ᠣᠶᠢᠷ᠎ᠠ ᠳᠤ᠂ ᠥᠪᠥᠷ ᠮᠣᠩᠭᠤᠯ ᠤᠨ ︽ᠡᠷᠡᠬᠦᠯᠵᠢᠯ ᠢ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠤᠨ | ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠠᠵᠢᠯᠲᠠᠨ ᠠᠤᠬᠠᠨ ᠬᠤᠰᠢᠭᠤᠨ ᠳᠤ ᠢᠷᠡᠵᠦ ᠬᠡᠷ ᠡᠷᠦᠬᠡ ᠳᠤ | ᠣᠷᠣᠵᠤ ᠡᠷᠡᠭᠦᠯ ᠮᠡᠨᠳᠦ ᠶᠢ ᠬᠠᠮᠠᠭᠠᠯᠠᠬᠤ ᠢᠨᠵᠧᠨᠧᠷᠢᠩ ᠢ ᠰᠢᠯᠭᠠᠨ ᠠᠪᠴᠤ ᠬᠡᠷᠡᠭᠵᠢᠬᠦᠯᠵᠦ ᠪᠠᠶᠢᠭ᠎ᠠ ᠪᠠᠶᠢᠳᠠᠯ ᠢ | ᠰᠢᠯᠭᠠᠨ ᠦᠨᠡᠯᠡᠵᠦ᠂ ᠲᠤᠰᠠᠯᠠᠮᠵᠢ ᠭᠥᠷᠳᠡᠬᠦ ᠡᠲᠡᠭᠡᠳ ᠤᠨ ᠬᠢᠮᠡᠯ ᠮᠥᠴᠢ ᠶᠢ ᠬᠡᠷᠡᠭᠯᠡᠵᠦ ᠪᠠᠶᠢᠭ᠎ᠠ ᠪᠠᠶᠢᠳᠠᠯ ᠢ | ᠦᠨᠡᠯᠡᠨ ᠵᠢᠱᠢᠵᠦ᠂ ᠲᠤᠰᠠᠯᠠᠮᠵᠢ ᠭᠥᠷᠳᠡᠭᠰᠡᠨ ᠵᠡᠮᠳᠡᠭᠴᠦᠳ ᠲᠤ ᠨᠠᠩ ᠬᠦᠴᠦᠲᠡᠶ ᠪᠠᠲᠤᠯᠠᠭ᠎ᠠ ᠬᠠᠩᠭᠠᠪᠠ᠃ | ︽ᠡᠷᠡᠭᠦᠯᠵᠢᠯ ᠢ ᠲᠤᠰᠠᠯᠠᠬᠤ ᠢᠨᠵᠧᠨᠧᠷᠢᠩ︾ ᠤᠨ ᠵᠡᠮᠳᠡᠭᠴᠦᠳ ᠢ ᠲᠤᠰᠠᠯᠠᠬᠤ ᠲᠥᠷᠥᠯ ᠵᠦᠢᠯ ᠢ | ᠬᠡᠷᠡᠭᠵᠢᠭᠦᠯᠦᠭᠰᠡᠨ ᠠᠴᠠ ᠨᠠᠰᠢ᠂ ᠠᠤᠬᠠᠨ ᠬᠤᠰᠢᠭᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ | ᠬᠦᠴᠢᠷᠳᠡᠯᠲᠡᠶ ᠬᠥᠮᠦᠰ᠂ ᠳᠣᠤᠷ᠎ᠠ ᠣᠷᠣᠯᠭ᠎ᠠ ᠲᠠᠢ ᠬᠡᠷ ᠪᠦᠯᠢ ᠶᠢᠨ ᠳᠣᠲᠣᠷᠠᠬᠢ ᠵᠡᠮᠳᠡᠭᠴᠦᠳ ᠢ ᠤᠶᠢᠯᠠᠭᠠᠨ | ᠵᠢᠭᠰᠠᠭᠠᠬᠤ ᠠᠵᠢᠯ ᠢ ᠢᠳᠡᠪᠬᠢᠲᠡᠶ ᠥᠷᠨᠢᠭᠦᠯᠵᠦ᠂ ᠬᠦᠴᠢᠷᠳᠡᠯᠲᠡᠶ ᠵᠡᠮᠳᠡᠭᠴᠦᠳ ᠲᠤ ᠡᠷᠡᠭᠦᠯᠵᠢᠯ ᠤᠨ ᠲᠤᠰᠠᠯᠠᠬᠤ | ᠪᠠᠭᠠᠵᠢ ᠬᠡᠷᠡᠭᠰᠡᠯ ᠤᠭᠰᠠᠷᠠᠵᠤ᠂ ᠵᠡᠮᠳᠡᠭᠴᠦᠳ ᠤᠨ ᠣᠷᠣᠰᠢᠨ ᠠᠮᠢᠳᠤᠷᠠᠬᠤ ᠪᠠᠶᠢᠳᠠᠯ ᠢ ᠪᠦᠲᠦᠮᠵᠢᠲᠡᠶ | ᠰᠠᠶᠢᠵᠢᠷᠠᠭᠤᠯᠪᠠ᠃ ᠬᠡᠳᠦᠨ ᠵᠢᠯ ᠤᠨ ᠲᠤᠷᠰᠢ ᠂ ᠠᠤᠬᠠᠨ ᠬᠤᠰᠢᠭᠤᠨ ᠤ 3436 ᠨᠡᠷᠡᠰ ᠢ ᠰᠢᠭᠰᠢᠨ | ᠪᠠᠶᠢᠴᠠᠭᠠᠯᠲᠠ ᠬᠢᠵᠦ᠂ ᠡᠭᠦᠨ ᠳᠤ 679 ᠬᠦᠮᠦᠰ ᠲᠤ ᠠᠰᠢᠭ ᠭᠥᠷᠳᠡᠭᠰᠡᠨ ᠪᠠᠶᠢᠨ᠎ᠠ᠃ 2023 ᠣᠨ ᠳᠤ | ᠰᠢᠭᠰᠢᠨ ᠪᠠᠶᠢᠴᠠᠭᠠᠬᠤ ᠪᠠᠷ ᠳᠡᠮᠵᠢᠨ᠂ 13 ᠬᠦᠮᠦᠰ ᠲᠤ ᠬᠢᠮᠡᠯ ᠮᠥᠴᠢ ᠤᠭᠰᠠᠷᠠᠵᠤ᠂ 85 ᠬᠦᠷᠳᠦᠲᠦ | ᠰᠠᠨᠳᠠᠯᠢ ᠶᠢ ᠲᠠᠷᠬᠠᠭᠠᠪᠠ᠃ | | |