᠃ ᠯᠢᠦ ᠵᠢᠶᠠ ᠳᠦᠨ᠂ ᠰᠢ ᠳ᠋ᠡ ᠯᠢᠶᠠᠩ᠂ ᠡᠦ ᠠᠨ ᠵᠧᠦ ᠶᠢᠨ ᠬᠤᠳᠠ ᠶᠢᠨ ᠪᠠᠭᠤᠷᠢ ᠶᠢᠨ ᠬᠠᠭᠤᠴᠢ ᠰᠤᠳᠤᠯᠤᠯ ᠤᠨ ᠨᠡᠭᠡᠭᠡᠨ ᠮᠠᠯᠲᠠᠬᠤ ᠠᠵᠢᠯ ᠵᠢᠩᠬᠢᠨᠢ ᠪᠠᠷ ᠡᠬᠢᠯᠡᠵᠦ᠂ ᠡᠯ᠎ᠡ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯ ᠢ 940 ᠭᠠᠷᠤᠢ ᠶᠢ ᠮᠠᠯᠲᠠᠵᠤ ᠭᠠᠷᠭᠠᠪᠠ᠃ ᠪᠥᠬᠦ ᠠᠷᠠᠳ ᠢᠶᠠᠷ ᠢᠶᠠᠨ ᠪᠡᠶ᠎ᠡ ᠪᠠᠨ ᠴᠢᠭᠢᠷᠠᠭᠵᠢᠭᠤᠯᠵᠤ᠂ ᠪᠥᠬᠦ ᠬᠤᠰᠢᠭᠤᠨ ᠤ ᠴᠢᠨᠠᠷᠲᠠᠶ ᠣᠯᠠᠨ ᠲᠦᠮᠡᠨ ᠤ ᠪᠡᠶ᠎ᠡ ᠶᠢᠨ ᠲᠠᠮᠢᠷ ᠤᠨ ᠤᠷᠤᠯᠳᠤᠭᠠᠨ ᠤ ᠰᠢᠷᠢᠰ ᠠᠵᠢᠯᠯᠠᠭ᠎ᠠ ᠶᠢ 40 ᠤᠳᠠᠭ᠎ᠠ ᠡᠷᠭᠢᠯᠡᠪᠡ᠃    ᠪᠠᠲᠤᠯᠠᠭ᠎ᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ᠃ ᠬᠤᠳᠠ ᠬᠥᠳᠡᠭᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ 34.9 ᠲᠦᠮᠡᠨ ᠬᠥᠮᠦᠨ ᠢ ᠬᠠᠮᠤᠷᠴᠤ᠂ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠡᠭᠦᠷᠭᠡ ᠶᠢ ᠪᠡᠶᠡᠯᠡᠭᠦᠯᠦᠭᠰᠡᠨ ᠨᠤᠷᠮ᠎ᠠ 100 % ᠳᠤ ᠬᠦᠷᠴᠦ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠵᠡᠷᠭᠡ ᠭᠤᠷᠪᠠᠨ ᠳᠠᠪᠬᠤᠷ ᠡᠮ ᠡᠮᠨᠡᠯᠭᠡ ᠶᠢᠨ ᠪᠠᠲᠤᠯᠠᠭ᠎ᠠ ᠶᠢᠨ ᠵᠠᠷᠤᠯᠭ᠎ᠠ 5.4 ᠳ᠋ᠦᠩᠰᠢᠭᠤᠷ ᠲᠥᠭᠦᠷᠢᠭ ᠲᠤ ᠬᠦᠷᠴᠦ᠂ 60 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ᠨᠡᠶᠢᠭᠡᠮ ᠤᠨ ᠡᠯ᠎ᠡ ᠲᠦᠷᠦᠯ ᠤᠨ ᠠᠪᠤᠷᠠᠨ ᠲᠤᠰᠠᠯᠠᠬᠤ ᠠᠰᠠᠷᠠᠮᠵᠢ ᠶᠢᠨ ᠪᠡᠯᠡ ᠮᠥᠩᠭᠦ ᠶᠢ ᠨᠡᠶᠢᠳᠡ 2.39 ᠳ᠋ᠦᠩᠰᠢᠭᠤᠷ ᠲᠥᠭᠦᠷᠢᠭ ᠲᠠᠷᠬᠠᠭᠠᠪᠠ᠃ ᠬᠤᠳᠠ ᠪᠠᠯᠭᠠᠰᠤᠨ ᠳᠤ 1785 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 10.8 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠤ᠂ 22 ᠳ᠋ᠦᠩᠰᠢᠭᠤᠷ ᠲᠥᠭᠦᠷᠢᠭ ᠤᠨ ᠬᠥᠳᠡᠯᠮᠦᠷᠢ ᠦᠢᠯᠡᠴᠢᠯᠡᠭᠡᠨ ᠤ ᠣᠷᠣᠯᠭ᠎ᠠ ᠶᠢ ᠪᠡᠶᠡᠯᠡᠭᠦᠯᠪᠡ᠃ ᠰᠢᠨ ᠾᠦᠢ ᠬᠤᠲᠠ ᠲᠣᠭᠤᠷᠢᠭ ᠤᠨ ᠨᠠᠰᠤᠲᠠᠨ ᠢ ᠠᠰᠠᠷᠠᠬᠤ ᠬᠦᠷᠢᠶᠡᠯᠡᠩ ᠤᠨ ᠭᠤᠤᠯ ᠴᠣᠭᠴᠠ ᠶᠢᠨ ᠢᠨᠵᠧᠨᠧᠷᠢᠩ ᠤᠨ ᠠᠵᠢᠯ ᠢ ᠳᠠᠭᠤᠰᠬᠠᠪᠠ ᠃ ᠨᠠᠰᠤᠵᠢᠯᠲᠠ ᠳᠤ ᠳᠣᠭᠢᠷᠠᠬᠤ 1315 ᠡᠷᠦᠬᠡ  ᠶᠢ ᠰᠢᠨᠡᠳᠬᠡᠨ  ᠥᠭᠡᠷᠡᠴᠢᠯᠡᠬᠦ ᠶᠢ ᠬᠡᠷᠡᠭᠵᠢᠭᠦᠯᠵᠦ᠂ ᠬᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠢᠯᠡᠳᠲᠡ ᠰᠠᠶᠢᠵᠢᠷᠠᠭᠤᠯᠪᠠ᠃    ︵ᠵᠢᠷᠭᠤᠭ᠎ᠠ︶ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢ ᠨᠠᠩ ᠲᠣᠭᠲᠠᠭᠤᠨ ᠪᠣᠯᠭᠠᠪᠠ    ᠠᠮᠤᠷ ᠲᠦᠪᠰᠢᠨ ᠤ ᠪᠠᠶᠢᠭᠤᠯᠤᠯᠲᠠ ᠶᠢ ᠤᠨᠢᠨ ᠳᠡᠭᠡᠷ᠎ᠡ ᠨᠢ ᠬᠦᠴᠦᠲᠡᠢ ᠶᠠᠪᠤᠭᠳᠠᠭᠤᠯᠪᠠ᠃ ᠬᠦᠴᠦᠲᠡᠶ ᠴᠣᠬᠢᠯᠲᠠ ᠥᠭᠬᠦ ᠶᠢ ᠪᠠᠷᠢᠮᠲᠠᠯᠠᠵᠤ᠂ ︽ᠬᠤᠯᠠᠭᠠᠶᠢᠯᠠᠬᠤ ᠪᠤᠯᠢᠶᠠᠬᠤ ᠮᠡᠬᠡᠯᠡᠬᠦ︾᠂ ︽ᠱᠠᠯᠢᠭ ᠵᠠᠪᠬᠠᠶ ᠵᠦᠢᠯ᠂ ᠵᠣᠭᠤᠰ ᠨᠠᠭᠠᠳᠬᠤ᠂ ᠬᠤᠣᠷᠲᠤ ᠡᠳ᠋ ︾᠂ ︽  ᠣᠷᠴᠢᠨ ᠢᠳᠡᠭᠡᠨ ᠡᠮ︾ ᠵᠡᠷᠭᠡ ᠬᠦᠷᠢᠶᠡᠨ ᠳᠠᠬᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠥᠭᠴᠦ᠂ ᠴᠠᠬᠢᠯᠭᠠᠨ ᠬᠤᠯᠪᠣᠭ᠎ᠠ ᠪᠠᠷ ᠮᠡᠬᠡᠯᠡᠬᠦ ᠵᠡᠷᠭᠡ ᠰᠦᠯᠵᠢᠶᠡᠨ ᠤ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭ ᠡᠭᠦᠰᠦᠭᠰᠡᠨ ᠲᠤᠭ᠎ᠠ ᠪᠠ ᠬᠤᠬᠢᠷᠠᠭᠰᠠᠨ ᠵᠣᠭᠤᠰ ᠤᠨ ᠲᠤᠭ᠎ᠠ  ᠶᠢ ︽ᠬᠤᠶᠠᠷ ᠲᠠᠯ᠎ᠠ ᠪᠠᠷ ᠪᠠᠭᠤᠷᠠᠭᠤᠯᠪᠠ︾᠃ ᠬᠦᠴᠦᠷᠬᠡᠭᠯᠡᠯ ᠰᠦᠷᠳᠡᠭᠦᠯᠦᠯ ᠤᠨ ᠬᠡᠷᠡᠭ ᠤᠨ ︽ᠥᠯᠥ ᠡᠭᠦᠰᠬᠦ︾ ᠬᠤᠷᠢᠭ᠎ᠠ ᠱᠤᠭᠤᠮ ᠢ ᠪᠠᠲᠤ ᠰᠠᠬᠢᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠠᠬᠢᠭᠤᠯᠵᠤ᠂ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠠᠮᠤᠷ ᠲᠦᠪᠰᠢᠨ ᠤ ᠬᠡᠮ ᠰᠣᠭᠤᠭ ᠢ ᠶᠡᠬᠡᠪᠡᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠪᠠᠲᠤᠯᠠᠪᠠ ᠃     ᠠᠶᠤᠯᠭᠦᠶ ᠦᠢᠯᠡᠳᠪᠦᠷᠢᠯᠡᠯ ᠲᠣᠭᠲᠠᠭᠤᠨ ᠢᠶᠠᠷ ᠬᠥᠭᠵᠢᠪᠡ᠃ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠰᠢᠲᠠᠮᠠᠬᠠᠶ ᠬᠡᠢ ᠶᠢᠨ ᠠᠶᠤᠯᠭᠦᠶ᠂ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ᠵᠡᠷᠭᠡ 25 ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠵᠢᠴᠢ ᠬᠦᠨᠳᠦ ᠶᠡᠭᠡ ᠡ᠊ᠨᠳᠡᠯ ᠤᠨ ᠲᠠᠯᠳᠠ ᠭᠡᠮ ᠢ ᠲᠤᠰᠬᠠᠶ ᠵᠦᠢᠯ ᠢᠶᠠᠷ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ 2023 ᠣᠨ ᠤ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ 1866 ᠵᠦᠢᠯ ᠤᠨ ᠠᠰᠠᠭᠤᠳᠠᠯ ᠤᠨ ᠲᠠᠯᠳᠠ ᠭᠡᠮ ᠢ ᠢᠯᠡᠷᠡᠭᠦᠯᠦᠭᠰᠡᠨ ᠪᠥᠭᠡᠳ ᠴᠡᠭᠴᠡᠯᠡᠨ ᠰᠠᠶᠢᠵᠢᠷᠠᠭᠤᠯᠪᠠ᠃ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠪᠠ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ ᠦᠷᠭᠦᠯᠵᠢᠯᠡᠨ ᠲᠣᠭᠲᠠᠭᠤᠨ ᠪᠠᠶᠢᠯᠭᠠᠪᠠ᠃ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠶᠢᠨ ᠪᠠᠶᠢᠭᠤᠯᠤᠮᠵᠢ ᠶᠢᠨ ᠠᠰᠠᠭᠤᠳᠠᠯ ᠲᠠᠢ ᠡᠳ᠋ ᠬᠦᠷᠦᠩᠭᠡ ᠶᠢ ᠢᠯᠭᠠᠷᠠᠭᠤᠯᠤᠨ ᠬᠤᠷᠢᠶᠠᠵᠤ  ᠰᠢᠢᠳᠪᠦᠷᠢᠯᠡᠬᠦ ᠠᠵᠢᠯᠯᠠᠭ᠎ᠠ ᠶᠢ ᠥᠷᠨᠢᠭᠦᠯᠵᠦ᠂ ᠮᠥᠩᠭᠦᠨ ᠭᠦᠢᠯᠭᠡᠭᠡᠨ ᠤ ᠰᠢᠰᠲ᠋ᠧᠮ ᠤᠨ ᠠᠵᠢᠯᠯᠠᠭᠠᠨ ᠲᠣᠭᠲᠠᠭᠤᠨ ᠪᠣᠯᠪᠠ᠃    ᠨᠡᠶᠢᠭᠡᠮ ᠤᠨ ᠵᠠᠰᠠᠯᠲᠠ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠪᠠ᠃ ᠲᠤᠤᠷᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠶᠢ ᠦᠢᠯᠡᠳᠴᠦ ᠬᠡᠷᠡᠭᠯᠡᠬᠦ ᠶᠢ ᠪᠠᠳᠠᠷᠠᠭᠤᠯᠵᠤ᠂ 278 ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠥᠪ ᠢ ᠪᠠᠶᠢᠭᠤᠯᠪᠠ᠃ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠠᠵᠢᠯᠯᠠᠭ᠎ᠠ ᠱᠠᠲᠤ ᠦᠶ᠎ᠡ ᠶᠢᠨ ᠴᠢᠨᠠᠷᠲᠠᠶ ᠦᠷ᠎ᠡ ᠪᠦᠲᠦᠮᠵᠢ ᠣᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠬᠤᠯᠪᠣᠭᠠᠯᠠᠨ ᠰᠢᠢᠳᠪᠦᠷᠢᠯᠡᠬᠦ ᠠᠯᠪᠠᠨ ᠬᠡᠷ ᠪᠠ ᠥᠪᠡᠷᠲᠡᠭᠡᠨ ᠵᠠᠰᠠᠬᠤ ᠣᠷᠣᠨ ᠤ ︽ᠬᠦᠨᠳᠦ ᠶᠢ ᠵᠠᠰᠠᠵᠤ ᠬᠤᠷᠠᠮᠳᠤᠯ ᠢ ᠪᠠᠭᠠᠰᠬᠠᠬᠤ︾ ᠪᠠᠷ ᠲᠤᠰᠢᠶᠠᠨ  ᠰᠢᠢᠳᠪᠦᠷᠢᠯᠡᠭᠦᠯᠦᠭᠰᠡᠨ ᠵᠦᠢᠯᠡᠰ ᠢ ᠪᠦᠬᠦᠨ ᠢ ᠠᠷᠢᠯᠭᠠᠪᠠ᠃ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠴᠠᠭ ᠲᠤᠬᠠᠶ ᠳᠤᠨᠢ ᠬᠦᠯᠢᠶᠡᠨ ᠠᠪᠴᠤ ᠰᠢᠢᠳᠪᠦᠷᠢᠯᠡᠭᠰᠡᠨ ᠨᠣᠷᠮ᠎ᠠ᠂ ᠲᠣᠭᠲᠠᠭᠰᠠᠨ ᠬᠤᠭᠤᠴᠠᠭᠠᠨ ᠳᠠᠭᠠᠨ  ᠰᠢᠢᠳᠪᠦᠷᠢᠯᠡᠵᠦ ᠳᠠᠭᠤᠰᠬᠠᠭᠰᠠᠨ ᠨᠣᠷᠮ᠎ᠠ᠂ ᠠᠵᠢᠯ ᠤᠨ ᠬᠠᠨᠤᠮᠵᠢ ᠶᠢᠨ ᠨᠣᠷᠮ᠎ᠠ ᠨᠢ ᠴᠥᠮ 100% ᠳᠤ ᠬᠦᠷᠦᠭᠰᠡᠨ ᠪᠠᠶᠢᠨ᠎ᠠ᠃  ᠮᠣᠳᠤᠨ ᠠᠶᠢᠯ ᠰᠢᠶᠠᠩ ᠤᠨ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠠᠵᠢᠯ ᠤᠨ ᠠᠷᠭ᠎ᠠ ᠨᠢ ᠪᠦᠬᠦ ᠣᠷᠣᠨ ᠤ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ⑨ ᠶᠢᠨ ᠲᠡᠷᠢᠭᠦᠨ ᠤ ᠨᠡᠶᠢᠲᠡᠯᠢᠭ   ᠵᠢᠱᠢᠶ᠎ᠡ ᠪᠠᠷ ᠦᠨᠡᠯᠡᠭᠳᠡᠪᠡ᠃    ︵ᠳᠣᠯᠤᠭ᠎ᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠵᠠᠰᠠᠯᠲᠠ  ᠨᠡᠩ ᠦᠨᠳᠦᠷ ᠪᠦᠲᠦᠮᠵᠢᠲᠡᠢ ᠪᠣᠯᠪᠠ    ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ  ᠨᠠᠶᠢᠳᠠᠪᠤᠷᠢᠵᠢᠭᠤᠯᠪᠠ᠃ ᠲᠣᠭᠤᠷᠢᠨ ᠪᠠᠶᠢᠴᠠᠭᠠᠬᠤ᠂  ᠴᠠᠭᠳᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠬᠠᠷᠢᠭᠤ ᠲᠤᠰᠬᠠᠭᠰᠠᠨ ᠠᠰᠠᠭᠤᠳᠠᠯ  ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠥᠭᠡᠳ ᠪᠣᠳᠠᠲᠠᠶ ᠪᠠᠷ ᠰᠠᠶᠢᠲᠤᠷ ᠠᠳᠬᠤᠪᠠ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯ ᠰᠡᠳᠦᠪᠲᠦ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠯᠠᠪᠳᠠᠭᠤᠨ ᠪᠠᠲᠤᠲᠠᠶ ᠠᠬᠢᠭᠤᠯᠪᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠨ ᠵᠠᠷᠭᠤ ᠬᠦᠯᠢᠶᠡᠭᠰᠡᠨ ᠨᠤᠷᠮ᠎ᠠ 100% ᠳᠤ ᠬᠦᠷᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ  ᠰᠢᠢᠳᠪᠦᠷᠢ ᠲᠣᠭᠲᠠᠭᠠᠯ ᠢ ᠬᠢᠨᠠᠮᠠᠭᠠᠶ ᠬᠡᠷᠡᠭᠵᠢᠭᠦᠯᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ 89 ᠬᠤᠪᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ 128 ᠬᠤᠪᠢ ᠤᠯᠤᠰ ᠲᠥᠷᠥ ᠶᠢᠨ ᠵᠦᠪᠯᠡᠯᠭᠡᠨ ᠤ ᠳᠤᠷᠠᠳᠤᠯᠭ᠎ᠠ ᠶᠢ ᠬᠠᠷᠢᠭᠤᠯᠲᠠ ᠦᠭᠭᠦᠭᠰᠡᠨ ᠨᠣᠷᠮ᠎ᠠ ᠨᠢ ᠴᠦᠮ100% ᠳᠤ ᠬᠦᠷᠪᠡ ᠃    ᠡᠭᠦᠨ ᠠᠴᠠ ᠭᠠᠳᠠᠨ᠎ᠠ᠂ ᠪᠥᠬᠦ ᠬᠤᠰᠢᠭᠤᠨ ᠤ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ ᠨᠠᠰᠤᠨ ᠳᠤ ᠥᠯᠥ ᠭᠦᠷᠦᠭᠰᠡᠳ ᠤᠨ ᠬᠠᠮᠠᠭᠠᠯᠠᠯᠲᠠ᠂ ᠤᠯᠠᠭᠠᠨ ᠵᠠᠭᠠᠯᠮᠠᠶᠢᠲᠠᠨ᠂ ᠡᠪ ᠬᠠᠮᠲᠤ ᠵᠠᠯᠠᠭᠤᠴᠤᠳ ᠤᠨ ᠡᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠠᠵᠢᠯᠴᠢᠨ ᠤ ᠡᠪᠯᠡᠯ᠂ ᠡᠮᠡᠭᠲᠡᠶᠢᠴᠦᠳ ᠬᠡᠤᠬᠡᠳ᠂ ᠵᠡᠮᠳᠡᠭᠴᠦᠳ᠂ ᠨᠠᠰᠤᠲᠠᠶᠢᠴᠤᠳ᠂ ᠨᠢᠭᠦᠯᠡᠰᠦᠩᠭᠦᠶ  ᠦᠢᠯᠡᠰ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠵᠡᠷᠭᠡ ᠦᠢᠯᠡᠰ ᠰᠢᠨ᠎ᠡ ᠳᠠᠪᠰᠢᠯᠲᠠ ᠶᠢ ᠪᠡᠶᠡᠯᠡᠭᠦᠯᠵᠦ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠵᠡᠷᠭᠡ ᠠᠵᠢᠯ ᠰᠢᠨ᠎ᠡ ᠪᠠᠷ ᠴᠢᠩᠭᠠᠷᠠᠵᠤ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠲᠠᠩᠰᠠ ᠡᠪᠬᠡᠮᠡᠯ ᠲᠡᠤᠬᠡ ᠣᠶᠢᠯᠠᠯᠭ᠎ᠠ᠂ ᠴᠠᠭ ᠠᠭᠤᠷ ᠵᠡᠷᠭᠡ ᠠᠵᠢᠯ ᠰᠢᠨ᠎ᠡ ᠠᠬᠢᠴᠠ ᠲᠠᠢ ᠪᠣᠯᠪᠠ᠃    ᠲᠥᠯᠥᠭᠡᠯᠡᠭᠴᠢᠳ ᠡ᠂ ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠪᠡᠷᠬᠡ ᠶᠢ ᠮᠡᠳᠡᠬᠦ ᠦᠭᠡᠢ᠂ ᠪᠦᠲᠦᠭᠡᠬᠦ ᠳᠤ ᠬᠢᠯᠪᠡᠷ ᠪᠣᠯᠪᠠᠴᠤ ᠬᠦᠴᠢᠷ ᠪᠡᠷᠬᠡᠰᠢᠶᠡᠯ ᠲᠠᠢ ᠪᠠᠶᠢᠳᠠᠭ᠃ ᠡᠲᠡᠭᠡᠷ ᠠᠮᠵᠢᠯᠲᠠ ᠪᠦᠲᠦᠮᠵᠢ ᠳᠤ ᠪᠥᠬᠦ ᠬᠤᠰᠢᠭᠤᠨ ᠤ ᠥᠷᠭᠡᠨ ᠣᠯᠠᠨ ᠺᠠᠳ᠋ᠷᠴᠤᠳ ᠤᠨ ᠬᠦᠴᠦ ᠬᠥᠳᠡᠯᠮᠦᠷᠢ ᠰᠢᠩᠭᠡᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠮᠡᠷᠡᠶᠢᠨ ᠲᠡᠮᠡᠴᠡᠬᠦ ᠵᠣᠷᠢᠭ ᠰᠠᠨᠠᠭ᠎ᠠ ᠪᠣᠯᠤᠨ ᠵᠠᠩ ᠴᠢᠨᠠᠷ ᠢ ᠬᠠᠷᠠᠭᠤᠯᠵᠠᠶ᠃  ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠲᠤ᠂ ᠠᠤᠬᠠᠨ ᠤ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕    ᠠᠮᠵᠢᠯᠲᠠ ᠪᠠᠨ ᠨᠤᠲᠠᠯᠠᠬᠤ ᠶᠢᠨ ᠵᠡᠷᠭᠡ ᠳᠤ᠂ ᠠᠤᠬᠠᠨ ᠤ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ᠄ ᠠᠵᠤ ᠠᠬᠤᠶ ᠶᠢᠨ ᠰᠠᠭᠤᠷᠢ ᠪᠠᠰᠠ ᠪᠠᠲᠤ ᠪᠠᠬᠢ ᠪᠢᠰᠢ᠂ ᠠᠵᠤ ᠦᠢᠯᠡᠰ ᠤᠨ ᠪᠦᠲᠦᠴᠡ ᠵᠦᠶ ᠵᠣᠬᠢᠰ ᠥᠬᠡᠶ᠂ ᠡᠬᠢ ᠪᠠᠶᠠᠯᠢᠭ ᠤᠨ ᠳᠠᠪᠠᠭᠤᠯᠢᠭ ᠨᠢ ᠬᠥᠭᠵᠢᠯᠲᠡ ᠶᠢᠨ ᠳᠠᠪᠠᠭᠤᠯᠢᠭ ᠪᠣᠯᠵᠣ ᠬᠤᠪᠢᠷᠠᠭ᠎ᠠ ᠥᠬᠡᠶ ᠪᠠᠶᠢᠭᠰᠠᠭᠠᠷ︔ ᠪᠢᠳᠡ ᠠᠮᠵᠢᠯᠲᠠ ᠪᠠᠨ ᠨᠤᠲᠠᠯᠠᠬᠤ ᠶᠢᠨ ᠵᠡᠷᠭᠡ ᠳᠤ᠂ ᠠᠤᠬᠠᠨ ᠤ ᠬᠥᠭᠵᠢᠯᠲᠡ ᠳᠤ ᠪᠠᠰᠠ ᠴᠥᠭᠡᠨ ᠪᠤᠰᠤ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠡᠩᠴᠡᠭᠦᠷᠢ ᠶᠢᠨ ᠳᠠᠷᠤᠯᠲᠠ ᠪᠠᠭᠤᠷᠠᠬᠤ ᠦᠭᠡᠢ ᠪᠠᠶᠢᠵᠤ᠂ ᠥᠷᠢ ᠥᠭᠴᠡᠭᠡ ᠶᠢ ᠰᠡᠷᠭᠡᠶᠢᠯᠡᠨ ᠠᠷᠢᠯᠭᠠᠬᠤ ᠠᠶᠤᠯ ᠲᠦᠭᠰᠢᠭᠦᠷᠢ ᠮᠥᠨ ᠯᠡ ᠬᠦᠨᠳᠦ ᠬᠡᠴᠡᠭᠦᠦ ᠪᠠᠶᠢᠨ᠎ᠠ︔ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠮᠥᠨ ᠯᠡ ᠬᠤᠴᠣᠷᠤᠩᠭᠤᠶ ᠪᠠᠶᠢᠵᠤ᠂ ᠰᠤᠷᠭᠠᠨ ᠬᠥᠮᠦᠵᠢᠯ ᠂ ᠡᠮ ᠡᠮᠨᠡᠯᠭᠡ ᠵᠡᠷᠭᠡ ᠨᠡᠶᠢᠭᠡᠮ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠴᠥᠭᠡᠨ ᠪᠤᠰᠤ ᠳᠤᠲᠠᠭᠤᠳᠠᠯ ᠣᠷᠣᠰᠢᠵᠤ ᠪᠠᠶᠢᠨ᠎ᠠ᠃ ᠡᠭᠦᠨ ᠳᠤ ᠪᠢᠳᠡ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠬᠢᠨᠠᠮᠠᠭᠠᠶ  ᠰᠢᠢᠳᠪᠦᠷᠢᠯᠡᠨ᠎ᠡ᠃      ᠬᠤᠶᠠᠷ᠂ 2024 ᠣᠨ ᠤ ᠠᠵᠢᠯ ᠤᠨ ᠲᠣᠬᠢᠷᠠᠭᠤᠯᠤᠯᠲᠠ    ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠮᠥᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠮᠥᠨ᠂ ᠪᠦᠬᠦ ᠵᠢᠯ ᠤᠨ ᠠᠵᠢᠯ ᠢ ᠰᠠᠶᠢᠲᠤᠷ ᠬᠢᠬᠦ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃    ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠵᠤ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ᠂ ᠬᠤᠲᠠ ᠶᠢᠨ ᠨᠠᠮ ᠤᠨ ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠪᠠᠶᠢᠭᠤᠯᠤᠯᠲᠠ ᠪᠠᠷ ᠵᠢᠯᠣᠭᠤᠳᠤᠮᠵᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠭᠠᠷᠳᠠᠴᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠳᠣᠷᠬᠠᠶᠢᠯᠠᠭᠰᠠᠨ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ︽ᠴᠢᠩᠭ᠎ᠠ᠂ ᠲᠦᠷᠭᠡᠨ᠂ ᠪᠣᠳᠠᠲᠠᠢ︾ ᠠᠵᠢᠯ ᠤᠨ ᠱᠠᠭᠠᠷᠳᠠᠯᠭ᠎ᠠ ᠶᠢ ᠲᠤᠪᠤᠶᠢᠯᠭᠠᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠠᠳᠬᠤᠵᠤ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠮᠤᠷ ᠲᠦᠪᠰᠢᠨ ᠢ ᠪᠠᠲᠤᠯᠠᠵᠤ᠂ ᠡᠷᠴᠢ ᠵᠣᠷᠢᠭ ᠲᠠᠢ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠤᠬᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃    ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠠᠳᠠᠯᠢ ᠬᠤᠭᠤᠴᠠᠭᠠᠨ ᠤ ᠬᠢ ᠠᠴᠠ 6.5% ᠨᠡᠮᠡᠭᠳᠡᠭᠦᠯᠵᠦ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ 8.1% ᠨᠡᠮᠡᠭᠳᠡᠭᠦᠯᠦᠨ᠎ᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠠᠳᠠᠯᠢ ᠬᠤᠭᠤᠴᠠᠭᠠᠨ ᠤ ᠬᠢ ᠠᠴᠠ 30% ᠨᠡᠮᠡᠭᠳᠡᠭᠦᠯᠵᠦ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ ᠶᠢ ᠠᠳᠠᠯᠢ ᠬᠤᠭᠤᠴᠠᠭᠠᠨ ᠤ ᠬᠢ ᠠᠴᠠ 7%  ᠨᠡᠮᠡᠭᠳᠡᠭᠦᠯᠦᠨ᠎ᠡ︔ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ 6.5% ᠪᠠ 7.5% ᠠᠴᠠ ᠳᠡᠭᠡᠭᠰᠢ  ᠨᠡᠮᠡᠭᠳᠡᠭᠦᠯᠦᠨ᠎ᠡ᠃    ︵ᠨᠢᠭᠡ︶ ᠪᠦᠲᠦᠮᠵᠢᠲᠡᠶ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠶᠢᠨ ᠪᠠᠭᠲᠠᠭᠠᠮᠵᠢ ᠶᠢ ᠦᠷᠭᠦᠯᠵᠢᠯᠡᠨ ᠥᠷᠭᠡᠳᠬᠡᠨ᠎ᠡ    ᠲᠦᠷᠦᠯ ᠵᠦᠢᠯ ᠢ ᠪᠣᠳᠠᠲᠠᠢ ᠠᠳᠬᠤᠨ ᠪᠡᠯᠡ ᠣᠷᠣᠭᠤᠯᠤᠯᠲᠠ ᠶᠢ  ᠦᠷᠭᠡᠳᠭᠡᠨ᠎ᠡ ᠃ ︽ᠲᠥᠷᠥᠯ  ᠵᠦᠢᠯ ᠢᠶᠠᠷ ᠮᠠᠩᠯᠠᠶᠢᠯᠠᠭᠤᠯᠬᠤ︾ ᠣᠨᠣᠯᠵᠢᠬᠤᠨ ᠢ ᠪᠠᠷᠢᠮᠲᠠᠯᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠣᠨᠣᠪᠴᠢᠲᠠᠶ ᠡᠵᠡᠮᠳᠡᠨ᠂ ᠠᠵᠤ  ᠦᠢᠯᠡᠰ ᠤᠨ ᠬᠡᠯᠬᠢᠶ᠎ᠡ᠂ ᠬᠠᠩᠭᠠᠯᠭ᠎ᠠ ᠶᠢᠨ ᠬᠡᠯᠬᠢᠶ᠎ᠡ᠂ ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠲᠡᠷᠢᠭᠦᠨ ᠤ  ᠦᠢᠯᠡᠳᠬᠦ ᠦᠢᠯᠡᠰ᠂ ᠣᠲᠣ ᠦᠶ᠎ᠡ ᠶᠢᠨ  ᠦᠢᠯᠡᠴᠢᠯᠡᠭᠡᠨ ᠤ  ᠦᠢᠯᠡᠰ ᠵᠡᠷᠭᠡ ᠠᠵᠤ  ᠦᠢᠯᠡᠰ ᠤᠨ ᠲᠥᠷᠥᠯ ᠤᠨ ᠲᠥᠷᠥᠯ ᠵᠦᠢᠯ ᠢ ᠭᠤᠤᠯᠳᠠᠯᠭ᠎ᠠ ᠲᠠᠢ ᠰᠦᠪᠡᠭᠴᠢᠯᠡᠵᠦ᠂ ᠲᠥᠷᠥᠯ  ᠵᠦᠢᠯ ᠤᠨ ᠨᠥᠭᠡᠴᠡ ᠶᠢ ᠰᠢᠯᠢᠳᠡᠭᠵᠢᠭᠦᠯᠦᠨ ᠪᠣᠳᠠᠲᠠᠶᠢᠵᠢᠭᠤᠯᠤᠨ᠎ᠠ᠃ ᠲᠥᠪ ᠤᠨ ᠲᠥᠰᠦᠪ ᠤᠨ ᠳᠣᠲᠣᠷ᠎ᠠ ᠨᠢᠭᠡᠳᠦᠯᠲᠡᠶ ᠲᠥᠯᠥᠪᠯᠡᠵᠦ᠂ ᠤᠯᠤᠰ ᠤᠨ ᠵᠢᠭᠡᠯᠡᠯᠭᠡ᠂ ᠨᠡᠶᠢᠭᠡᠮ ᠤᠨ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠮᠡᠨ ᠲᠠᠷᠬᠠᠭᠠᠵᠤ᠂ 1000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ 126 ᠬᠡᠷᠡᠭᠵᠢᠭᠦᠯᠵᠦ᠂ ᠵᠢᠯ ᠤᠨ ᠳᠣᠲᠣᠷ᠎ᠠ 120 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠦᠨ᠎ᠡ᠃ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷᠢᠮ ᠢ ᠦᠷᠭᠦᠯᠵᠢᠯᠡᠨ ᠬᠡᠷᠡᠭᠵᠢᠭᠦᠯᠵᠦ᠂ ᠬᠠᠪᠰᠤᠷᠤᠨ  ᠭᠦᠢᠴᠡᠳᠬᠡᠬᠦ ᠣᠷᠣᠯᠠᠨ  ᠭᠦᠢᠴᠡᠳᠬᠡᠬᠦ ᠶᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠥᠬᠦ ᠶᠠᠪᠤᠴᠠ ᠳᠤ ᠲᠤᠭᠤᠰᠢᠯᠠᠭᠤᠯᠵᠤ᠂ ᠣᠨ ᠤ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃     ᠠᠷᠠᠯᠵᠢᠶᠠᠴᠢᠨ ᠤᠷᠢᠬᠤ ᠶᠢ ᠴᠢᠩᠭ᠎ᠠ ᠠᠳᠬᠤᠨ ᠰᠡᠯᠭᠦᠬᠦ ᠬᠦᠴᠦᠨ ᠢ  ᠨᠡᠮᠡᠭᠳᠡᠭᠦᠯᠦᠨ᠎ᠡ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠯᠵᠢᠶᠠᠴᠢᠨ ᠤᠷᠢᠵᠤ ᠪᠡᠯᠡ  ᠲᠠᠲᠠᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠵᠠᠰᠠᠨ ᠲᠡᠭᠦᠯᠳᠡᠷᠵᠢᠭᠦᠯᠵᠦ᠂ ᠬᠠᠶᠢᠳᠢᠶᠠᠨ ᠲᠣᠭᠤᠷᠢᠭ᠂ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠠᠰᠢᠭᠲᠠᠢ ᠠᠵᠠ ᠲᠣᠬᠢᠶᠠᠯ ᠢ ᠠᠰᠢᠭᠯᠠᠨ᠂ ᠠᠵᠤ ᠠᠬᠤᠶᠢᠯᠠᠯ ᠪᠣᠯᠤᠨ ᠬᠤᠳᠠᠯᠳᠤᠭᠠᠨ ᠤ ᠨᠡᠶᠢᠭᠡᠮᠯᠢᠭ ᠤᠨ ᠦᠢᠯᠡᠳᠦᠯ ᠢ ᠪᠠᠳᠠᠷᠠᠭᠤᠯᠵᠤ᠂ ︽ᠪᠦᠬᠦ ᠣᠷᠣᠨ ᠪᠦᠰᠡ ᠪᠠᠷ ᠢᠶᠠᠨ ᠠᠷᠠᠯᠵᠢᠶᠠᠴᠢᠨ ᠤᠷᠢᠬᠤ᠂ ᠪᠦᠬᠦ ᠠᠵᠢᠯᠳᠠᠨ ᠢᠶᠠᠷ ᠢᠶᠠᠨ ᠠᠷᠠᠯᠵᠢᠶᠠᠴᠢᠨ ᠤᠷᠢᠬᠤ᠂ ᠮᠥᠷᠦ᠋ᠢᠴᠡᠵᠦ ᠪᠠᠶᠢᠭᠠᠳ ᠠᠷᠠᠯᠵᠢᠶᠠᠴᠢᠨ ᠤᠷᠢᠬᠤ︾ ᠰᠢᠨ᠎ᠡ ᠥᠷᠨᠢᠯᠲᠡ ᠶᠢ ᠪᠤᠢ ᠪᠣᠯᠭᠠᠨ᠎ᠠ᠃ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠵᠤ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠵᠢᠴᠢ ᠥᠪᠥᠷ ᠮᠣᠩᠭᠤᠯ ᠤᠨ ᠵᠡᠭᠦᠨ ᠬᠡᠰᠡᠭ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠴᠢᠬᠤᠯᠠ ᠠᠵᠠ ᠲᠣᠬᠢᠶᠠᠯ ᠢ ᠠᠮᠵᠢᠵᠤ᠂ ᠪᠡᠭᠡᠵᠢᠩ ᠲᠢᠶᠠᠨᠵᠢᠨ ᠡᠾᠤᠪᠸᠢ ᠂ ᠪᠦᠸᠧᠬᠠᠶ ᠲᠠᠩᠭᠢᠰ ᠢ ᠲᠣᠭᠤᠷᠢᠭᠰᠠᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠬᠠᠨᠳᠤᠭᠤᠯᠤᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ 4 ᠭᠤᠤᠯᠳᠠᠯᠭ᠎ᠠ ᠲᠠᠢ ᠠᠵᠤ ᠦᠢᠯᠡᠰ ᠤᠨ ᠲᠣᠭᠤᠷᠢᠨ ᠳᠤ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠬᠦᠴᠦᠷᠬᠡᠭᠵᠢᠭᠦᠯᠦᠨ  ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠥᠬᠦ ᠵᠢᠯ ᠳᠤ 35 ᠲᠥᠷᠥᠯ ᠵᠦᠢᠯ ᠳᠤ ᠭᠠᠷ ᠤᠨ ᠥᠰᠥᠭ ᠵᠢᠷᠤᠵᠤ ᠨᠠᠶᠢᠳᠠᠪᠤᠷᠢᠵᠢᠭᠤᠯᠬᠤ ᠪᠠᠷ ᠲᠥᠯᠥᠪᠯᠡᠵᠦ᠂ ᠡᠭᠦᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ  ᠵᠦᠢᠯ ᠢ 10  ᠪᠠᠶᠢᠯᠭᠠᠨ᠎ᠠ᠃    ᠬᠡᠷᠡᠭᠯᠡᠭᠡᠨ ᠤ ᠢᠳᠡᠪᠬᠢᠵᠢᠯ ᠤᠨ ᠬᠦᠴᠦᠨ ᠢ ᠰᠠᠶᠢᠲᠤᠷ ᠠᠳᠬᠤᠨ᠎ᠠ᠃ ᠬᠡᠷᠡᠭᠯᠡᠭᠡ ᠶᠢᠨ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠬᠡᠷᠡᠭᠯᠡᠭᠡ ᠶᠢᠨ ᠳᠠᠯᠳᠠ ᠬᠦᠴᠦᠨ ᠢ  ᠭᠦᠢᠴᠡᠳ ᠠᠭᠤᠳᠠᠯᠵᠤ᠂ ᠬᠡᠷᠡᠭᠯᠡᠭᠡ ᠶᠢᠨ ᠠᠬᠤᠶ ᠪᠠᠶᠢᠳᠠᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠣᠯᠠᠨ ᠡᠰᠢᠵᠢᠭᠰᠡᠨ᠂ ᠥᠪᠡᠷᠮᠢᠴᠡ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠬᠦᠴᠦᠯᠡᠨ ᠬᠠᠩᠭᠠᠨ᠎ᠠ᠃ ᠦᠢᠯᠡᠳᠪᠦᠷᠢ ᠶᠢᠨ ᠬᠢᠨ ᠠᠰᠢᠭ ᠣᠯᠭᠤᠬᠤ᠂ ᠬᠤᠳᠠᠯᠳᠤᠭ᠎ᠠ ᠶᠢᠨ ᠬᠢᠨ ᠬᠢᠮᠳᠠᠷᠠᠭᠤᠯᠬᠤ᠂ ᠪᠠᠩᠬᠢ ᠶᠢᠨ ᠬᠢᠨ ᠬᠠᠰᠤᠬᠤ᠂ ᠵᠠᠰᠠᠭ ᠤᠨ ᠣᠷᠳᠣᠨ ᠠᠴᠠ ᠨᠥᠬᠦᠪᠥᠷᠢ ᠥᠭᠬᠦ ᠵᠡᠷᠭᠡ ᠬᠡᠯᠪᠡᠷᠢ ᠪᠠᠷ ᠳᠠᠮᠵᠢᠭᠤᠯᠵᠤ᠂ ︽ᠠᠤᠬᠠᠨ ᠤ ᠪᠠᠷᠠᠭ᠎ᠠ ᠬᠤᠳᠠᠯᠳᠤᠨ ᠠᠪᠬᠤ ᠪᠠᠶᠠᠷ︾᠂ ︽  ᠪᠠᠶᠠᠷ ᠬᠦᠷ ᠲᠠᠢ ᠪᠠᠷ ᠬᠤᠳᠠᠯᠳᠤᠨ ᠠᠪᠬᠤ ᠠᠤᠬᠠᠨ ᠤ ᠰᠥᠨᠢ︾ ᠵᠡᠷᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠬᠥᠭᠵᠢᠯᠲᠡ ᠶᠢ  ᠠᠬᠢᠭᠤᠯᠤᠨ᠎ᠠ᠃ ᠰᠢᠨ᠎ᠡ ᠡᠨᠧᠷᠭᠢ ᠶᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠦᠷᠳᠡᠭᠡ ᠶᠢ ᠲᠥᠯᠥᠪᠵᠢᠭᠦᠯᠦᠨ ᠪᠠᠶᠢᠭᠤᠯᠵᠤ᠂ ᠬᠡᠷᠡᠭᠯᠡᠭᠡᠨ ᠤ ᠲᠠᠯᠳᠠ ᠬᠦᠴᠦᠨ ᠢ ᠪᠠᠳᠠᠷᠠᠭᠤᠯᠤᠨ᠎ᠠ᠃ ᠭᠤᠣᠯ ᠤᠨ ᠬᠥᠪᠡᠭᠡᠨ ᠳᠠᠬᠢ ᠭᠤᠶᠤ ᠦᠵᠡᠮᠵᠢ ᠵᠡᠷᠭᠡ ᠴᠢᠨᠠᠷ ᠰᠠᠶᠢᠲᠠᠶ ᠣᠷᠣᠨ ᠰᠠᠭᠤᠴᠠ ᠶᠢ ᠲᠦᠷᠭᠡᠪᠴᠢᠯᠡᠨ ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠵᠤ᠂ ᠭᠡᠷ ᠪᠠᠶᠢᠰᠢᠩ ᠤᠨ ᠠᠷᠠᠯᠵᠢᠶᠠᠨ ᠤ ᠴᠤᠭᠯᠠᠭᠠᠨ ᠵᠡᠷᠭᠡ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ᠵᠠᠬ᠎ᠠ ᠳᠡᠯᠭᠡᠭᠦᠷ ᠤᠨ ᠦᠷᠭᠦᠯᠵᠢᠯᠡᠨ ᠲᠣᠭᠲᠠᠪᠤᠷᠢᠵᠢᠬᠤ ᠶᠢ ᠲᠠᠶᠢᠴᠢᠯᠠᠨ᠂ ᠭᠡᠷ ᠪᠦᠯᠢ ᠶᠢᠨ ᠬᠡᠷᠡᠭᠯᠡᠭᠡ ᠶᠢᠨ ᠲᠡᠰ ᠳᠡᠪᠰᠢᠬᠦ ᠶᠢ ᠠᠬᠢᠭᠤᠯᠤᠨ᠎ᠠ᠃    ︵ᠬᠤᠶᠠᠷ︶ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠦᠷᠭᠦᠯᠵᠢᠯᠡᠨ ᠴᠣᠭᠴᠠᠯᠠᠨ᠎ᠠ    ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ  ᠶᠢ ᠠᠬᠢᠭᠤᠯᠤᠨ᠎ᠠ ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠤᠯᠤᠰ ᠤᠨ ᠴᠢᠬᠤᠯᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ᠂ ᠠᠮᠤ ᠪᠤᠳᠠᠭᠠᠨ ᠤ ᠤᠨᠠᠯᠲᠠ ᠶᠢ 25 ᠳ᠋ᠦᠩᠰᠢᠭᠤᠷ ᠵᠢᠩ ᠳᠤ ᠬᠦᠷᠦᠭᠦᠯᠵᠦ᠂ ᠬᠡᠷ ᠤᠨ ᠲᠡᠵᠢᠭᠡᠪᠦᠷᠢ ᠶᠢᠨ ᠭᠠᠷᠭᠠᠯᠲᠠ ᠶᠢ 330 ᠲᠦᠮᠡᠨ ᠲᠣᠯᠣᠭᠠᠶ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ︽ᠦᠬᠡᠷ ᠢ ᠨᠡᠮᠡᠭᠳᠡᠭᠦᠯᠦᠨ ᠬᠤᠨᠢ ᠶᠢ ᠰᠠᠶᠢᠵᠢᠷᠠᠭᠤᠯᠬᠤ︾᠂ ︽ᠵᠢᠭᠦᠷᠲᠡᠨ ᠢ ᠨᠡᠮᠡᠭᠳᠡᠭᠦᠯᠦᠨ ᠭᠠᠭ᠋ᠠᠶ ᠶᠢ ᠰᠠᠶᠢᠵᠢᠷᠠᠭᠤᠯᠬᠤ︾ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠢᠳᠡᠰᠢᠨ ᠦᠬᠡᠷ ᠤᠨ ᠲᠤᠭ᠎ᠠ ᠶᠢ 30 ᠲᠦᠮᠡ ᠳᠤ ᠬᠦᠷᠭᠡᠵᠦ᠂ ᠢᠳᠡᠰᠢᠨ ᠬᠤᠨᠢᠨ ᠤ ᠲᠠᠷᠭᠤᠯᠠᠭᠤᠯᠤᠯᠲᠠ ᠶᠢ 40 ᠲᠦᠮᠡ ᠳᠤ ᠬᠦᠷᠭᠡᠵᠦ᠂ ᠢᠳᠡᠰᠢᠨ ᠨᠤᠭᠤᠰᠤ ᠲᠡᠵᠢᠭᠡᠬᠦ ᠬᠡᠮᠵᠢᠶ᠎ᠡ ᠶᠢ 3600  ᠲᠦᠮᠡ ᠳᠤ ᠬᠦᠷᠭᠡᠵᠦ᠂ ᠠᠮᠢᠳᠤ ᠭᠠᠭ᠋ᠠᠶ ᠶᠢᠨ ᠲᠤᠭ᠎ᠠ ᠶᠢ 100 ᠲᠦᠮᠡ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠤᠨ᠎ᠠ᠃ ᠤᠯᠠᠭᠠᠨᠬᠤᠲᠤᠭ ᠪᠣᠯᠤᠨ ᠤᠷᠤᠢ ᠶᠢᠨ ᠰᠦᠮ᠎ᠡ 2 ᠭᠠᠵᠠᠷ ᠤᠨ ᠲᠦᠮᠡᠨ ᠲᠣᠯᠤᠭᠠᠢ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠎ᠡ ᠃ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠠᠷᠢᠮᠤ ᠶᠢᠨ ᠠᠵᠤ ᠦᠢᠯᠡᠰ ᠤᠨ ᠪᠠᠷᠢᠮᠵᠢᠶᠠᠵᠢᠭᠰᠠᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠠᠷᠢᠮᠤ ᠶᠢᠨ ᠰᠢᠯᠢᠳᠡᠭ ᠡᠭᠦᠯᠳᠡᠷ ᠢ ᠰᠣᠩᠭᠤᠨ ᠪᠤᠶᠢᠵᠢᠭᠤᠯᠬᠤ ᠶᠢ ᠬᠡᠷᠡᠭᠵᠢᠭᠦᠯᠵᠦ᠂ ᠨᠠᠷᠢᠮᠤ ᠶᠢᠨ ᠲᠠᠷᠢᠮᠠᠯ ᠤᠨ ᠲᠠᠯᠠᠪᠠᠢ ᠶᠢ 100 ᠲᠦᠮᠡᠨ ᠮᠦ ᠳᠤ ᠲᠣᠭᠲᠠᠪᠤᠷᠢᠵᠢᠭᠤᠯᠤᠨ᠎ᠠ︔  ᠢᠳᠡᠰᠢᠨ ᠦᠬᠡᠷ ᠤᠨ ᠡᠭᠦᠯᠳᠡᠷ ᠢ ᠰᠠᠶᠢᠵᠢᠷᠠᠭᠤᠯᠬᠤ ᠶᠢᠨ ᠲᠣᠭᠤᠷᠢᠨ ᠳᠤ᠂ ᠢᠳᠡᠰᠢᠨ ᠦᠬᠡᠷ ᠢ ᠬᠦᠢᠲᠡᠨ ᠢᠶᠠᠷ ᠬᠡᠭᠡᠯᠲᠦᠭᠦᠯᠬᠦ ᠮᠡᠷᠭᠡᠵᠢᠯ ᠢ ᠳᠡᠯᠭᠡᠷᠡᠭᠦᠯᠵᠦ᠂ ᠢᠳᠡᠰᠢᠨ ᠦᠬᠡᠷ ᠤᠨ ᠬᠦᠷᠢᠶ᠎ᠡ ᠬᠠᠰᠢᠶ᠎ᠠ ᠶᠢᠨ ᠠᠵᠤ ᠠᠬᠤᠶ ᠶᠢ ᠬᠥᠭᠵᠢᠭᠦᠯᠵᠦ᠂ ᠢᠳᠡᠰᠢᠨ ᠦᠬᠡᠷ ᠤᠨ ᠦᠷᠡᠵᠢᠯᠲᠡ ᠶᠢ ᠨᠡᠮᠡᠭᠳᠡᠭᠦᠯᠬᠦ ᠶᠢ ᠠᠬᠢᠭᠤᠯᠤᠨ᠎ᠠ︔ ᠲᠦᠬᠦᠭᠡᠷᠦᠮᠵᠢᠳᠤ ᠲᠠᠷᠢᠶᠠᠯᠠᠩ ᠢ ᠲᠣᠭᠲᠠᠭᠤᠨ ᠢᠶᠠᠷ ᠬᠡᠷᠡᠭᠵᠢᠭᠦᠯᠵᠦ᠂ 1000 ᠮᠦ ᠶᠢ ᠰᠢᠨ᠎ᠡ ᠪᠠᠷ  ᠪᠠᠶᠢᠭᠤᠯᠤᠨ  ᠥᠭᠡᠷᠡᠴᠢᠯᠡᠵᠦ ᠲᠡᠰ  ᠳᠡᠪᠰᠢᠭᠦᠯᠦᠨ᠎ᠡ᠃ ︽ᠠᠮᠤ ᠪᠤᠳᠠᠭ᠎ᠠ ᠶᠢ ᠬᠠᠳᠠᠭᠠᠯᠠᠬᠤ ᠳᠤ ᠭᠠᠵᠠᠷ ᠰᠢᠷᠣᠶ ᠶᠢ ᠠᠰᠢᠭᠯᠠᠬᠤ᠂ ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠢ ᠠᠰᠢᠭᠯᠠᠬᠤ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠳᠡᠭᠡᠳᠦ ᠪᠠᠷᠢᠮᠵᠢᠶᠠᠲᠤ ᠲᠠᠷᠢᠶᠠᠨ ᠭᠠᠵᠠᠷ ᠢ 12.2 ᠲᠦᠮᠡᠨ ᠮᠥ ᠪᠥᠲᠥᠭᠡᠨ ᠪᠠᠶᠢᠭᠤᠯᠵᠤ᠂ ᠲᠠᠷᠢᠶᠠᠨ ᠭᠠᠵᠠᠷ ᠢ 1 ᠲᠦᠮᠡᠨ ᠮᠥ ᠨᠥᠬᠦᠪᠥᠷᠢᠯᠡᠬᠦ ᠶᠢ ᠪᠡᠶᠡᠯᠡᠭᠦᠯᠵᠦ᠂ ᠨᠡᠮᠡᠭᠳᠡᠯ ᠬᠠᠰᠤᠭᠳᠠᠯ ᠢ ᠬᠤᠯᠪᠣᠯᠳᠤᠭᠤᠯᠬᠤ ⑩ 3200 ᠮᠥ ᠬᠡᠷᠡᠭᠵᠢᠭᠦᠯᠦᠨ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠶᠢ ᠪᠠᠲᠤᠯᠠᠭ᠎ᠠ ᠲᠠᠢ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠨ᠎ᠠ᠃ ᠦᠷ᠎ᠡ ᠶᠢᠨ  ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠣᠳᠣᠬᠢᠴᠢᠯᠠᠭᠰᠠᠨ ᠦᠷ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ  ᠦᠢᠯᠡᠰ ᠤᠨ ᠬᠦᠷᠢᠶᠡᠯᠡᠩ ᠢ 1᠂ ᠭᠤᠤᠯᠯᠠᠬᠤ ᠳᠡᠭᠡᠳᠦ ᠲᠠᠰ ᠤᠨ ᠦᠷ᠎ᠡ ᠪᠤᠶᠢᠵᠢᠭᠤᠯᠬᠤ ᠰᠠᠭᠤᠷᠢᠨ ᠭᠠᠵᠠᠷ ᠢ 5000 ᠮᠥ᠂ ᠦᠷ᠎ᠡ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠢ 10 ᠲᠦᠮᠡᠨ ᠮᠥ ᠰᠢᠨ᠎ᠡ ᠪᠠᠷ ᠪᠠᠶᠢᠭᠤᠯᠤᠨ᠎ᠠ᠃    ᠠᠵᠤ ᠦᠢᠯᠡᠳᠪᠦᠷᠢ ᠠᠭᠤᠷᠬᠠᠶ ᠶᠢᠨ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ  ᠠᠬᠢᠭᠤᠯᠤᠨ᠎ᠠ ᠃ ︽ᠠᠵᠤ  ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ︾ ᠰᠡᠳᠬᠢᠮᠵᠢ ᠶᠢ ᠭᠤᠶᠢᠪᠢᠰᠢ ᠥᠬᠡᠶ ᠪᠠᠷᠢᠮᠲᠠᠯᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠰᠢᠨ᠎ᠡ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ᠂ 3000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ 15 ᠬᠡᠷᠡᠭᠵᠢᠭᠦᠯᠦᠨ᠎ᠡ᠃ ᠤᠯᠤᠰ ᠤᠨ ᠬᠡᠷᠡᠭᠵᠢᠭᠦᠯᠵᠦ ᠪᠠᠶᠢᠭ᠎ᠠ ᠰᠢᠨ᠎ᠡ ᠨᠢᠭᠡ ᠡᠭᠡᠯᠵᠢ ᠶᠢᠨ ᠠᠭᠤᠷᠬᠠᠶ ᠡᠷᠢᠬᠦ  ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠠᠵᠢᠯᠯᠠᠭ᠎ᠠ ᠶᠢᠨ ᠠᠵᠠ ᠲᠣᠬᠢᠶᠠᠯ ᠢ ᠵᠠᠪᠳᠤᠨ ᠠᠳᠬᠤᠵᠤ᠂  ᠪᠣᠶᠢᠳᠠ ᠶᠢᠨ ᠠᠶᠢᠯ  ᠤᠨ ᠸᠣᠯᠹᠷᠠᠮ ᠤᠨ ᠣᠯᠠᠨ ᠲᠡᠮᠦᠷᠯᠢᠭ ᠤᠨ ᠠᠭᠤᠷᠬᠠᠶ᠂ ᠮᠠᠨᠢᠬᠠᠨ ᠤ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ ᠵᠡᠷᠭᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠪᠣᠣ ᠲᠠ ᠲᠣᠰᠣᠲᠤ ᠵᠠᠨᠠᠷ ᠤᠨ ᠴᠢᠯᠠᠭᠤᠯᠢᠭ ᠢ ᠣᠷᠣᠭᠤᠯᠤᠨ ᠬᠤᠯᠪᠣᠭᠠᠯᠠᠵᠤ ᠳᠠᠬᠢᠨ ᠵᠣᠬᠢᠶᠠᠨ ᠪᠠᠶᠢᠭᠤᠯᠬᠤ᠂ ᠱᠤᠸᠠᠩ  ᠹᠧᠩ ᠠᠭᠤᠷᠬᠠᠶ ᠶᠢᠨ  ᠦᠢᠯᠡᠰ ᠤᠨ ᠮᠡᠷᠭᠡᠵᠢᠯ ᠢ ᠥᠭᠡᠷᠡᠴᠢᠯᠡᠨ ᠲᠠᠰ ᠳᠡᠪᠰᠢᠭᠦᠯᠬᠦ ᠶᠢ ᠠᠬᠢᠭᠤᠯᠵᠤ᠂ ᠶᠢᠨ ᠲᠤᠤ ᠺᠣᠮᠫᠠᠨᠢ᠂ ᠵᠢᠯᠦ᠋ᠩ ᠠᠭᠤᠷᠬᠠᠶ ᠶᠢᠨ  ᠦᠢᠯᠡᠰ ᠤᠨ ᠠᠭᠤᠷᠬᠠᠶ ᠬᠠᠶᠢᠬᠤ ᠨᠥᠭᠡᠴᠡ ᠶᠢ ᠨᠡᠮᠡᠭᠳᠡᠭᠦᠯᠦᠨ ᠴᠢᠳᠠᠪᠤᠷᠢ ᠶᠢ ᠥᠷᠭᠡᠳᠬᠡᠬᠦ᠂ ᠰᠢᠨ ᠳ᠋ᠧ ᠬᠤᠳᠠᠯᠳᠤᠭ᠎ᠠ ᠠᠷᠠᠯᠵᠢᠶ᠎ᠠ ᠶᠢᠨ ᠬᠠᠷ᠎ᠠ ᠲᠤᠭᠤᠯᠭ᠎ᠠ ᠴᠠᠶᠢᠷ ᠤᠨ ᠠᠭᠤᠷᠬᠠᠶ ᠶᠢᠨ ᠭᠠᠷᠤᠯᠲᠠ ᠶᠢ ᠨᠡᠮᠡᠭᠳᠡᠭᠦᠯᠦᠨ ᠠᠰᠢᠭ ᠣᠯᠬᠤ ᠶᠢ ᠳᠡᠮᠵᠢᠨ᠎ᠡ ᠃ ᠰᠢᠩ ᠬᠤᠩ  ᠳ᠋ᠦᠩ ᠹᠠᠩ ᠲᠠᠯᠠᠰᠲᠤ ᠴᠠᠬᠢᠭᠤᠷ ᠤᠨ ᠰᠢᠨ᠎ᠡ ᠮᠠᠲ᠋ᠧᠷᠢᠶᠠᠯ᠂ ᠬᠤᠸᠠ ᠷᠦᠢ ᠰᠠᠯᠬᠢᠨ ᠬᠦᠴᠦᠨ ᠤ ᠴᠠᠬᠢᠯᠭᠠᠨ ᠤ ᠲᠣᠨᠣᠭᠯᠠᠯ ᠦᠢᠯᠡᠳᠬᠦ᠂ ᠰᠠᠨ ᠱᠢ ᠪᠦᠯᠦᠭᠯᠡᠯ ᠤᠨ ᠲᠡᠮᠦᠷ ᠴᠢᠳᠬᠤᠬᠤ ᠵᠡᠷᠭᠡ ᠲᠦᠷᠦᠯ ᠵᠦᠢᠯ ᠢ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃ ᠰᠢᠨ᠎ᠡ ᠡᠨᠧᠷᠭᠢ ᠶᠢᠨ ᠠᠵᠤ  ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠳᠤᠮᠳᠠᠳᠤ  ᠶᠢᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠰᠠᠯᠬᠢᠨ ᠬᠦᠴᠦᠨ ᠤ ᠴᠠᠬᠢᠯᠭᠠᠨ ᠴᠡᠨᠡᠭ ᠢᠶᠠᠷ ᠤᠰᠤᠲᠥ᠋ᠷᠥᠭᠴᠢ ᠶᠢ  ᠦᠢᠯᠡᠳᠬᠦ ᠶᠢ ᠨᠢᠭᠡ ᠴᠤᠭᠴᠠᠵᠢᠭᠤᠯᠬᠤ ᠶᠢ ᠠᠬᠢᠭᠤᠯᠵᠤ᠂ ᠠᠵᠤ  ᠦᠢᠯᠡᠰ ᠤᠨ ᠬᠦᠷᠢᠶᠡᠯᠡᠩ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠲᠥᠷᠥᠯ  ᠵᠦᠢᠯ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠠᠬᠢᠭᠤᠯᠵᠤ᠂  ᠪᠧᠨ ᠶᠤᠸᠠᠨ ᠱᠢ ᠳ᠋ᠠᠢ ᠡᠬᠢ ᠰᠤᠷᠪᠤᠯᠵᠢ ᠶᠢᠨ ᠲᠣᠤᠷᠵᠢᠭᠤᠯᠤᠨ ᠨᠥᠭᠡᠴᠡᠯᠡᠬᠦ ᠶᠢ ᠬᠦᠴᠦᠯᠡᠨ ᠠᠬᠢᠭᠤᠯᠵᠤ᠂ ᠳᠤᠮᠳᠠᠳᠤ   ᠶᠢᠨ ᠴᠠᠬᠢᠯᠭᠠᠨ ᠬᠦᠴᠦᠨ ᠤ ᠪᠥᠲᠥᠭᠡᠨ ᠪᠠᠶᠢᠭᠤᠯᠤᠯᠲᠠ ᠶᠢᠨ ᠰᠠᠯᠬᠢᠨ ᠬᠦᠴᠦᠨ ᠤ ᠴᠠᠬᠢᠯᠭᠠᠨ ᠴᠡᠨᠡᠭ ᠢᠶᠠᠷ ᠤᠰᠤᠲᠥ᠋ᠷᠥᠭᠴᠢ ᠶᠢ  ᠦᠢᠯᠡᠳᠬᠦ ᠶᠢ ᠨᠢᠭᠡ ᠴᠤᠭᠴᠠᠵᠢᠭᠤᠯᠬᠤ ᠲᠥᠷᠥᠯ  ᠵᠦᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠨ᠎ᠠ᠃ ᠲᠠᠷᠢᠶᠠᠯᠠᠩ ᠤᠨ ᠨᠠᠷᠢᠮᠤ ᠶᠢᠨ ᠪᠦᠯᠦᠭᠯᠡᠯ᠂ ᠬᠦᠶ ᠯᠢᠦ ᠮᠠᠯ ᠠᠵᠤ ᠠᠬᠤᠶ᠂  ᠱᠢ ᠶᠤᠸᠠᠢ ᠳ᠋ᠣᠣ ᠲᠢᠶᠠᠨ ᠲᠤᠲᠤᠷᠭ᠎ᠠ ᠶᠢᠨ ᠲᠠᠷᠢᠶ᠎ᠠ᠂ ᠵᠥᠩ ᠤᠣ ᠢᠳᠡᠭᠡᠨ ᠤ  ᠵᠦᠢᠯ᠂ ᠾᠧ  ᠹᠧᠩ ᠹᠦ᠋ ᠰᠢᠨ ᠶᠤᠸᠠᠨ ᠵᠡᠷᠭᠡ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠩᠬᠠᠨ ᠤ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠦᠲᠦᠭᠡᠭᠳᠡᠬᠦᠨ ᠳᠠᠰᠢ ᠬᠤᠪᠢᠷᠠᠭᠤᠯᠬᠤ ᠶᠢ ᠲᠦᠷᠭᠡᠳᠬᠡᠨ᠎ᠡ᠃  ᠱᠠ ᠮᠥᠸᠧ ᡁᠢ ᠬᠤᠸᠠ᠂  ᠸᠡᠢ ᠨᠢ ᠬᠤᠣ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠬᠢ ᠶᠢ ᠥᠷᠭᠡᠳᠬᠡᠨ ᠦᠷ᠎ᠡ ᠠᠰᠢᠭ ᠢ ᠨᠡᠮᠡᠭᠳᠡᠭᠦᠯᠬᠦ ᠶᠢ ᠰᠠᠶᠢᠲᠤᠷ ᠳᠡᠮᠵᠢᠨ᠎ᠡ᠃ ᠴᠢᠨᠠᠷ ᠰᠠᠶᠢᠲᠠᠶ ᠠᠵᠤ ᠠᠬᠤᠶᠢᠯᠠᠯ ᠤᠨ ᠳᠡᠭᠡᠳᠦ ᠬᠢᠵᠠᠭᠠᠷ ᠢ  ᠠᠬᠢᠭᠤᠯᠵᠤ᠂ ᠵᠢᠯ ᠤᠨ ᠳᠣᠲᠣᠷ᠎ᠠ  ᠬᠡᠪᠴᠢᠶᠡᠨ ᠠᠴᠠ ᠳᠡᠭᠡᠭᠰᠢᠬᠢ ᠠᠵᠤ ᠠᠬᠤᠶᠢᠯᠠᠯ ᠢ 5 ᠪᠤᠶᠢᠵᠢᠭᠤᠯᠤᠨ᠎ᠠ᠃ ᠰᠢᠨ ᠾᠦᠢ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ  ᠰᠠᠭᠤᠷᠢ ᠲᠦᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ ᠰᠧ ᠵᠢᠶᠠ ᠽᠢ ᠶᠢᠨ ᠪᠣᠬᠢᠷᠲᠤᠯ ᠥᠬᠡᠶ ᠴᠢᠳᠬᠤᠨ  ᠦᠢᠯᠡᠳᠬᠦ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠥᠲᠥᠭᠡᠨ ᠪᠠᠶᠢᠭᠤᠯᠵᠤ᠂ ᠠᠵᠤ  ᠦᠢᠯᠡᠰ ᠤᠨ ᠪᠥᠭᠡᠮᠨᠡᠷᠡᠨ ᠬᠥᠭᠵᠢᠬᠦ ᠶᠢ ᠠᠬᠢᠭᠤᠯᠤᠨ᠎ᠠ᠃    ᠦᠢᠯᠡᠴᠢᠯᠡᠭᠡᠨ ᠤ ᠦᠢᠯᠡᠰ ᠤᠨ ᠳᠠᠯᠳᠠ ᠬᠦᠴᠦᠨ ᠢ ᠪᠠᠳᠠᠷᠠᠭᠤᠯᠬᠤ ᠶᠢ ᠠᠬᠢᠭᠤᠯᠤᠨ᠎ᠠ ᠃ ᠠᠮᠢᠳᠤᠷᠠᠯ ᠤᠨ ᠴᠢᠨᠠᠷᠲᠠᠶ ᠦᠢᠯᠡᠴᠢᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠢᠳᠡᠪᠬᠢᠲᠡᠶ ᠪᠠᠷ ᠪᠤᠶᠢᠵᠢᠭᠤᠯᠤᠨ᠂ ᠸᠠᠨ ᠴᠢᠶᠠᠩ ᠬᠤᠳᠠᠯᠳᠤᠭᠠᠨ ᠤ ᠠᠰᠠᠷ᠂ ᠭᠠᠵᠠᠷ ᠳᠣᠤᠷᠠᠬᠢ ᠵᠡᠭᠡᠯᠢ ᠵᠡᠷᠭᠡ ᠬᠤᠳᠠᠯᠳᠤᠭᠠᠨ ᠤ ᠲᠣᠭᠤᠷᠢᠭ ᠢᠶᠠᠷ ᠭᠤᠤᠯᠳᠠᠯᠭ᠎ᠠ ᠪᠣᠯᠭᠠᠵᠤ᠂ ᠤᠨᠴᠠᠯᠢᠬᠳᠤ ᠢᠳᠡᠭᠡᠨ ᠤᠮᠳᠠᠭᠠᠨ᠂ ᠪᠡᠶ᠎ᠡ ᠶᠢᠨ ᠲᠠᠮᠢᠷ ᠤᠨ ᠬᠥᠳᠡᠯᠭᠡᠭᠡᠨ ᠪᠡᠶ᠎ᠡ ᠴᠢᠭᠢᠷᠠᠭᠵᠢᠭᠤᠯᠤᠯᠲᠠ᠂ ᠰᠢᠨ᠎ᠡ ᠮᠠᠶ᠋ᠢᠭ ᠤᠨ ᠬᠤᠪᠴᠠᠰᠤ ᠬᠤᠨᠠᠷ ᠪᠦᠷᠢᠨ ᠪᠠᠷᠠᠭ᠎ᠠ᠂ ᠰᠡᠯᠡᠭᠦᠴᠡᠯ ᠵᠤᠭ᠎ᠠ ᠴᠡᠩᠭᠡᠯ ᠵᠡᠷᠭᠡ ᠤᠯᠠᠮᠵᠢᠯᠠᠯᠲᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠡᠭᠦᠯᠳᠡᠷᠵᠢᠭᠦᠯᠦᠨ᠎ᠡ︔ ᠠᠮᠲᠠᠲᠤ ᠢᠳᠡᠭᠡᠨ ᠤ ᠵᠡᠭᠡᠯᠢ ᠵᠡᠷᠭᠡ ᠤᠨᠴᠠᠯᠢᠬᠳᠤ ᠵᠡᠭᠡᠯᠢ ᠲᠣᠭᠤᠷᠢᠭ ᠢᠶᠠᠷ ᠭᠤᠤᠯᠳᠠᠯᠭ᠎ᠠ ᠪᠣᠯᠭᠠᠵᠤ᠂ ᠤᠨᠴᠠᠯᠢᠬᠳᠤ ᠵᠢᠵᠢᠭ ᠢᠳᠡᠭᠡᠨ᠂ ᠨᠠᠷᠠᠲᠤ ᠰᠢᠯᠢᠳᠡᠭ ᠣᠨᠴᠠ ᠭᠠᠷᠤᠯᠲᠠ ᠶᠢ ᠠᠭᠤᠰᠤᠯᠴᠠᠭᠤᠯᠤᠨ᠂ ᠤᠨᠴᠠᠯᠢᠬᠳᠤ ᠠᠷᠠᠯᠵᠢᠶ᠎ᠠ ᠬᠤᠳᠠᠯᠳᠤᠭᠠᠨ ᠤ ᠵᠡᠭᠡᠯᠢ ᠲᠣᠭᠤᠷᠢᠭ ᠢ ᠪᠠᠶᠢᠭᠤᠯᠤᠨ᠎ᠠ︔ ︽ᠭᠠᠳᠠᠭᠰᠢ ᠳᠡᠯᠭᠡᠭᠰᠡᠨ ᠠᠵᠤ ᠠᠬᠤᠶ︾᠂ ︽ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠶ︾ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠥᠭᠵᠢᠯᠲᠡ ᠶᠢ ᠲᠡᠮᠵᠢᠨ᠎ᠡ᠃ ᠰᠢᠩ ᠯᠦᠩ ᠸᠠ ᠪᠠᠭᠤᠷᠢ ᠶᠢᠨ ᠬᠦᠷᠢᠶᠡᠯᠡᠩ᠂ ᠴᠧᠩ ᠽᠢ ᠱᠠᠨ ᠤ ᠪᠠᠭᠤᠷᠢ ᠶᠢᠨ ᠬᠦᠷᠢᠶᠡᠯᠡᠩ᠂ ᠰᠢ ᠳ᠋ᠡ ᠯᠢᠶᠠᠩ ᠤᠨ ᠪᠠᠭᠤᠷᠢ ᠶᠢ ᠳᠡᠯᠭᠡᠨ ᠦᠵᠡᠭᠦᠯᠬᠦ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠪᠠᠯᠠᠷ ᠡᠷᠲᠡᠨ ᠤ ᠰᠣᠶᠣᠯ ᠤᠨ ᠰᠤᠳᠤᠯᠤᠨ ᠰᠤᠷᠤᠯᠴᠠᠬᠤ ᠵᠢᠭᠤᠯᠴᠢᠯᠠᠯ︾ ᠤᠨ ᠰᠢᠨ᠎ᠡ ᠠᠴᠢᠶᠠᠯᠠᠪᠤᠷᠢ ᠶᠢ ᠪᠣᠶ ᠪᠣᠯᠭᠠᠨ᠎ᠠ︔ ᠬᠥᠳᠡᠭᠡ ᠲᠣᠰᠬᠤᠨ ᠤ ᠴᠢᠨᠠᠷ ᠰᠠᠶᠢᠲᠠᠶ ᠠᠮᠢ ᠠᠬᠤᠶ ᠶᠢᠨ ᠡᠬᠢ ᠪᠠᠶᠠᠯᠢᠭ ᠢ ᠭᠦᠨᠵᠡᠭᠡᠶ ᠨᠡᠭᠡᠭᠡᠨ ᠬᠥᠭᠵᠢᠭᠦᠯᠵᠦ᠂ ᠨᠠᠷᠢᠳ ᠤᠨ ᠭᠤᠤᠯ ᠤᠨ ᠡᠬᠢ ᠶᠢᠨ ᠦᠵᠡᠮᠵᠢ ᠶᠢᠨ ᠣᠷᠣᠨ᠂  ᠯᠢᠦᠢ ᠶᠤᠸᠠᠨ ᠠᠮᠢ ᠠᠬᠤᠶ ᠶᠢᠨ ᠦᠵᠡᠭᠦᠯᠦᠯᠭᠡ ᠶᠢᠨ ᠬᠦᠷᠢᠶᠡᠯᠡᠩ᠂ ᠠᠤᠬᠠᠨ ᠤ ᠷᠠᠰᠢᠶᠠᠨ ᠬᠤᠲᠠ ᠵᠡᠷᠭᠡ ᠦᠵᠡᠮᠵᠢ ᠶᠢᠨ ᠣᠷᠣᠨ ᠤ ᠰᠠᠭᠤᠷᠢ ᠲᠦᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠣᠯᠠᠨ ᠲᠦᠮᠡᠨ ᠤ ᠣᠶᠢᠷ᠎ᠠ ᠲᠡᠭᠦᠷᠭᠡ ᠶᠢᠨ ᠵᠢᠭᠤᠯᠴᠢᠯᠠᠯ᠂ ᠰᠡᠯᠡᠭᠦᠴᠡᠯ ᠵᠢᠭᠤᠯᠴᠢᠯᠠᠯ᠂ ᠡᠷᠡᠭᠦᠯ ᠡᠩᠬᠡ ᠰᠤᠪᠢᠯᠠᠯᠲᠠ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠬᠤᠰᠢᠭᠤ ᠰᠢᠶᠠᠩ ᠲᠣᠰᠬᠤᠨ ᠤ ᠭᠤᠷᠪᠠᠨ ᠱᠠᠲᠤᠨ ᠤ ᠲᠦᠷᠭᠡᠨ ᠬᠦᠷᠭᠡᠬᠦ ᠪᠠᠷᠠᠭᠠᠨ ᠤ  ᠭᠦᠢᠯᠭᠡᠭᠡᠨ ᠤ ᠳᠣᠭᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠬᠦᠯᠵᠦ᠂ ᠪᠠᠷᠠᠭᠠᠨ ᠤ ᠭᠦᠢᠯᠭᠡᠭᠡᠨ ᠤ ︽ᠡᠭᠦᠯᠡᠨ ᠬᠥᠮᠥᠷᠭᠡ︾ ᠶᠢᠨ ᠲᠥᠪ ᠢ ᠡᠯᠧᠺᠲᠷᠣᠨ ᠬᠤᠳᠠᠯᠳᠤᠭᠠᠨ ᠤ ᠶᠠᠪᠤᠳᠠᠯ ᠵᠡᠷᠭᠡ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠵᠢᠯ ᠤᠨ ᠳᠣᠲᠣᠷ᠎ᠠ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠬᠦ ᠪᠣᠯᠪᠠᠰᠤᠷᠠᠯ ᠢ 1000 ᠬᠥᠮᠦᠨ ᠤᠳᠠᠭ᠎ᠠ ᠥᠷᠨᠢᠭᠦᠯᠦᠨ᠎ᠡ᠃    ︵ᠭᠤᠷᠪᠠ︶ ᠡᠨᠧᠷᠭᠢ ᠣᠯᠭᠤᠵᠤ ᠦᠷ᠎ᠡ ᠠᠰᠢᠭ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂  ᠬᠤᠰᠢᠭᠤ ᠣᠷᠣᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠦᠨ᠎ᠡ    ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠬᠡᠷᠡᠭ ᠠᠴᠠ ᠡᠮᠦᠨ᠎ᠡ ᠵᠢᠯᠣᠭᠤᠳᠬᠤ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠦᠨ ᠂ ᠨᠠᠩ ᠣᠯᠠᠨ ᠵᠦᠢᠯᠡᠰ ᠢ ︽ᠣᠶᠢᠷ᠎ᠠ ᠬᠠᠪᠢ ᠳᠤᠨᠢ ᠭᠦᠢᠴᠡᠳᠬᠡᠬᠦ︾᠂ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾᠂ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠪᠣᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠣᠷᠣᠭᠤᠯᠬᠤ ᠶᠣᠰᠣᠲᠠᠶ ᠶᠢ ᠨᠢ ᠵᠠᠪᠠᠯ ᠣᠷᠣᠭᠤᠯᠬᠤ︾ ᠶᠢ ᠦᠨᠡᠨᠬᠦ ᠪᠠᠲᠤᠯᠠᠨ᠎ᠠ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠪᠠ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠲᠠᠶᠢᠯᠬᠤ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠰᠢᠭᠤᠳ ᠲᠦᠷᠭᠡᠨ ᠰᠣᠯᠢᠬᠤ ᠶᠢ ᠲᠦᠯᠬᠢᠨ ᠠᠬᠢᠭᠤᠯᠤᠨ᠎ᠠ᠃ ᠵᠠᠰᠠᠭ ᠤᠨ ᠶᠠᠪᠤᠳᠠᠯ ᠤᠨ  ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ 12345  ᠬᠠᠯᠠᠮᠰᠢᠯ ᠤᠲᠠᠰᠤᠨ ᠤ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠬᠢᠭᠡᠳ ᠠᠵᠤ ᠠᠬᠤᠶᠢᠯᠠᠯ ᠤᠨ ᠣᠯᠠᠨ ᠲᠦᠮᠡᠨ ᠤ ᠬᠠᠷᠢᠯᠴᠠᠨ ᠬᠥᠳᠡᠯᠦᠯᠴᠡᠬᠦ ᠠᠷᠭ᠎ᠠ ᠵᠠᠮ ᠢ ᠨᠠᠩ ᠰᠠᠭᠠᠳ ᠥᠬᠡᠶ ᠪᠣᠯᠭᠠᠨ᠎ᠠ᠃    ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ︽ᠭᠤᠷᠪᠠ ᠶᠢ ᠬᠤᠪᠢᠷᠠᠭᠤᠯᠬᠤ︾ ⑪ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠥᠷᠨᠢᠭᠦᠯᠵᠦ᠂ ︽ᠭᠤᠷᠪᠠ ᠶᠢ ᠨᠢᠭᠡ ᠴᠤᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠥᠨᠳᠥᠷ ᠦᠷ᠎ᠡ ᠪᠦᠲᠦᠮᠵᠢᠲᠡᠶ ᠠᠵᠢᠯᠯᠠᠬᠤ ᠶᠢ ᠠᠬᠢᠭᠤᠯᠤᠨ᠎ᠠ᠃ ᠪᠦᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠲᠦᠷᠭᠡᠪᠴᠢᠯᠡᠨ ᠠᠬᠢᠭᠤᠯᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠵᠢᠷᠤᠮᠵᠢᠭᠤᠨ ᠡᠮᠬᠢ ᠵᠢᠷᠤᠮ ᠲᠠᠢ ᠪᠠᠷ ᠡᠷᠭᠢᠯᠲᠡ ᠳᠤ ᠣᠷᠣᠭᠤᠯᠬᠤ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠤᠨ ᠵᠣᠬᠢᠰᠲᠠᠶ ᠬᠡᠪᠴᠢᠶᠡᠲᠦ ᠡᠵᠡᠩᠨᠡᠯᠲᠡ ᠶᠢ ᠪᠡᠶᠡᠯᠡᠭᠦᠯᠦᠨ᠎ᠡ᠃ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠪᠦᠬᠦ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠦᠷᠲᠡᠭ ᠢ ᠪᠠᠲᠤᠯᠠᠵᠤ ᠥᠷᠲᠡᠭ ᠢ ᠨᠡᠮᠡᠭᠳᠡᠭᠦᠯᠬᠦ ᠶᠢ ᠦᠨᠡᠨᠬᠦ ᠪᠠᠲᠤᠯᠠᠨ᠎ᠠ ᠃ ᠰᠢᠨ᠎ᠡ ᠨᠢᠭᠡᠨ ᠡᠭᠡᠯᠵᠢ ᠶᠢᠨ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠪᠦᠯᠦᠭᠯᠡᠯ ᠤᠨ ᠡᠷᠡᠭᠦᠯ ᠪᠦᠭᠡᠳ ᠲᠦᠷᠭᠡᠨ ᠬᠦᠭᠵᠢᠬᠦ ᠶᠢ ᠠᠬᠢᠭᠤᠯᠤᠨ᠎ᠠ ᠃    ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠤᠯᠠᠮ ᠨᠢᠭᠡ ᠠᠯᠬᠤᠮ ᠴᠢᠩᠭᠠᠳᠬᠠᠨ᠎ᠠ ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠦᠷ ᠮᠣᠩᠭᠤᠯ ᠢᠶᠠᠨ ᠮᠠᠨᠳᠤᠭᠤᠯᠬᠤ︾ ⑫ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠤᠨ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ ︽ᠵᠠᠷᠯᠠᠨ ᠮᠠᠩᠯᠠᠶᠢᠯᠠᠭᠤᠯᠬᠤ︾ ᠲᠣᠭᠲᠠᠴᠠ ᠶᠢ ᠰᠠᠶᠢᠲᠤᠷ ᠠᠰᠢᠭᠯᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠠᠤᠬᠠᠨ ᠨᠠᠷᠢᠮᠤ︾ ᠶᠢᠨ  ᠦᠷ᠎ᠡ ᠶᠢᠨ ᠢᠷᠡᠯᠲᠡ ᠶᠢᠨ ᠭᠤᠤᠯᠯᠠᠬᠤ ᠮᠡᠷᠭᠡᠵᠢᠯ ᠵᠡᠷᠭᠡ ᠬᠦᠴᠢᠷ ᠠᠰᠠᠭᠤᠳᠠᠯ ᠢ ᠴᠢᠷᠮᠠᠶᠢᠨ  ᠰᠢᠢᠳᠪᠦᠷᠢᠯᠡᠨ᠎ᠡ᠃ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂  ︽ᠲᠤᠰᠬᠠᠶ ᠨᠠᠷᠢᠯᠢᠭ ᠣᠨᠴᠠ ᠰᠢᠨ᠎ᠡ︾⑬ ᠳᠤᠮᠳᠠ ᠵᠢᠵᠢᠭ ᠠᠵᠤ ᠠᠬᠤᠶᠢᠯᠠᠯ  ᠢ 1᠂  ᠰᠢᠨ᠎ᠡ ᠶᠢ ᠡᠭᠦᠳᠬᠦ ᠬᠡᠯᠪᠡᠷᠢ ᠶᠢᠨ ᠠᠵᠤ ᠠᠬᠤᠶᠢᠯᠠᠯ ᠢ 2 ᠰᠢᠨ᠎ᠡ ᠪᠠᠷ ᠪᠤᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠠᠴᠠ ᠳᠡᠭᠡᠭᠰᠢᠬᠢ ᠪᠣᠬᠢᠷᠲᠤᠯ ᠥᠬᠡᠶ  ᠦᠢᠯᠡᠳᠪᠦᠷᠢ ᠶᠢ  4 ᠡᠭᠦᠳᠦᠨ ᠪᠠᠶᠢᠭᠤᠯᠤᠨ᠎ᠠ᠃ ︽ᠮᠢᠩᠭᠠᠨ ᠨᠡᠷᠡᠰ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠦᠨᠳᠦᠰᠦᠨ ᠱᠠᠲᠤᠨ ᠳᠤ  ᠦᠢᠯᠡᠴᠢᠯᠡᠬᠦ︾ ᠠᠵᠢᠯᠯᠠᠭ᠎ᠠ ᠪᠠ ︽ᠭᠤᠷᠪᠠᠨ ᠣᠷᠣᠨ︾ ᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠤᠰᠬᠠᠶ ᠲᠥᠯᠥᠪᠯᠡᠭᠡ ᠶᠢ ᠥᠷᠨᠢᠭᠦᠯᠵᠦ᠂ ᠨᠢᠭᠡ ᠪᠦᠯᠦᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠦᠨ᠎ᠡ᠃     ︵ᠳᠦᠷᠪᠡ︶ ᠪᠦᠲᠦᠮᠵᠢᠲᠡᠢ ᠵᠣᠯᠭᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ    ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ︽ᠳᠥᠷᠪᠡ ᠶᠢ ᠰᠠᠯᠭᠠᠬᠤ ᠥᠬᠡᠶ︾ ⑭ ᠪᠠᠶᠢᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠦᠷ᠎ᠡ ᠪᠦᠲᠦᠭᠡᠯ ᠢ ᠪᠠᠬᠢᠵᠢᠭᠦᠯᠵᠦ᠂ ᠬᠡᠪᠴᠢᠶᠡᠵᠢᠭᠰᠡᠨ ᠴᠢᠨᠠᠷᠲᠠᠶ ᠪᠠᠷ ᠳᠠᠬᠢᠨ ᠶᠠᠳᠠᠭᠤᠷᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠡᠳᠦᠷ ᠲᠤᠲᠤᠮ ᠤᠨ ᠬᠢᠨᠠᠨ ᠬᠡᠮᠵᠢᠬᠦ ᠪᠠ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠶᠢ ᠬᠥᠳᠡᠯᠦᠩᠭᠦᠶ ᠪᠠᠷ ᠢᠯᠭᠠᠨ ᠲᠠᠨᠢᠵᠤ᠂ ︽ᠭᠠᠳᠠᠨᠠᠬᠢ ᠣᠷᠴᠢᠯ︾ ᠢ ᠡᠷᠡᠰ ᠰᠡᠷᠭᠡᠶᠢᠯᠡᠨ᠎ᠡ᠃ ᠬᠠᠷᠠᠯᠲᠠ ᠲᠠᠢ ᠪᠠᠷ ᠠᠷᠭ᠎ᠠ ᠪᠤᠳᠤᠯᠭ᠎ᠠ ᠬᠡᠷᠡᠭᠵᠢᠭᠦᠯᠬᠦ ᠪᠠ ᠨᠡᠭᠡᠭᠡᠨ ᠬᠥᠭᠵᠢᠭᠦᠯᠬᠦ ᠮᠠᠶ᠋ᠢᠭ ᠤᠨ ᠬᠠᠪᠰᠤᠷᠤᠨ ᠲᠡᠳᠬᠦᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠲᠠᠬᠢᠨ ᠶᠠᠳᠠᠭᠤᠷᠠᠬᠤ ᠠᠶᠤᠯ ᠲᠦᠭᠰᠢᠭᠦᠷᠢ ᠶᠢᠨ ᠬᠦᠴᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠷᠤᠭᠡ ᠶᠢᠨ ᠪᠠᠶᠢᠳᠠᠯ ᠳᠤᠨᠢ ᠲᠣᠬᠢᠷᠠᠭᠤᠯᠤᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠡᠷᠤᠭᠡ ᠳᠤ ᠬᠦᠷᠲᠡᠯ᠎ᠡ ᠠᠵᠤ ᠦᠢᠯᠡᠰ᠂ ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ ᠵᠡᠷᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ︽ᠬᠤᠶᠠᠷ ᠠᠴᠠ ᠳᠡᠭᠡᠭᠦᠷ ᠪᠠᠶᠢᠯᠭᠠᠬᠤ︾ ⑮ ᠶᠢ ᠡᠷᠡᠰ ᠪᠡᠶᠡᠯᠡᠭᠦᠯᠦᠨ᠎ᠡ᠃ ᠤᠬᠤᠷᠢᠨ ᠭᠠᠷᠬᠤ ᠪᠠᠷᠢᠮᠵᠢᠶ᠎ᠠ ᠪᠠ ᠤᠬᠤᠷᠢᠨ ᠭᠠᠷᠬᠤ ᠵᠢᠷᠤᠮ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ︽ᠤᠬᠤᠷᠢᠨ ᠭᠠᠷᠬᠤ ᠶᠢ ᠨᠠᠷᠢᠯᠢᠭ ᠣᠨᠤᠪᠴᠢᠲᠠᠢ︾  ᠪᠠᠷ  ᠪᠡᠶᠡᠯᠡᠭᠦᠯᠦᠨ᠎ᠡ᠃    ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ ᠢ ᠦᠷᠭᠡᠳᠭᠡᠨ᠎ᠡ ᠃ ᠪᠥᠬᠦ ᠬᠤᠰᠢᠭᠤᠨ ᠤ ᠳᠠᠪᠠᠭᠤᠯᠢᠭ ᠤᠨᠴᠠᠯᠢᠭᠳᠤ ᠠᠵᠤ  ᠦᠢᠯᠡᠰ ᠤᠨ ᠲᠣᠭᠤᠷᠢᠨ ᠳᠤ᠂  ᠨᠠᠷᠢᠳ ᠤᠨ ᠭᠤᠤᠯ ᠤᠨ ᠪᠣᠬᠢᠷᠲᠤᠯ ᠥᠬᠡᠶ ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠪᠠᠷ ᠵᠢᠯᠣᠭᠤᠳᠣᠯᠭ᠎ᠠ ᠪᠣᠯᠭᠠᠵᠤ᠂ ᠡᠯ᠎ᠡ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ᠂ ᠠᠵᠤ  ᠦᠢᠯᠡᠰ ᠤᠨ ᠣᠨᠴᠠᠯᠢᠭ ᠲᠠᠢ ᠤᠶᠠᠯᠳᠤᠭᠤᠯᠤᠨ᠂ ᠠᠵᠤ ᠦᠢᠯᠡᠰ ᠤᠨ ᠲᠥᠷᠥᠯ  ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠲᠠᠷᠢᠶᠠᠴᠢᠳ ᠢ ᠬᠠᠪᠰᠤᠷᠤᠨ ᠪᠠᠶᠠᠵᠢᠭᠤᠯᠵᠤ᠂ ᠬᠠᠮᠲᠤ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ 1500 ᠲᠦᠮᠡᠨ ᠲᠥᠭᠦᠷᠢᠭ ᠤᠨ ᠪᠠᠯᠠ ᠣᠷᠤᠭᠤᠯᠤᠨ ᠬᠦᠷᠢᠶᠡᠨ ᠤ ᠠᠵᠤ ᠠᠬᠤᠶ ᠶᠢ ᠬᠥᠭᠵᠢᠭᠦᠯᠵᠦ᠂ ᠬᠥᠳᠡᠭᠡ ᠲᠣᠰᠬᠤᠨ ᠤ ᠠᠷᠠᠳ ᠢ ᠪᠠᠶᠠᠵᠢᠭᠤᠯᠬᠤ ᠠᠵᠤ ᠦᠢᠯᠡᠰ ᠢ ᠬᠥᠭᠵᠢᠭᠡᠨ᠎ᠡ᠃ 1.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂  ᠦᠨᠳᠡᠭᠡ  ᠢᠳᠡᠰᠢᠨ ᠲᠠᠬᠢᠶ᠎ᠠ᠂  ᠢᠳᠡᠰᠢᠨ ᠨᠤᠭᠤᠰᠤ ᠵᠡᠷᠭᠡ ᠲᠡᠵᠢᠭᠡᠨ ᠦᠷᠡᠵᠢᠭᠦᠯᠬᠦ  ᠲᠣᠭᠤᠷᠢᠭ ᠢ 24 ᠪᠠᠶᠢᠭᠤᠯᠵᠤ᠂ 44 ᠲᠣᠰᠬᠤᠨ ᠤ ᠬᠠᠮᠲᠤ ᠶᠢᠨ ᠣᠷᠣᠯᠭ᠎ᠠ ᠶᠢ 25 ᠲᠦᠮᠡᠨ ᠲᠥᠭᠦᠷᠢᠭ ᠠᠴᠠ ᠳᠡᠭᠡᠭᠰᠢ ᠪᠣᠯᠭᠠᠨ᠎ᠠ᠃    ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ ᠃ ᠤᠯᠠᠨ ᠨᠡᠶᠢᠲᠡ ᠶᠢᠨ ᠦᠢᠯᠡᠴᠢᠯᠡᠭᠡᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠪᠴᠢᠯᠡᠨ ᠨᠥᠬᠦᠪᠥᠷᠢᠯᠡᠵᠦ᠂ ᠤᠰᠤ ᠬᠠᠩᠭᠠᠬᠤ ᠪᠠᠲᠤᠯᠠᠭ᠎ᠠ ᠶᠢᠨ 41 ᠢᠨᠵᠧᠨᠧᠷᠢᠩ ᠢ ᠬᠡᠷᠡᠭᠵᠢᠭᠦᠯᠵᠦ᠂ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠬᠥᠳᠡᠯᠦᠩᠭᠦᠶ ᠪᠠᠷ  ᠦᠭᠡᠶᠢᠰᠬᠡᠬᠦ ᠶᠢ ᠲᠦᠯᠬᠢᠨ  ᠠᠬᠢᠭᠤᠯᠤᠨ᠎ᠠ᠃ ︽ᠮᠢᠩᠭᠠᠨ ᠲᠦᠮᠡ ᠶᠢᠨ ᠢᠨᠵᠧᠨᠧᠷᠢᠩ︾ ⑯ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠤᠨ᠂ 2000 ᠡᠷᠦᠬᠡ ᠶᠢᠨ ᠤᠰᠤᠨ ᠵᠣᠷᠯᠣᠩ ᠢ ᠰᠢᠨ᠎ᠡ ᠪᠠᠷ ᠪᠠᠶᠢᠭᠤᠯᠵᠤ᠂ 1 ᠲᠦᠮᠡᠨ ᠬᠤᠭ ᠨᠣᠪᠰᠢ ᠶᠢᠨ ᠬᠠᠶᠢᠷᠴᠠᠭ ᠢ ᠰᠢᠨ᠎ᠡ ᠪᠠᠷ ᠨᠡᠮᠡᠭᠳᠡᠭᠦᠯᠦᠨ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢ ᠬᠤᠲᠠ ᠬᠥᠳᠡᠭᠡ ᠳᠤ ᠪᠦᠬᠦᠨ ᠢ ᠬᠠᠮᠤᠷᠤᠭᠤᠯᠬᠤ ᠪᠠᠷ ᠴᠢᠷᠮᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠲᠦᠮᠡᠨ ᠤ ︽ᠡᠵᠡᠨ ᠬᠥᠮᠦᠨ︾ ᠤ ᠦᠵᠡᠯ ᠤᠬᠠᠮᠰᠠᠷ ᠢ ᠬᠥᠭᠵᠢᠭᠡᠨ᠂ ᠬᠥᠳᠡᠭᠡ ᠲᠣᠰᠬᠤᠨ ᠤ ᠵᠠᠰᠠᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠡᠶ᠎ᠡ ᠨᠠᠶᠢᠷᠲᠠᠢ ᠭᠤᠶᠤ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃    ︵ᠲᠠᠪᠤ︶ ᠪᠣᠬᠢᠷᠲᠤᠯ ᠦᠭᠡᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ  ᠬᠠᠮᠠᠭᠠᠯᠠᠨ᠎ᠠ    ᠠᠮᠢ ᠠᠬᠤᠶ ᠶᠢ ᠬᠠᠮᠠᠭᠠᠯᠠᠵᠤ ᠰᠡᠷᠭᠦᠭᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠤᠨ᠎ᠠ᠃ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮᠵᠢᠭᠦᠯᠦᠨ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠷᠴᠢᠨ ᠤ  ᠡᠯᠡᠰᠦ ᠶᠢ ᠲᠦᠢᠯᠪᠦᠷᠢᠲᠡᠢ ᠵᠠᠰᠠᠬᠤ ᠳᠠᠶᠢᠯᠠᠯᠳᠤᠭᠠᠨ ᠤ ᠪᠣᠭᠤᠮᠲᠠ ᠶᠢ ᠭᠤᠤᠯᠳᠠᠯᠭ᠎ᠠ ᠲᠠᠢ ᠰᠢᠪᠲᠤᠯᠵᠤ᠂ ︽ᠤᠮᠠᠷᠠᠲᠤ ᠬᠡᠰᠡᠭ ᠢ ᠵᠠᠰᠠᠬᠤ᠂ ᠳᠤᠮᠳᠠ ᠬᠡᠰᠡᠭ ᠢ ᠳᠡᠭᠡᠭᠰᠢᠯᠡᠭᠦᠯᠬᠦ᠂ ᠡᠮᠦᠨᠡᠲᠦ ᠬᠡᠰᠡᠭ ᠢ ᠪᠠᠬᠢᠵᠢᠭᠦᠯᠬᠦ︾ ᠶᠡᠷᠦᠩᠬᠡᠶ ᠪᠠᠶᠢᠷᠢᠰᠢᠭᠤᠯᠤᠯᠲᠠ ᠶᠢᠨ ᠶᠣᠰᠣᠭᠠᠷ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠲᠥᠷᠥᠯ ᠵᠦᠢᠯ ᠤᠨ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠡᠭᠦᠷᠭᠡ ᠶᠢ 11.78 ᠲᠦᠮᠡᠨ ᠮᠥ ᠪᠡᠶᠡᠯᠡᠭᠦᠯᠦᠨ᠎ᠡ᠃ ᠵᠢᠵᠢᠭ ᠠᠭᠤᠯᠠ ᠶᠢᠨ ᠤᠰᠤᠯᠠᠯᠲᠠ ᠶᠢᠨ ᠣᠷᠣᠨ᠂ ᠱᠠᠨ ᠸᠠᠨ ᠽᠢ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ︽ᠬᠢᠯᠢ ᠪᠠᠷ ᠥᠩᠭᠡᠷᠡᠬᠦ ᠤᠰᠤ︾ ᠶᠢ ᠦᠯᠡᠳᠡᠭᠡᠵᠦ᠂ ︽ᠣᠭᠲᠠᠷᠭᠤᠶ ᠶᠢᠨ ᠤᠰᠤ︾ ᠶᠢ ᠬᠠᠳᠠᠭᠠᠯᠠᠨ᠎ᠠ᠃ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠶ ᠰᠢᠭᠤᠶ ᠶᠢᠨ ᠰᠢᠪᠠᠳᠠᠨ ᠪᠠᠶᠢᠴᠠᠭᠠᠯᠲᠠ ᠶᠢᠨ ᠬᠠᠤᠯᠢ ᠠᠴᠠ ᠵᠥᠷᠢᠴᠡᠭᠰᠡᠨ ᠵᠢᠷᠤᠭ ᠢ ᠡᠷᠡᠰ ᠪᠠᠶᠢᠴᠠᠭᠠᠨ ᠰᠢᠢᠳᠪᠦᠷᠢᠯᠡᠨ᠎ᠡ᠃ ᠡᠯᠡᠰᠦᠵᠢᠭᠰᠡᠨ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠪᠠ ᠮᠠᠭᠤᠳᠠᠭᠰᠠᠨ ᠣᠶ ᠶᠢᠨ ᠬᠡᠰᠡᠭᠯᠡᠯ ᠢ ᠥᠭᠡᠷᠡᠴᠢᠯᠡᠨ ᠵᠠᠰᠠᠵᠤ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ 3.75 ᠲᠦᠮᠡᠨ ᠮᠥ ᠳᠤᠲᠠᠭᠤ ᠣᠶ ᠰᠢᠭᠤᠶ ᠶᠢᠨ ᠰᠢᠨᠡᠴᠢᠯᠡᠯᠲᠡ ᠶᠢ ᠪᠡᠶᠡᠯᠡᠭᠦᠯᠵᠦ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢ ᠬᠡᠪᠴᠢᠶᠡᠵᠢᠭᠦᠯᠬᠦ ᠠᠴᠠ ᠨᠠᠷᠢᠯᠢᠬᠵᠢᠭᠤᠯᠬᠤ ᠳᠠᠰᠢ ᠬᠤᠪᠢᠷᠠᠭᠤᠯᠬᠤ᠂ ᠲᠤᠭ᠎ᠠ ᠬᠡᠮᠵᠢᠶᠡᠨ ᠤ ᠬᠡᠯᠪᠡᠷᠢ ᠠᠴᠠ ᠶᠠᠰᠤ ᠴᠢᠨᠠᠷ ᠤᠨ ᠬᠡᠯᠪᠡᠷᠢ ᠳᠠᠰᠢ ᠬᠤᠪᠢᠷᠠᠭᠤᠯᠬᠤ᠂ ᠨᠣᠭᠤᠭᠠᠷᠠᠭᠤᠯᠬᠤ ᠠᠴᠠ ᠪᠠᠶᠠᠯᠢᠭᠵᠢᠭᠤᠯᠬᠤ᠂ ᠭᠤᠶᠤᠵᠢᠭᠤᠯᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃    ᠣᠷᠴᠢᠨ ᠠᠬᠤᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠢᠰᠲ᠋ᠧᠮ ᠲᠠᠢ ᠠᠬᠢᠭᠤᠯᠤᠨ᠎ᠠ ᠃ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ ᠶᠢ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠡᠰᠢ ᠰᠦᠷᠡᠯ ᠢ ᠵᠠᠳᠠᠭᠠᠢ ᠰᠢᠲᠠᠭᠠᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠴᠠᠭ ᠠᠭᠤᠷ ᠤᠨ ᠬᠠᠷᠢᠴᠠᠯ ᠢ 92.8% ᠠᠴᠠ ᠳᠡᠭᠡᠭᠰᠢ ᠳᠤ ᠬᠦᠷᠭᠡᠬᠦ ᠶᠢ ᠪᠠᠲᠤᠯᠠᠨ᠎ᠠ᠃ ᠭᠤᠤᠯ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠳᠥᠷᠪᠡᠨ ᠵᠦᠢᠯ ᠤᠨ  ᠡᠷᠤᠢ ᠬᠤᠷᠤᠢ ᠦᠭᠡᠢ ᠪᠠᠶᠢᠬᠤ ᠶᠢ ᠠᠷᠢᠯᠭᠠᠬᠤ︾ ᠶᠢ ᠪᠠᠶᠢᠩᠭᠤᠵᠢᠭᠤᠯᠤᠨ ᠥᠷᠨᠢᠭᠦᠯᠵᠦ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠠᠴᠠ ᠡᠵᠡᠮᠳᠡᠬᠦ 2 ᠭᠠᠵᠠᠷ ᠤᠨ ᠣᠭᠲᠣᠯᠤᠭᠠᠰᠤ ᠶᠢᠨ ᠤᠰᠤᠨ ᠤ ᠴᠢᠨᠠᠷ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨ ᠬᠦ ᠪᠠᠲᠤᠯᠠᠨ᠎ᠠ᠃ ᠲᠠᠷᠢᠶᠠᠨ ᠡᠮ ᠬᠢᠮᠢ ᠶᠢᠨ ᠪᠤᠷᠳᠤᠭᠤᠷ ᠤᠨ ᠬᠡᠮᠵᠢᠶ᠎ᠡ ᠶᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠬᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ᠂ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠦᠲᠦᠮᠵᠢᠲᠡᠶ ᠪᠠᠷ ᠵᠠᠰᠠᠨ᠎ᠠ ᠃ ᠭᠤᠣᠯᠳᠠᠯᠭ᠎ᠠ ᠲᠠᠢ ᠠᠵᠢᠯ ᠲᠦᠷᠦᠯ ᠤᠨ ᠠᠵᠤ ᠠᠬᠤᠶᠢᠯᠠᠯ ᠤᠨ ᠵᠠᠰᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠥᠷᠥᠰᠥ ᠰᠢᠷᠣᠶ ᠶᠢᠨ ᠠᠮᠤᠷ ᠲᠦᠪᠰᠢᠨ ᠢ ᠪᠠᠲᠤᠯᠠᠨ᠎ᠠ ᠃ ᠬᠤᠶᠠᠳᠤᠭᠠᠷ ᠡᠭᠡᠯᠵᠢ ᠶᠢᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠵᠦ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠳᠡᠭᠡᠭᠰᠢᠯᠡᠭᠦᠯᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠤᠯᠤᠰ ᠤᠨ ᠲᠠᠰ ᠤᠨ ᠠᠮᠢ ᠠᠬᠤᠶ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠡᠮᠬᠢ ᠵᠢᠷᠤᠮ  ᠲᠠᠢ ᠠᠬᠢᠭᠤᠯᠤᠨ᠎ᠠ ᠃    ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠷᠪᠢᠯᠠᠨ ᠭᠠᠮᠨᠠᠬᠤ ᠬᠥᠭᠵᠢᠯᠲᠡ ᠶᠢ ᠭᠦᠨᠵᠡᠭᠡᠶ ᠲᠦᠯᠬᠢᠨ ᠠᠬᠢᠭᠤᠯᠤᠨ᠎ᠠ᠃ ︽ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ︾᠂ ︽ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ︾ ᠬᠠᠷᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠨᠧᠷᠭᠢ ᠶᠢᠨ ᠬᠤᠷᠣᠭᠳᠠᠭᠤᠯᠤᠯ ᠤᠨ ᠶᠡᠷᠦᠩᠬᠡᠶ ᠬᠡᠮᠵᠢᠶ᠎ᠡ ᠶᠢ ᠵᠦᠢ ᠵᠣᠬᠢᠰᠲᠠᠶ ᠬᠢᠵᠠᠭᠠᠷᠯᠠᠵᠤ᠂ ︽ᠬᠤᠶᠠᠷ ᠶᠡᠭᠡ︾ ᠵᠦᠢᠯᠡᠰ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠨ᠎ᠠ᠃ ᠤᠳᠠᠯ ᠥᠬᠡᠶ ᠨᠡᠶᠢᠲᠡᠯᠡᠨ ᠬᠡᠷᠡᠭᠵᠢᠭᠦᠯᠬᠦ ᠪᠠᠷ ᠪᠠᠶᠢᠭ᠎ᠠ ︽ᠬᠦᠯᠡᠮᠵᠢ ᠶᠢᠨ ᠬᠡᠶ ᠪᠡᠶᠡᠲᠦ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠰᠠᠶᠢᠨ ᠳᠤᠷ᠎ᠠ ᠶᠢᠨ ᠠᠷᠠᠯᠵᠢᠶ᠎ᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠠᠰᠢᠭᠯᠠᠨ᠂ ᠣᠶ ᠰᠢᠭᠤᠶ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ⑰ ᠰᠢᠩᠭᠡᠭᠡᠨ ᠠᠪᠴᠤ ᠨᠡᠭᠡᠭᠡᠨ ᠠᠰᠢᠭᠯᠠᠬᠤ ᠶᠢ ᠬᠠᠶᠢᠨ ᠰᠦᠪᠡᠭᠴᠢᠯᠡᠵᠦ᠂ ︽ᠭᠤᠷᠪᠠᠨ ᠦᠷ᠎ᠡ ᠠᠰᠢᠭ ᠢ ᠨᠢᠭᠡᠳᠬᠡᠬᠦ︾ ᠶᠢ ᠪᠡᠶᠡᠯᠡᠭᠦᠯᠬᠦ ᠶᠢ ᠳᠥᠯᠭᠢᠨ ᠠᠬᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠶ ᠠᠯᠲᠠ ᠮᠥᠩᠭᠦᠨ ᠠᠭᠤᠯᠠ ᠮᠥᠨ︾ ᠭᠡᠬᠦ ᠬᠤᠪᠢᠷᠠᠭᠤᠯᠤᠯᠲᠠ ᠶᠢᠨ ᠵᠠᠮ ᠢ ᠬᠦᠴᠦᠯᠡᠨ ᠨᠡᠪᠲᠡᠷᠡᠭᠦᠯᠦᠨ᠎ᠡ᠃ ᠡᠬᠢ ᠪᠠᠶᠠᠯᠢᠭ ᠢ ᠠᠷᠪᠢᠲᠠᠶ ᠡᠷᠴᠢᠮᠯᠢᠭ ᠡᠷᠭᠢᠯᠳᠦᠭᠦᠯᠦᠨ ᠠᠰᠢᠭᠯᠠᠬᠤ ᠶᠢ ᠲᠦᠯᠬᠢᠨ ᠠᠬᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠲᠦᠷᠭᠡᠪᠴᠢᠯᠡᠨ ᠪᠤᠢ ᠪᠣᠯᠭᠠᠨ᠎ᠠ᠃    ︵ᠵᠢᠷᠭᠤᠭ᠎ᠠ︶ ᠶᠠᠰᠤ ᠴᠢᠨᠠᠷ ᠢ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠲᠠ ᠬᠥᠳᠡᠭᠡ ᠶᠢᠨ ᠬᠠᠮᠵᠢᠯᠴᠠᠨ ᠬᠥᠭᠵᠢᠬᠦ ᠶᠢ ᠦᠷᠭᠦᠯᠵᠢᠯᠡᠨ ᠠᠬᠢᠭᠤᠯᠤᠨ᠎ᠠ    ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠳᠡᠭᠡᠭᠰᠢᠯᠡᠭᠦᠯᠦᠨ᠎ᠡ᠃ ︽ᠭᠤᠷᠪᠠᠨ ᠣᠷᠣᠨ ᠭᠤᠷᠪᠠᠨ ᠱᠤᠭᠤᠮ︾ ⑱ ᠤᠨ ᠣᠷᠣᠨ ᠵᠠᠶ ᠶᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠲᠦᠷᠭᠡᠳᠬᠡᠨ ᠪᠠᠶᠢᠭᠤᠯᠤᠨ᠎ᠠ᠃ ᠬᠥᠮᠦᠨ ᠠᠮᠠ᠂ ᠠᠵᠤ ᠦᠢᠯᠡᠰ ᠤᠨ ᠪᠠᠶᠢᠷᠢᠰᠢᠭᠤᠯᠤᠯ ᠪᠣᠯᠤᠨ ᠡᠬᠢ ᠪᠠᠶᠠᠯᠢᠭ ᠣᠷᠴᠢᠨ ᠲᠣᠭᠤᠷᠢᠨ  ᠤ ᠳᠠᠭᠠᠭᠠᠬᠤ ᠴᠢᠳᠠᠪᠤᠷᠢ ᠶᠢ ᠶᠡᠷᠦᠩᠬᠡᠶᠢᠯᠡᠨ ᠪᠣᠳᠣᠯᠬᠢᠯᠠᠵᠤ᠂ ᠭᠠᠵᠠᠷ ᠬᠡᠷᠡᠭᠯᠡᠬᠦ ᠪᠦᠲᠦᠴᠡ ᠶᠢ ᠲᠠᠰᠤᠷᠠᠯᠳᠠ ᠥᠭᠡᠢ  ᠰᠢᠯᠢᠳᠡᠭᠵᠢᠭᠦᠯᠦᠨ᠂ ᠭᠠᠵᠠᠷ ᠢ ᠠᠷᠪᠢᠲᠠᠶ ᠡᠷᠴᠢᠮᠯᠢᠭ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ︾  ᠦᠢᠯᠡᠳᠦᠯ ᠢ  ᠭᠦᠢᠴᠡᠳ ᠪᠠᠳᠠᠷᠠᠭᠤᠯᠵᠤ᠂ ᠬᠤᠲᠠ ᠬᠥᠳᠡᠭᠡ ᠶᠢᠨ ᠰᠠᠭᠤᠷᠢ  ᠲᠦᠬᠦᠭᠡᠷᠦᠮᠵᠢ ᠶᠢ ᠨᠢᠭᠡ ᠴᠤᠭᠴᠠᠵᠢᠭᠤᠯᠤᠨ ᠲᠥᠯᠥᠪᠵᠢᠭᠦᠯᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠲᠠ ᠬᠥᠳᠡᠭᠡ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃    ᠰᠠᠭᠤᠷᠢ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠤᠯᠤᠰ ᠤᠨ ᠵᠠᠮ ᠤᠨ 305 ᠱᠤᠭᠤᠮ ᠤᠨ ᠳ᠋ᠠ ᠾᠸᠢ ᠱᠠᠨ ᠠᠴᠠ ᠶᠠᠩ ᠴᠠᠩ ᠬᠥᠷᠬᠦ ᠬᠡᠰᠡᠭ ᠤᠨ ᠨᠢᠭᠡᠳᠦᠭᠡᠷ ᠳᠡᠰ ᠤᠨ ᠵᠠᠰᠠᠮᠠᠯ ᠵᠠᠮ ᠤᠨ ᠲᠥᠷᠥᠯ  ᠵᠦᠢᠯ ᠢ ᠲᠦᠷᠭᠡᠳᠬᠡᠨ ᠠᠬᠢᠭᠤᠯᠵᠤ᠂ ᠰᠢᠶᠠᠨ ᠤ ᠵᠠᠮ ᠤᠨ ᠾᠧᠩ ᠾᠧᠩ ᠱᠤᠭᠤᠮ ᠤᠨ ᠫᠢᠩ ᠠᠨ  ᠫᠦ᠋ ᠠᠴᠠ ᠴᠠᠭᠠᠨ ᠭᠤᠤᠯ ᠬᠥᠷᠬᠦ ᠬᠡᠰᠡᠭ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠲᠥᠷᠥᠯ  ᠵᠦᠢᠯ ᠤᠨ ᠲᠣᠭᠲᠠᠭᠰᠠᠨ ᠬᠤᠭᠤᠴᠠᠭᠠᠨ ᠳᠤ ᠲᠡᠷᠭᠡ ᠨᠡᠪᠲᠡᠷᠡᠬᠦ ᠶᠢ ᠦᠨᠡᠨᠬᠦ ᠪᠠᠲᠤᠯᠠᠨ᠎ᠠ᠃ ᠲᠡᠮᠦᠷ ᠵᠠᠮ ᠤᠨ ᠲᠥᠷᠥᠯ  ᠵᠦᠢᠯ ᠢ ᠲᠤᠰᠬᠠᠶ ᠲᠥᠯᠥᠪᠵᠢᠭᠦᠯᠭᠡ ᠳᠤ ᠣᠷᠣᠭᠤᠯᠬᠤ ᠪᠠᠷ ᠢᠳᠡᠪᠬᠢᠲᠡᠶ ᠴᠢᠷᠮᠠᠶᠢᠨ᠎ᠠ᠃ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠬᠦ᠂ ᠬᠤᠳᠠ ᠲᠣᠭᠤᠷᠢᠭ ᠤᠨ ᠵᠠᠮ ᠢ ᠰᠢᠯᠢᠳᠡᠭᠵᠢᠭᠦᠯᠬᠦ᠂ ᠠᠭᠤᠳᠠᠮ ᠲᠠᠯᠠᠪᠠᠢ ᠶᠢ ᠥᠭᠡᠷᠡᠴᠢᠯᠡᠬᠦ ᠵᠡᠷᠭᠡ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠤᠯᠠᠨ ᠲᠦᠮᠡᠨ ᠤ ᠵᠣᠯ ᠵᠢᠷᠭᠠᠯ ᠤᠨ  ᠵᠢᠭᠠᠯᠲᠠ ᠶᠢᠨ ᠲᠤᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ 60 ᠺᠢᠯᠣᠮᠧᠲᠷ ᠵᠠᠮ ᠢ ᠰᠢᠨ᠎ᠡ ᠪᠠᠷ ᠵᠠᠰᠠᠵᠤ ᠨᠡᠪᠲᠡᠷᠡᠭᠦᠯᠦᠨ᠂ 68 ᠬᠥᠳᠡᠭᠡ ᠲᠣᠰᠬᠤᠨ ᠤ ᠴᠠᠬᠢᠯᠭᠠᠨ ᠲᠣᠣᠷᠵᠢᠯ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ 5G ᠶᠢᠨ ᠲᠣᠣᠷ ᠰᠦᠯᠵᠢᠶ᠎ᠡ ᠶᠢ ᠵᠠᠰᠠᠭ ᠵᠠᠬᠢᠷᠭᠠᠨ ᠤ ᠲᠣᠰᠬᠤᠨ ᠳᠤ ᠦᠨᠳᠦᠰᠦᠨ ᠳᠡᠭᠡᠨ ᠪᠦᠷᠬᠦᠭᠦᠯᠦᠨ᠎ᠡ᠃    ᠬᠤᠲᠠ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ᠂ ᠵᠠᠮ ᠬᠠᠷᠢᠯᠴᠠᠭᠠᠨ ᠤ ᠡᠮᠬᠢ ᠳᠢᠭᠯᠢᠮ᠂ ᠬᠤᠲᠠ ᠶᠢᠨ ᠳᠦᠷᠰᠦ ᠪᠠᠶᠢᠳᠠᠯ᠂ ᠳᠤᠷ᠎ᠠ ᠪᠠᠷ ᠢᠶᠠᠨ ᠪᠠᠶᠢᠭᠤᠯᠬᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠤᠲᠠ  ᠲᠣᠭᠤᠷᠢᠭ ᠤᠨ ᠡᠮᠬᠢ ᠳᠢᠭᠯᠢᠮ ᠤᠨ ᠰᠠᠶᠢᠨ ᠰᠠᠶᠢᠬᠠᠨ ᠪᠠᠶᠢᠬᠤ ᠶᠢ ᠪᠠᠲᠤᠯᠠᠨ᠎ᠠ᠃ ᠬᠠᠭᠤᠴᠢᠨ ᠵᠢᠵᠢᠭ ᠲᠣᠭᠤᠷᠢᠭ ᠤᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠳᠠᠯ ᠠᠬᠤᠶ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ ᠃ ᠬᠤᠳᠠ ᠶᠢᠨ ᠶᠠᠪᠤᠳᠠᠯ ᠤᠨ ᠲᠥᠬᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠤᠯᠠᠨ ᠲᠦᠮᠡᠨ ᠤ ᠶᠠᠪᠤᠵᠤ ᠰᠠᠭᠤᠬᠤ ᠠᠮᠤᠷ ᠲᠦᠪᠰᠢᠨ ᠢ ᠪᠠᠲᠤᠯᠠᠨ᠎ᠠ᠃ ᠡᠷᠲᠡ ᠶᠢᠨ ᠵᠠᠬ᠎ᠠ ᠳᠡᠯᠭᠡᠭᠦᠷ᠂ ᠰᠥᠨᠢ ᠶᠢᠨ ᠵᠠᠬ᠎ᠠ ᠳᠡᠯᠭᠡᠭᠦᠷ ᠢ ᠵᠦᠢ ᠵᠣᠬᠢᠰᠲᠠᠶ ᠪᠠᠷ ᠵᠢᠷᠤᠮᠵᠢᠭᠤᠯᠤᠨ ᠲᠣᠬᠢᠷᠠᠭᠤᠯᠵᠤ᠂ ᠨᠡᠭᠦᠳᠡᠯ ᠳᠡᠯᠭᠡᠭᠦᠷᠴᠢᠨ ᠢ ᠬᠠᠪᠰᠤᠷᠤᠨ ︽ᠰᠠᠭᠤᠷᠢᠰᠢᠭᠤᠯᠵᠤ︾ ᠥᠭᠭᠦᠨ᠎ᠡ᠃ ᠬᠤᠭᠤᠯᠠᠨ ᠭᠡᠷ ᠤᠨ ᠬᠤᠭ ᠨᠣᠪᠰᠢ ᠶᠢ ᠬᠤᠣᠷ ᠦᠭᠡᠶᠢᠳᠡᠭᠦᠯᠦᠨ ᠰᠢᠢᠳᠪᠦᠷᠢᠯᠡᠬᠦ ᠂ ᠪᠠᠭᠠᠰᠤ ᠰᠢᠭᠡᠰᠦ ᠶᠢ ᠡᠬᠢ ᠪᠠᠶᠠᠯᠢᠭᠵᠢᠭᠤᠯᠤᠨ ᠰᠢᠢᠳᠪᠦᠷᠢᠯᠡᠬᠦ ᠵᠦᠢᠯᠡᠰ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠲᠦᠯᠬᠢᠨ ᠠᠬᠢᠭᠤᠯᠵᠤ᠂ ᠡᠷᠡᠭᠦᠯ ᠬᠠᠮᠠᠭᠠᠯᠠᠯ ᠪᠠ ᠣᠷᠴᠢᠨ ᠠᠬᠤᠶ ᠶᠢᠨ ᠪᠣᠬᠢᠷᠲᠤᠯ ᠤᠨ ᠠᠰᠠᠭᠤᠳᠠᠯ ᠢ ᠪᠦᠲᠦᠮᠵᠢᠲᠡᠶ ᠪᠠᠷ  ᠰᠢᠢᠳᠪᠦᠷᠢᠯᠡᠨ᠎ᠡ᠃    ︵ᠲᠤᠯᠤᠭ᠎ᠠ︶ ᠤᠯᠠᠨ ᠲᠦᠮᠡᠨ ᠤ ᠬᠦᠰᠡᠯ ᠡᠷᠡᠮᠡᠯᠵᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠦᠨ᠎ᠡ    ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠵᠢᠯ ᠤᠨ ᠳᠣᠲᠣᠷ᠎ᠠ ᠰᠢᠨ ᠾᠦᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠮᠣᠳᠤᠨ ᠠᠶᠢᠯ ᠭᠤᠤᠯ ᠬᠡᠤᠬᠡᠳ ᠤᠨ ᠴᠡᠴᠡᠷᠯᠢᠭ ᠵᠡᠷᠭᠡ 9 ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠨ ᠾᠦᠢ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠨᠠᠮᠤᠷ ᠤᠨ ᠤᠯᠠᠷᠢᠯ ᠤᠨ ᠰᠤᠷᠤᠯᠭ᠎ᠠ ᠡᠬᠢᠯᠡᠵᠦ ᠠᠰᠢᠭᠯᠠᠯᠲᠠ ᠳᠤ ᠣᠷᠣᠬᠤ ᠶᠢ ᠦᠨᠡᠨ ᠬᠦ ᠪᠠᠲᠤᠯᠠᠨ᠎ᠠ᠃ ᠰᠢᠯᠢᠳᠡᠭ ᠪᠠᠭᠰᠢ ᠶᠢ ᠠᠵᠢᠯ ᠤᠨ ᠪᠠᠶᠢᠷᠢ ᠡᠭᠡᠯᠵᠢᠯᠡᠭᠦᠯᠦᠨ ᠰᠣᠯᠢᠯᠴᠠᠭᠤᠯᠬᠤ ᠶᠢ ᠠᠬᠢᠭᠤᠯᠵᠤ᠂ ᠪᠠᠭᠰᠢ ᠶᠢᠨ ᠡᠩᠨᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ  ᠬᠥᠩᠭᠡᠷᠡᠭᠦᠯᠬᠦ︾ ᠦᠷ᠎ᠡ ᠪᠦᠲᠦᠮᠵᠢ ᠶᠢ ᠪᠠᠬᠢᠵᠢᠭᠦᠯᠵᠦ᠂ ᠶᠣᠰᠣ ᠰᠤᠷᠲᠠᠬᠤᠨ  ᠢᠶᠠᠷ ᠬᠦᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠭᠤᠯᠢ ᠶᠢᠨ ᠣᠨᠴᠠᠯᠢᠭᠲᠤ ᠶᠣᠰᠣ ᠰᠤᠷᠲᠠᠬᠤᠨ ᠤ ᠬᠥᠮᠦᠵᠢᠯ ᠤᠨ ᠬᠢᠴᠢᠶᠡᠯ ᠤᠨ ᠰᠢᠰᠲ᠋ᠧᠮᠵᠢ ᠶᠢ ᠡᠭᠦᠳᠦᠨ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠪᠠᠲᠤᠯᠠᠨ᠎ᠠ ᠃    ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠢᠭᠲᠠ ᠬᠡᠯᠪᠡᠷᠢ ᠶᠢᠨ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ᠴᠢᠨᠠᠷ ᠰᠠᠶᠢᠲᠠᠶ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ ᠥᠷᠭᠡᠳᠬᠡᠨ ᠦᠨᠳᠦᠰᠦᠨ ᠱᠠᠲᠤᠨ ᠳᠤ  ᠪᠠᠭᠤᠯᠭᠠᠬᠤ ᠶᠢ ᠠᠬᠢᠭᠤᠯᠤᠨ᠎ᠠ᠃ ᠡᠮᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ︽ᠰᠢᠯᠢᠳᠡᠭ ᠦᠢᠯᠡᠴᠢᠯᠡᠭᠡᠨ ᠤ ᠦᠨᠳᠦᠰᠦᠨ ᠱᠠᠲᠤᠨ ᠤ ᠠᠶᠠᠯᠠᠯ︾ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃ ︽ᠨᠠᠰᠤᠲᠠᠨ ᠨᠢᠯᠬᠠᠰ︾ ᠢ ᠬᠠᠯᠠᠮᠵᠢᠯᠠᠨ ᠬᠠᠶᠢᠷᠠᠯᠠᠵᠤ᠂ ᠡᠭᠡ ᠨᠢᠯᠬᠠᠰ ᠤᠨ ᠡᠷᠡᠭᠦᠯ ᠮᠡᠨᠳᠤ ᠶᠢᠨ ᠦᠢᠯᠡᠴᠢᠯᠡᠭᠡ ᠪᠣᠯᠤᠨ ᠨᠠᠰᠤᠲᠠᠶᠢᠴᠤᠳ ᠤᠨ ᠡᠷᠡᠭᠦᠯ ᠮᠡᠨᠳᠤ ᠶᠢᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠦᠨ᠎ᠡ᠃ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠵᠤ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠴᠠᠩ ᠱᠧᠩ ᠪᠠᠯᠭᠠᠰᠤᠨ ᠤ ᠭᠤᠣᠯ ᠡᠷᠡᠭᠦᠯ ᠬᠠᠮᠠᠭᠠᠯᠠᠯ ᠤᠨ ᠬᠤᠷᠢᠶᠠᠨ ᠤ ᠡᠪᠡᠳᠴᠢᠲᠡᠨ ᠤ ᠦᠷᠦᠭᠡ ᠶᠢᠨ ᠶᠡᠷᠦᠩᠬᠡᠶᠢᠯᠡᠭᠰᠡᠨ ᠠᠰᠠᠷ ᠵᠡᠷᠭᠡ 5 ᠲᠦᠷᠦᠯ ᠵᠦᠢᠯ ᠢ ᠵᠢᠯ ᠤᠨ ᠳᠣᠲᠣᠷ᠎ᠠ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃    ᠰᠣᠶᠣᠯ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠭᠡᠨ ᠳᠡᠯᠭᠡᠷ ᠥᠷᠨᠢᠭᠦᠯᠵᠦ᠂ ᠪᠦᠬᠦ ᠵᠢᠯ ᠳᠤ ᠤᠷᠠᠨ ᠰᠠᠶᠢᠬᠠᠨ ᠤ ᠲᠣᠭᠯᠠᠯᠲᠠ ᠶᠢ 100 ᠲᠠᠯᠠᠪᠤᠷ ᠤᠳᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠢ 30 ᠲᠠᠯᠠᠪᠤᠷ ᠤᠳᠠᠭ᠎ᠠ ᠦᠷᠨᠢᠭᠦᠯᠦᠨ᠎ᠡ᠃ ᠨᠣᠮ ᠤᠨ ᠰᠠᠩ ᠤᠨ ᠲᠣᠭᠠᠴᠠᠯᠠᠭᠰᠠᠨ ᠪᠠᠶᠢᠭᠤᠯᠤᠯᠲᠠ ᠶᠢ ᠲᠦᠷᠭᠡᠳᠬᠡᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠦᠢᠯᠡᠴᠢᠯᠡᠭᠡᠨ ᠤ ᠴᠢᠳᠠᠮᠵᠢ ᠶᠢ ᠥᠷᠭᠡᠳᠬᠡᠨ᠎ᠡ᠃ ᠴᠧᠩ ᠽᠢ ᠱᠠᠨ — ᠰᠢ ᠳ᠋ᠡ ᠯᠢᠶᠠᠩ ᠤᠨ ᠬᠠᠭᠤᠴᠢ ᠰᠤᠳᠤᠯᠤᠯ ᠤᠨ ᠪᠠᠭᠤᠷᠢ ᠶᠢᠨ  ᠬᠦᠷᠢᠶᠡᠯᠡᠩ ᠢ ᠲᠥᠯᠥᠪᠵᠢᠭᠦᠯᠦᠨ ᠪᠥᠲᠥᠭᠡᠨ ᠪᠠᠶᠢᠭᠤᠯᠬᠤ ᠡᠷᠴᠢᠮ ᠢ ᠴᠢᠩᠭᠠᠷᠠᠭᠤᠯᠤᠨ᠎ᠠ᠃ ᠠᠤᠬᠠᠨ ᠤ ᠮᠦᠽᠧᠶ ᠶᠢᠨ ᠰᠢᠨ᠎ᠡ ᠪᠠᠭᠤᠷᠢ ᠶᠢ ᠨᠡᠭᠡᠭᠡᠨ ᠡᠵᠡᠩᠨᠡᠵᠦ᠂ ᠪᠡᠶ᠎ᠡ ᠶᠢᠨ ᠲᠠᠮᠢᠷ ᠤᠨ  ᠬᠦᠷᠢᠶᠡᠯᠡᠩ ᠢ ᠨᠡᠭᠡᠭᠡᠨ ᠬᠡᠷᠡᠭᠯᠡᠬᠦ ᠶᠢ ᠠᠬᠢᠭᠤᠯᠤᠨ᠎ᠠ᠃ ᠤᠯᠤᠰ ᠤᠨ ᠲᠠᠰ ᠤᠨ ᠮᠣᠲ᠋ᠣᠷ ᠲᠡᠷᠭᠡᠨ ᠤ ᠬᠡᠭᠡᠷ᠎ᠡ ᠶᠢᠨ ᠤᠷᠤᠯᠳᠤᠭᠠᠨ᠂ ᠵᠢᠵᠢᠭ ᠬᠦᠷᠳᠦᠲᠦ ᠲᠡᠷᠭᠡᠨ ᠤ ᠤᠷᠤᠯᠳᠤᠭᠠᠨ ᠢ ᠡᠷᠭᠢᠯᠡᠵᠦ᠂ ᠪᠥᠬᠦ ᠠᠷᠠᠳ  ᠢᠶᠠᠷ ᠢᠶᠠᠨ ᠪᠡᠶ᠎ᠡ ᠴᠢᠭᠢᠷᠠᠭᠵᠢᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠦᠨ᠎ᠡ᠃    ᠠᠷᠠᠳ ᠤᠨ ᠠᠮᠢᠳᠤᠷᠠᠯ ᠢ ᠲᠠᠰᠤᠷᠠᠯᠲᠠ ᠥᠬᠡᠶ ᠪᠠᠲᠤᠯᠠᠨ ᠰᠠᠶᠢᠵᠢᠷᠠᠭᠤᠯᠤᠨ᠎ᠠ᠃ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠦ ᠬᠡᠪᠴᠢᠶ᠎ᠡ ᠶᠢ ᠥᠷᠭᠡᠳᠬᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠪᠦᠬᠦ ᠠᠷᠠᠳ ᠢ ᠬᠠᠮᠤᠷᠤᠭᠰᠠᠨ᠂ ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠭᠰᠡᠨ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ ᠃ ᠡᠮᠴᠢᠯᠡᠭᠡᠨ ᠤ ᠪᠠᠲᠤᠯᠠᠭ᠎ᠠ ᠶᠢᠨ ᠲᠣᠭᠠᠴᠠᠭ᠎ᠠ ᠬᠢᠬᠦ ᠠᠷᠭ᠎ᠠ ᠮᠠᠶ᠋ᠢᠭ᠂ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠡᠮᠵᠢᠶ᠎ᠡ ᠲᠠᠢ ᠪᠠᠷ ᠬᠤᠳᠠᠯᠳᠤᠨ ᠠᠪᠬᠤ ᠵᠡᠷᠭᠡ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠦᠨ᠎ᠡ︔ ᠰᠠᠭᠤᠷᠢ ᠮᠥᠩᠭᠦ  ᠶᠢᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠠᠵᠢᠯᠴᠢᠨ᠂  ᠠᠵᠢᠯ ᠣᠯᠤᠭ᠎ᠠ ᠥᠬᠡᠶ ᠬᠡᠷ ᠪᠦᠯᠢ ᠵᠡᠷᠭᠡ ᠭᠤᠤᠯᠳᠠᠯᠭ᠎ᠠ ᠲᠠᠢ ᠬᠠᠮᠲᠤᠯᠢᠭ ᠤᠨ ᠠᠵᠢᠯ ᠣᠯᠵᠤ ᠠᠳᠠᠯ  ᠦᠢᠯᠡᠰ ᠴᠣᠭᠴᠠᠯᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠤᠰᠢᠭᠤᠨ ᠲᠠᠰ ᠤᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠴᠢᠩᠭᠠᠳᠬᠠᠵᠤ᠂ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠲᠤᠯᠠᠨ᠎ᠠ᠃  ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠦᠷᠲᠡᠭᠰᠡᠳ᠂ ᠣᠨᠴᠠ  ᠬᠦᠴᠢᠷᠳᠡᠯᠲᠡᠢ ᠬᠥᠮᠦᠰ ᠵᠡᠷᠭᠡ ᠣᠷᠣᠯᠭ᠎ᠠ ᠪᠠᠭᠠᠲᠠᠶ ᠬᠠᠮᠲᠤᠯᠢᠭ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠬᠤᠷᠢᠭ᠎ᠠ ᠱᠤᠭᠤᠮ ᠢ ᠪᠠᠲᠤ ᠰᠠᠬᠢᠨ᠎ᠠ ᠃    ︵ᠨᠠᠢᠮᠠ︶ ᠨᠡᠶᠢᠭᠡᠮ ᠤᠨ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠦᠷᠭᠦᠯᠵᠢᠯᠡᠨ  ᠬᠠᠮᠠᠭᠠᠯᠠᠨ᠎ᠠ    ᠬᠦᠨᠳᠦ ᠶᠡᠭᠡ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠪᠦᠯᠦᠭᠯᠡᠯ ᠤᠨ ᠪᠡᠯᠡ ᠲᠤᠬᠢᠷᠠᠭᠤᠯᠭ᠎ᠠ ᠶᠢᠨ ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠨᠡᠮᠡᠭᠳᠡᠯ  ᠤᠨ ᠬᠡᠮᠵᠢᠶ᠎ᠡ᠂ ᠬᠠᠳᠠᠭᠠᠯᠠᠯᠲᠠ ᠶᠢᠨ ᠬᠡᠮᠵᠢᠶ᠎ᠡ ᠶᠢ ᠬᠤᠷᠢᠭᠯᠠᠨ ᠬᠤᠪᠢᠷᠠᠭᠤᠯᠵᠤ᠂ ᠥᠷᠢ ᠥᠭᠴᠡᠭᠡ ᠶᠢᠨ ᠲᠦᠭᠰᠢᠭᠦᠷᠢ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠤᠨ᠎ᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠨᠠᠨ ᠪᠤᠳᠤᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠵᠤ᠂ ᠠᠰᠠᠭᠤᠳᠠᠯ ᠢ ᠰᠡᠷᠭᠡᠶᠢᠯᠡᠬᠦ ᠪᠠ ᠰᠢᠢᠳᠪᠦᠷᠢᠯᠡᠬᠦ ᠡᠳ᠋ ᠬᠦᠷᠦᠩᠭᠡ ᠶᠢ ᠴᠡᠪᠡᠷᠯᠡᠨ ᠬᠤᠷᠢᠶᠠᠬᠤ ᠠᠵᠢᠯᠯᠠᠭ᠎ᠠ ᠶᠢ ᠬᠠᠮᠵᠢᠯᠴᠠᠨ ᠬᠤᠯᠪᠣᠭᠠᠯᠠᠨ ᠥᠷᠨᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃ ᠠᠰᠠᠷ ᠢ ᠳᠤᠰᠢᠶᠠᠬᠤ ᠶᠢ ᠪᠠᠲᠤᠯᠠᠬᠤ᠂ ᠠᠷᠠᠳ ᠤᠨ ᠠᠮᠢᠳᠤᠷᠠᠯ ᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠢ ᠠᠯᠬᠤᠮ ᠠᠯᠬᠤᠮ ᠢᠶᠠᠷ  ᠰᠢᠢᠳᠪᠦᠷᠢᠯᠡᠨ᠎ᠡ ᠃    ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠳᠪᠦᠷᠢ ᠠᠷᠠᠯᠵᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠪᠠᠷᠢᠯᠭ᠎ᠠ ᠶᠢᠨ ᠠᠵᠢᠯ᠂ ᠰᠣᠶᠣᠯ ᠵᠢᠭᠤᠯᠴᠢᠯᠠᠯ ᠵᠡᠷᠭᠡ ᠭᠤᠣᠯᠳᠠᠯᠭ᠎ᠠ ᠲᠠᠢ ᠬᠦᠷᠢᠶᠡᠨ ᠤ ᠭᠡᠮ ᠰᠣᠭᠤᠭ ᠢ  ᠵᠢᠭᠰᠠᠭᠠᠨ ᠪᠠᠶᠢᠴᠠᠭᠠᠵᠤ ᠵᠠᠰᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠡᠩ ᠤᠨ ᠠᠳᠡᠯ ᠭᠠᠷᠬᠤ ᠶᠢ ᠪᠠᠭᠠᠰᠬᠠᠨ᠎ᠠ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠳ᠋ ᠪᠣᠳᠠᠰ ᠤᠨ ᠨᠥᠭᠡᠴᠡ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ  ᠪᠠᠶᠢᠭᠤᠯᠤᠨ᠎ᠠ ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠶ ᠨᠤᠲᠤᠭ ᠪᠡᠯᠴᠢᠭᠡᠷ  ᠤᠨ  ᠭᠠᠯ ᠢ ᠰᠡᠷᠭᠡᠶᠢᠯᠡᠨ ᠭᠠᠯ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ᠃    ᠡᠶ᠎ᠡ ᠵᠣᠬᠢᠴᠠᠩᠭᠤᠢ ᠲᠣᠭᠲᠠᠭᠤᠨ  ᠪᠠᠶᠢᠳᠠᠯ ᠤᠨ ᠶᠡᠭᠡ ᠲᠠᠯ᠎ᠠ ᠶᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ᠨᠠᠢᠮᠠ ᠶᠢ ᠠᠬᠢᠭᠤᠯᠬᠤ︾ ⑲ ᠠᠵᠢᠯᠯᠠᠭ᠎ᠠ ᠶᠢ ᠡᠭᠦᠳᠦᠨ ᠪᠠᠶᠢᠭᠤᠯᠬᠤ ᠪᠠᠷ ᠠᠴᠢᠶᠠᠯᠠᠪᠤᠷᠢ ᠪᠣᠯᠭᠠᠵᠤ᠂ ︽ᠭᠤᠷᠪᠠᠨ ᠲᠥᠯᠥᠪᠯᠡᠭᠡ︾ ⑳ ᠶᠢ ᠭᠦᠨᠵᠡᠭᠡᠢ ᠬᠡᠷᠡᠭᠵᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ  ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ ᠪᠠᠷᠢᠮᠲᠠᠯᠠᠨ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠠᠰᠤᠷᠠᠯᠲᠠ ᠥᠬᠡᠶ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ  ᠰᠢᠢᠳᠪᠦᠷᠢᠯᠡᠨ᠎ᠡ᠃ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠬᠠᠲᠠᠭᠤ ᠴᠢᠩᠭ᠎ᠠ ᠪᠠᠷ ᠴᠡᠭᠴᠡᠯᠡᠨ ᠵᠠᠰᠠᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠴᠣᠬᠢᠯᠲᠠ ᠥᠭᠴᠦ᠂ ᠤᠯᠤᠰ ᠲᠦᠷᠦ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠨᠡᠶᠢᠭᠡᠮ ᠤᠨ ᠠᠮᠤᠷ ᠲᠣᠭᠲᠠᠭᠤᠨ ᠢ ᠡᠷᠡᠰ ᠬᠠᠮᠠᠭᠠᠯᠠᠵᠤ᠂ ᠠᠷᠠᠳ ᠲᠦᠮᠡᠨ ᠤ ᠠᠮᠤᠷ ᠲᠠᠶᠢᠪᠤᠩ ᠣᠷᠣᠨ ᠰᠠᠭᠤᠴᠠ ᠶᠢ ᠪᠠᠲᠤᠯᠠᠨ᠎ᠠ᠃    ᠡᠭᠦᠨ ᠤ ᠬᠠᠮᠲᠤ᠂ ᠲᠤᠭ᠎ᠠ ᠪᠦᠷᠢᠳᠬᠡᠯ᠂ ᠴᠠᠭ ᠠᠭᠤᠷ᠂ ᠵᠡᠮᠳᠡᠭᠴᠦᠳ ᠤᠨ ᠦᠢᠯᠡᠰ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠡᠷᠭᠡ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠨᠡᠩ ᠰᠠᠶᠢᠲᠤᠷ ᠥᠷᠨᠢᠭᠦᠯᠬᠦ ᠶᠢ ᠪᠦᠬᠦ ᠬᠦᠴᠦᠨ ᠢᠶᠠᠷ ᠢᠶᠠᠨ ᠲᠡᠮᠵᠢᠨ᠎ᠠ᠃      ᠭᠤᠷᠪᠠ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ    ᠲᠥᠯᠥᠭᠡᠯᠡᠭᠴᠢᠳ ᠡ᠂ ᠰᠢᠨ᠎ᠡ ᠠᠶᠠᠨ ᠵᠠᠮ ᠳᠠᠭᠠᠨ ᠮᠣᠷᠳᠠᠵᠤ᠂ ᠰᠢᠨ᠎ᠡ ᠥᠷᠢᠰᠥᠯᠳᠦᠭᠡᠨ ᠤ ᠡᠮᠦᠨ᠎ᠡ᠂ ᠡᠷᠬᠡᠪᠰᠢ ᠲᠤᠰ ᠪᠡᠶ᠎ᠡ ᠶᠢᠨ ᠪᠠᠶᠢᠭᠤᠯᠤᠯᠲᠠ ᠪᠠᠨ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠵᠠᠰᠠᠭ ᠤᠨ ᠣᠷᠳᠣᠨ ᠤ ᠡᠮᠦᠨᠡᠬᠢ ︽ᠠᠷᠠᠳ ᠲᠦᠮᠡᠨ︾ ᠭᠡᠬᠦ ᠬᠤᠶᠠᠷ ᠦᠰᠦᠭ ᠢ ᠪᠠᠲᠤ ᠴᠡᠭᠡᠵᠢᠯᠡᠵᠦ᠂ ᠦᠢᠯᠡᠰ ᠪᠦᠲᠦᠭᠡᠯᠲᠡ ᠲᠠᠢ ᠵᠠᠰᠠᠭ ᠤᠨ ᠣᠷᠳᠣᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠥᠨᠳᠥᠷ ᠦᠷ᠎ᠡ ᠠᠰᠢᠭ ᠲᠠᠢ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠬᠦᠴᠦᠯᠡᠨ  ᠪᠠᠶᠢᠭᠤᠯᠤᠨ᠎ᠠ ᠃    ︵ᠨᠢᠭᠡ︶  ᠬᠠᠷᠢᠴᠠᠯᠠᠰᠢᠭᠦᠢ ᠦᠨᠡᠨᠴᠢ ᠰᠢᠳᠤᠷᠭᠤ ᠤᠯᠤᠰ ᠲᠦᠷᠦ ᠶᠢᠨ ᠬᠡᠪ ᠴᠢᠨᠠᠷ ᠢᠶᠠᠨ ᠡᠭᠦᠷᠢᠳᠡ ᠬᠠᠳᠠᠭᠠᠯᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ ᠃ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠵᠠᠰᠠᠭ ᠤᠨ ᠣᠷᠳᠣᠨ ᠤ ᠰᠢᠰᠲ᠋ᠧᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠵᠤ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠬᠠᠮᠰᠠᠷ ᠠᠴᠠ ᠪᠠᠨ ᠵᠠᠰᠠᠭ ᠤᠨ ᠣᠷᠳᠣᠨ ᠤ ᠠᠵᠢᠯ ᠢ ᠶᠡᠭᠡ ᠲᠠᠯ᠎ᠠ ᠪᠥᠬᠦ ᠲᠠᠯ᠎ᠠ ᠳᠤ ᠲᠠᠯᠪᠢᠵᠤ  ᠲᠦᠯᠦᠪᠵᠢᠭᠦᠯᠦᠨ ᠠᠬᠢᠭᠤᠯᠵᠤ᠂ ᠡᠯ᠎ᠡ  ᠵᠦᠢᠯ  ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨ ᠬᠦ  ᠪᠠᠲᠤᠯᠠᠨ᠎ᠠ᠃    ︵ᠬᠤᠶᠠᠷ︶ ᠬᠠᠤᠯᠢ ᠶᠣᠰᠣᠭᠠᠷ ᠵᠠᠰᠠᠭ ᠶᠠᠪᠤᠭᠤᠯᠬᠤ ᠰᠡᠳᠬᠢᠬᠦᠶ ᠶᠢᠨ ᠬᠢᠵᠠᠭᠠᠷ ᠱᠤᠭᠤᠮ ᠢ ᠪᠠᠲᠤ ᠰᠠᠬᠢᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠂ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠬᠡᠷᠡᠭᠯᠡᠨ ᠠᠰᠠᠭᠤᠳᠠᠯ ᠢ  ᠰᠢᠢᠳᠪᠦᠷᠢᠯᠡᠬᠦ᠂ ᠵᠥᠷᠢᠴᠡᠯ ᠢ ᠠᠷᠢᠯᠭᠠᠬᠤ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠠᠵᠢᠯ ᠤᠨ ᠢᠮᠠᠭᠲᠠ ᠬᠠᠤᠯᠢ ᠪᠠᠷ ᠵᠠᠰᠠᠬᠤ ᠵᠠᠮ ᠢᠶᠠᠷ ᠥᠨᠳᠥᠷ ᠪᠦᠲᠦᠮᠵᠢᠲᠡᠶ ᠪᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ ᠨᠠᠮ ᠤᠨ ᠳᠣᠲᠣᠭᠠᠳᠤ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠵᠦ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠢᠴᠢ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠰᠠᠨᠠᠭᠠᠴᠢᠯᠠᠭ᠎ᠠ ᠠᠴᠠ ᠪᠠᠨ ᠠᠵᠢᠯ ᠤᠨ ᠮᠡᠳᠡᠭᠦᠯᠦᠯᠲᠡ ᠬᠢᠵᠦ ᠂  ᠤᠯᠤᠰ ᠲᠥᠷᠥ ᠶᠢᠨ ᠵᠥᠪᠯᠡᠯᠭᠡᠨ ᠳᠤ ᠠᠵᠢᠯ ᠢᠶᠠᠨ ᠮᠡᠳᠡᠭᠳᠡᠵᠦ ᠂ ᠠᠷᠠᠳ ᠤᠨ ᠲᠦᠯᠦᠭᠡᠯᠡᠭᠴᠢᠳ ᠤᠨ  ᠰᠠᠨᠠᠭᠤᠯᠭ᠎ᠠ ᠪᠠ ᠤᠯᠤᠰ ᠲᠦᠷᠦ ᠶᠢᠨ ᠵᠦᠪᠯᠡᠯᠭᠡᠨ ᠤ  ᠬᠡᠰᠢᠭᠦᠳ ᠤᠨ ᠳᠤᠷᠠᠳᠤᠯᠭ᠎ᠠ ᠶᠢ ᠴᠢᠨᠠᠷ ᠰᠠᠶᠢᠲᠠᠢ ᠭᠦᠢᠴᠡᠳᠬᠡᠨ᠎ᠡ ᠃    ︵ᠭᠤᠷᠪᠠ︶  ᠬᠠᠷᠢᠭᠤᠴᠠᠯᠭ᠎ᠠ ᠡᠭᠦᠷᠭᠡᠯᠡᠨ ᠪᠣᠳᠠᠲᠠᠶ ᠪᠠᠷ ᠠᠵᠢᠯᠯᠠᠬᠤ ᠤᠳᠤᠷᠢᠳᠤᠮᠵᠢ ᠶᠢ ᠪᠣᠶ  ᠪᠣᠯᠭᠠᠨ᠎ᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ︽ᠠᠮᠢᠨ ᠰᠤᠳᠠᠰᠤ︾ ᠶᠢ ᠪᠠᠲᠤ ᠰᠠᠬᠢᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠠᠯᠢᠪᠠ ᠪᠦᠬᠦᠨ ᠳᠤ ᠬᠥᠭᠵᠢᠯᠲᠡ ᠠᠴᠠ ᠡᠭᠦᠰᠴᠦ᠂ ᠰᠡᠳᠬᠢᠯ ᠰᠠᠨᠠᠭ᠎ᠠ ᠪᠠᠨ ︽ᠠᠵᠢᠯ ᠶᠠᠪᠤᠳᠠᠯ ᠬᠢᠬᠦ ᠶᠢ ᠪᠤᠳᠤᠬᠤ︾ ᠳᠡᠭᠡᠷ᠎ᠡ ᠲᠥᠪᠯᠡᠷᠡᠭᠦᠯᠵᠦ᠂ ᠡᠷᠳᠡᠮ ᠴᠢᠳᠠᠪᠤᠷᠢ ᠪᠠᠨ ︽ᠠᠵᠢᠯ ᠶᠠᠪᠤᠳᠠᠯ ᠬᠢᠵᠦ ᠴᠢᠳᠠᠬᠤ︾ ᠳᠡᠭᠡᠷ᠎ᠡ ᠢᠯᠡᠷᠡᠭᠦᠯᠵᠦ᠂ ᠬᠠᠷᠠᠯᠲᠠ ᠪᠠᠨ ︽ᠠᠵᠢᠯ ᠶᠠᠪᠤᠳᠠᠯ ᠪᠦᠲᠦᠭᠡᠵᠦ ᠴᠢᠳᠠᠬᠤ︾ ᠳᠡᠭᠡᠷ᠎ᠡ  ᠳᠣᠭᠲᠠᠭᠠᠨ᠎ᠠ᠃  ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠲᠡᠪᠴᠢᠵᠦ᠂ ︽ᠦᠨᠡᠨ ᠢ ᠪᠠᠷᠢᠮᠲᠠᠯᠠᠨ  ᠪᠣᠳᠠᠲᠠᠢ ᠶᠢ ᠡᠷᠬᠢᠮᠯᠡᠬᠦ︾ ᠰᠤᠷᠲᠠᠯ ᠢᠶᠠᠷ ᠡᠯ᠎ᠡ ᠵᠦᠢᠯ ᠤᠨ ᠠᠵᠢᠯ ᠢᠶᠠᠨ ᠨᠡᠩ  ᠰᠠᠶᠢᠲᠤᠷ ᠬᠢᠵᠦ᠂ ᠨᠡᠩ ᠲᠦᠷᠭᠡᠨ ᠠᠬᠢᠭᠤᠯᠵᠤ᠂ ᠨᠡᠩ ᠪᠣᠳᠠᠲᠠᠶ  ᠬᠢᠨ᠎ᠡ᠃    ︵ᠳᠥᠷᠪᠡ︶ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠶᠢ ᠪᠣᠶ ᠪᠣᠯᠭᠠᠨ᠎ᠠ᠃  ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠰᠠᠬᠢᠯᠭ᠎ᠠ ᠪᠠᠲᠤ ᠶᠣᠰᠣ ᠲᠦᠷᠢᠮ ᠢ ᠢᠮᠠᠭᠲᠠ ᠲᠡᠷᠢᠭᠦᠨ ᠳᠤ ᠲᠠᠯᠪᠢᠵᠤ᠂ ᠵᠠᠩᠭᠢᠯᠠᠭ᠎ᠠ ᠶᠢᠨ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠵᠠᠩᠭᠢᠯᠠᠭ᠎ᠠ ᠶᠢᠨ ᠬᠥᠮᠦᠰ ᠢ ᠴᠢᠩᠭ᠎ᠠ ᠠᠩᠬᠠᠷᠴᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠠᠮᠨᠠᠬᠤ︾ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ︽ᠭᠠᠮᠨᠠᠵᠤ ᠠᠮᠢᠳᠤᠷᠠᠬᠤ︾ ᠳᠤ ᠳᠠᠳᠴᠤ᠂ ᠡᠩ ᠤᠨ ᠴᠢᠨᠠᠷᠲᠠᠢ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠬᠢᠵᠠᠭᠠᠷ ᠲᠠᠢ ᠡᠳ᠋ ᠤᠨ ᠬᠦᠴᠦᠨ ᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠤᠨ  ᠠᠵᠠ ᠵᠢᠷᠭᠠᠯ ᠢ ᠨᠡᠮᠡᠭᠳᠡᠭᠦᠯᠬᠦ ᠳᠡᠭᠡᠷ᠎ᠡ ᠦᠨᠡᠨᠬᠦ ᠨᠡᠩ ᠥᠨᠳᠥᠷ ᠪᠦᠲᠦᠮᠵᠢᠲᠡᠢ ᠪᠠᠷ  ᠬᠡᠷᠡᠭᠯᠡᠨ᠎ᠡ᠃    ᠲᠥᠯᠥᠭᠡᠯᠡᠭᠴᠢᠳ ᠡ᠂  ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠪᠦᠯᠬᠦᠮᠳᠡᠨ ᠲᠡᠮᠡᠴᠡᠬᠦ᠂ ᠦᠨᠡᠨ ᠬᠦ ᠠᠳᠬᠤᠵᠤ ᠪᠣᠳᠠᠲᠠᠶ ᠠᠵᠢᠯᠯᠠᠬᠤ ᠰᠢᠯᠢᠳᠡᠭ ᠰᠤᠷᠲᠠᠯ ᠢᠶᠠᠷ᠂ ᠴᠠᠭ  ᠢ ᠪᠠᠷᠢᠮᠳᠠᠯᠠᠨ᠂ ᠥᠷᠯᠥᠭᠡ ᠦᠳᠡᠰᠢ ᠶᠢ ᠲᠡᠮᠡᠴᠡᠬᠦ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠬᠦᠴᠢᠷ ᠢ ᠰᠦᠷᠦᠨ ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠴᠤᠭ ᠪᠠᠳᠠᠷᠠᠩᠭᠤᠶ ᠳᠦᠷᠢ ᠪᠠᠶᠢᠳᠠᠯ ᠢᠶᠠᠷ᠂ ᠰᠢᠨ᠎ᠡ ᠶᠢ ᠡᠭᠦᠳᠴᠦ᠂ ᠡᠷᠡᠯᠬᠡᠭᠯᠡᠨ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠤᠬᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠶ᠎ᠡ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号