ᠠᠤᠬᠠᠨ ᠬᠤᠰᠢᠭᠤᠨ ᠤ 2023 ᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠠᠷᠢᠮᠤ ᠳᠠᠷᠢᠬᠤ ᠳᠠᠭᠠᠳᠬᠠᠯ ᠤᠨ ᠲᠤᠷᠰᠢᠯᠲᠠ ᠶᠢᠨ ᠴᠡᠭ ᠤᠨ ᠳᠠᠭᠠᠳᠬᠠᠯ ᠳᠤ ᠣᠷᠣᠯᠴᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2024/2/29
        ᠠᠤᠬᠠᠨ ᠬᠤᠰᠢᠭᠤᠨ ᠤ 2023 ᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠠᠷᠢᠮᠤ ᠳᠠᠷᠢᠬᠤ ᠳᠠᠭᠠᠳᠬᠠᠯ ᠤᠨ ᠲᠤᠷᠰᠢᠯᠲᠠ ᠶᠢᠨ ᠴᠡᠭ ᠤᠨ ᠳᠠᠭᠠᠳᠬᠠᠯ ᠳᠤ ᠣᠷᠣᠯᠴᠠᠬᠤ ᠠᠵᠢᠯ ᠤᠨ ᠬᠡᠷᠡᠭᠵᠢᠭᠦᠯᠬᠦ ᠲᠥᠰᠦᠯ ᠤᠨ ᠲᠠᠶᠢᠯᠤᠮᠵᠢ    ᠪᠥᠬᠦ ᠬᠤᠰᠢᠭᠤᠨ ᠤ ᠨᠠᠷᠢᠮᠤ ᠶᠢᠨ ᠲᠠᠷᠢᠮᠠᠯ ᠤᠨ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠲᠠᠷᠢᠶᠠᠯᠠᠩ ᠤᠨ ᠳᠠᠭᠠᠳᠬᠠᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠠᠵᠢᠯ ᠤᠨ ᠲᠥᠰᠦᠯ︾ ︵ᠥᠪᠥᠷ ᠡᠳ᠋ ᠮᠥᠩᠭᠦ ︹2020︺ 1247 ᠳ᠋ᠤᠭᠠᠷ ᠲᠣᠭᠠᠲᠤ︶᠂ ︽ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠳᠠᠭᠠᠳᠬᠠᠯ ᠤᠨ ᠠᠵᠢᠯ ᠤᠨ ᠳᠤᠭᠤᠶᠢᠯᠠᠩ ᠤᠨ 2021 ᠣᠨ ᠤ ᠠᠩᠬᠠᠳᠤᠭᠠᠷ ᠤᠳᠠᠭᠠᠨ ᠤ ᠬᠤᠷᠠᠯ ᠤᠨ ᠲᠣᠪᠴᠢ ᠲᠡᠮᠳᠡᠭᠯᠡᠯ︾ ︵ᠤᠯᠠᠭᠠᠨᠬᠠᠳᠠ ᠲᠠᠷᠢᠶᠠᠯᠠᠩ ᠤᠨ ᠳᠠᠭᠠᠳᠬᠠᠯ ᠤᠨ ᠰᠠᠬᠢᠯᠭ᠎ᠠ ᠥᠰᠥᠭ ︹2021︺ 1  ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠠᠷᠢᠮᠤ ᠳᠠᠷᠢᠬᠤ ᠳᠠᠭᠠᠳᠬᠠᠯ ᠤᠨ ᠲᠤᠷᠰᠢᠯᠲᠠ ᠶᠢᠨ ᠠᠵᠢᠯ ᠢ ᠡᠬᠢᠯᠡᠭᠦᠯᠵᠦ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃    ᠨᠢᠭᠡ᠂ ᠦᠨᠳᠦᠰᠦᠨ ᠵᠠᠷᠴᠢᠮ    ︽ᠵᠠᠰᠠᠭ ᠤᠨ ᠣᠷᠳᠣᠨ ᠬᠥᠲᠥᠯᠦᠨ ᠵᠢᠯᠣᠭᠤᠳᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠪᠡᠶ᠎ᠡ ᠪᠠᠨ ᠳᠠᠭᠠᠭᠠᠵᠤ ᠰᠠᠶᠢᠨ ᠳᠤᠷ᠎ᠠ ᠠᠴᠠ ᠪᠠᠨ ᠪᠠᠶᠢᠬᠤ᠂ ᠬᠠᠮᠵᠢᠯᠴᠠᠨ ᠠᠬᠢᠭᠤᠯᠬᠤ︾ ᠵᠠᠷᠴᠢᠮ ᠢ ᠪᠠᠷᠢᠮᠲᠠᠯᠠᠵᠤ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠣᠷᠣᠨ ᠨᠤᠲᠤᠭ ᠤᠨ ᠣᠨᠴᠠᠯᠢᠭ ᠪᠥᠬᠦᠶ  ᠰᠢᠯᠢᠳᠡᠭ ᠨᠠᠷᠢᠮᠤ ᠳᠠᠷᠢᠬᠤ ᠳᠠᠭᠠᠳᠬᠠᠯ ᠤᠨ ᠠᠵᠢᠯ ᠢ ᠥᠷᠨᠢᠭᠦᠯᠵᠦ᠂ ᠪᠥᠬᠦ ᠬᠤᠰᠢᠭᠤᠨ ᠤ ᠨᠠᠷᠢᠮᠤ ᠳᠠᠷᠢᠬᠤ ᠳᠠᠭᠠᠳᠬᠠᠯ ᠤᠨ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠷᠭᠡᠨ ᠣᠯᠠᠨ ᠲᠠᠷᠢᠮᠠᠯ ᠤᠨ ᠡᠷᠦᠬᠡ ᠶᠢᠨ ᠠᠰᠢᠭ ᠲᠤᠰᠠ ᠶᠢ ᠪᠠᠲᠤᠯᠠᠨ᠂ ᠪᠥᠬᠦ ᠬᠤᠰᠢᠭᠤᠨ ᠤ ᠨᠠᠷᠢᠮᠤ ᠳᠠᠷᠢᠬᠤ ᠳᠠᠭᠠᠳᠬᠠᠯ ᠤᠨ ᠦᠢᠯᠡᠰ ᠤᠨ ᠦᠷᠭᠦᠯᠵᠢᠯᠡᠨ ᠡᠷᠡᠭᠦᠯ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃    ᠬᠤᠶᠠᠷ᠂ ᠭᠠᠷᠲᠠᠨ ᠭᠦᠢᠴᠡᠳᠬᠡᠬᠦ ᠪᠠᠶᠢᠭᠤᠯᠤᠮᠵᠢ ᠵᠢᠴᠢ ᠬᠡᠪᠴᠢᠶ᠎ᠡ    ︵ᠨᠢᠭᠡ︶ ᠭᠠᠷᠳᠠᠨ  ᠭᠦᠢᠴᠡᠳᠬᠡᠬᠦ ᠪᠠᠶᠢᠭᠤᠯᠤᠮᠵᠢ᠃ ᠵᠦᠩ ᠶᠤᠸᠠᠨ ᠲᠠᠷᠢᠶᠠᠯᠠᠩ ᠤᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠠᠤᠬᠠᠨ ᠬᠤᠰᠢᠭᠤᠨ ᠳᠠᠬᠢ ᠰᠠᠯᠪᠤᠷᠢ ᠺᠣᠮᠫᠠᠨᠢ ᠨᠢ ᠠᠤᠬᠠᠨ ᠬᠤᠰᠢᠭᠤᠨ ᠤ ᠨᠠᠷᠢᠮᠤ ᠲᠠᠷᠢᠬᠤ ᠳᠠᠭᠠᠳᠬᠠᠯ ᠤᠨ ᠲᠤᠷᠰᠢᠯᠲᠠ ᠶᠢᠨ ᠴᠡᠭ ᠤᠨ ᠠᠵᠢᠯ ᠢ ᠳᠠᠭᠠᠭᠠᠴᠢᠯᠠᠬᠤ ᠪᠠᠶᠢᠭᠤᠯᠤᠮᠵᠢ  ᠪᠣᠯᠤᠨ᠎ᠠ᠃    ︵ᠬᠤᠶᠠᠷ︶ ᠭᠠᠷᠳᠠᠨ  ᠭᠦᠢᠴᠡᠳᠬᠡᠬᠦ ᠬᠡᠪᠴᠢᠶ᠎ᠡ᠃ ᠬᠠᠭᠤᠷᠠᠢ ᠲᠠᠷᠢᠶᠠᠨ ᠳᠤ ᠨᠠᠷᠢᠮᠤ ᠳᠠᠷᠢᠬᠤ ᠳᠠᠭᠠᠳᠬᠠᠯ ᠤᠨ ᠲᠤᠷᠰᠢᠯᠲᠠ ᠶᠢᠨ ᠴᠡᠭ ᠤᠨ ᠭᠠᠷᠲᠠᠨ ᠭᠦᠢᠴᠡᠳᠭᠡᠬᠦ ᠣᠷᠣᠨ ᠪᠦᠰᠡ ᠨᠢ ᠠᠤᠬᠠᠨ ᠬᠤᠰᠢᠭᠤᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ᠂ ᠶᠡᠷᠦᠩᠬᠡᠶ ᠳᠠᠭᠠᠳᠬᠠᠭᠤᠯᠤᠭᠰᠠᠨ ᠲᠠᠯᠠᠪᠠᠶ ᠨᠢ 60 ᠲᠦᠮᠡᠨ ᠮᠥ ᠪᠣᠯᠤᠨ᠎ᠠ᠃    ᠭᠤᠷᠪᠠ᠂ ᠳᠠᠭᠠᠳᠬᠠᠭᠤᠯᠬᠤ ᠵᠢᠴᠢ ᠲᠥᠯᠥᠬᠦ ᠲᠥᠷᠥ ᠶᠢᠨ ᠪᠣᠳᠣᠯᠭ᠎ᠠ    ︵ᠨᠢᠭᠡ︶ ᠳᠠᠭᠠᠳᠬᠠᠭᠤᠯᠬᠤ ᠡᠲᠡᠭᠡᠳ᠃ ᠬᠠᠭᠤᠷᠠᠢ ᠲᠠᠷᠢᠶᠠᠨ ᠤ ᠨᠠᠷᠢᠮᠤ ᠲᠠᠷᠢᠬᠤ ᠠᠵᠢᠯ ᠢ ᠬᠢᠵᠦ ᠪᠠᠶᠢᠭ᠎ᠠ ᠲᠠᠷᠢᠶᠠᠴᠢᠨ ᠡᠷᠦᠬᠡ᠂ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠭᠰᠠᠨ ᠵᠣᠬᠢᠶᠠᠨ ᠪᠠᠶᠢᠭᠤᠯᠤᠯᠲᠠ᠂ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠤᠶᠤ ᠠᠵᠤ ᠠᠬᠤᠢ ᠶᠢᠨ ᠨᠢᠭᠡᠴᠡ᠃    ︵ᠬᠤᠶᠠᠷ︶ ᠳᠠᠭᠠᠳᠬᠠᠯ ᠤᠨ ᠵᠣᠭᠤᠰ ᠤᠨ ᠲᠤᠭ᠎ᠠ ᠵᠢᠴᠢ ᠵᠠᠷᠤᠳᠠᠯ ᠤᠨ ᠨᠤᠷᠮ᠎ᠠ᠃ ᠲᠥᠷᠥ ᠶᠢᠨ ᠪᠣᠳᠣᠯᠭ᠎ᠠ ᠶᠢᠨ ᠴᠢᠨᠠᠷᠲᠠᠶ ᠬᠠᠭᠤᠷᠠᠢ ᠭᠠᠵᠠᠷ ᠤᠨ ᠨᠠᠷᠢᠮᠤ ᠲᠠᠷᠢᠬᠤ ᠳᠠᠭᠠᠳᠬᠠᠯ ᠤᠨ ᠮᠦ ᠪᠦᠷᠢ ᠶᠢᠨ ᠳᠠᠭᠠᠳᠬᠠᠯ ᠤᠨ ᠵᠣᠭᠤᠰ ᠤᠨ ᠲᠤᠭ᠎ᠠ ᠨᠢ 200 ᠲᠥᠭᠦᠷᠢᠭ / ᠮᠥ᠂ ᠳᠠᠭᠠᠳᠬᠠᠯ ᠤᠨ ᠵᠠᠷᠤᠳᠠᠯ ᠤᠨ ᠨᠣᠷᠮ᠎ᠠ ᠨᠢ 6% ᠪᠠᠶᠢᠵᠤ᠂ ᠲᠤᠬᠠᠶᠢᠯᠠᠪᠠᠯ ᠮᠦ ᠪᠦᠷᠢ ᠶᠢᠨ ᠳᠠᠭᠠᠳᠬᠠᠯ ᠤᠨ ᠵᠠᠷᠤᠳᠠᠯ 12 ᠲᠥᠭᠦᠷᠢᠭ ᠪᠣᠯᠤᠨ᠎ᠠ᠃    ︵ᠭᠤᠷᠪᠠ︶ ᠳᠠᠭᠠᠳᠬᠠᠯ ᠤᠨ ᠨᠥᠬᠦᠪᠥᠷᠢ ᠬᠤᠪᠢᠶᠠᠷᠢᠯᠠᠬᠤ ᠬᠠᠷᠢᠴᠠᠯ᠃ ᠳᠠᠭᠠᠳᠬᠠᠯ ᠤᠨ ᠨᠥᠬᠦᠪᠥᠷᠢ ᠶᠢᠨ ᠬᠠᠷᠢᠴᠠᠯ ᠨᠢ ᠣᠷᠣᠨ᠂ ᠬᠤᠲᠠ᠂ ᠬᠤᠰᠢᠭᠤ ᠨᠢ 80% ᠪᠠᠶᠢᠵᠤ᠂ ᠳᠠᠭᠠᠳᠬᠠᠯ ᠳᠤ ᠣᠷᠣᠯᠴᠠᠬᠤ ᠡᠲᠡᠭᠡᠳ ᠤᠨ ᠥᠪᠡᠷ ᠢᠶᠠᠨ 20% ᠲᠤᠰᠢᠶᠠᠨ᠎ᠠ᠃ ᠲᠤᠬᠠᠶᠢᠯᠠᠪᠠᠯ᠄ ᠮᠦ ᠪᠦᠷᠢ ᠶᠢᠨ ᠳᠠᠭᠠᠳᠬᠠᠯ ᠤᠨ ᠵᠠᠷᠤᠳᠠᠯ 12 ᠲᠥᠭᠦᠷᠢᠭ᠂  ᠤᠷᠤᠨ᠂ ᠬᠤᠲᠠ᠂ ᠬᠤᠰᠢᠭᠤ ᠮᠦ ᠪᠦᠷᠢ ᠳᠤ 9.6 ᠲᠥᠭᠦᠷᠢᠭ ᠨᠥᠬᠦᠪᠦᠷᠢ ᠥᠭᠴᠦ᠂ ᠳᠠᠭᠠᠳᠬᠠᠯ ᠳᠤ ᠣᠷᠣᠯᠴᠠᠭᠰᠠᠨ ᠡᠲᠡᠭᠡᠳ ᠨᠢ ᠥᠪᠡᠷ ᠢᠶᠠᠨ 2.4 ᠲᠥᠭᠦᠷᠢᠭ / ᠮᠦ ᠲᠤᠰᠢᠶᠠᠨ᠎ᠠ᠃    ︵ᠲᠦᠷᠪᠡ︶ ᠳᠠᠭᠠᠳᠬᠠᠯ ᠤᠨ ᠬᠤᠭᠤᠴᠠᠭ᠎ᠠ᠃ ᠳᠠᠭᠠᠳᠬᠠᠯ ᠤᠨ ᠬᠠᠭᠤᠷᠠᠢ ᠲᠠᠷᠢᠶ᠎ᠠ ᠶᠢᠨ ᠨᠠᠷᠢᠮᠦ ᠶᠢᠨ ᠳᠠᠭᠠᠳᠬᠠᠯ ᠤᠨ ᠬᠤᠭᠤᠴᠠᠭ᠎ᠠ ᠨᠢ ᠳᠠᠭᠠᠳᠬᠠᠯ  ᠳᠤ ᠭᠠᠷ ᠤᠨ ᠦᠰᠦᠭ ᠵᠢᠷᠤᠭᠰᠠᠨ ᠤ ᠳᠠᠷᠠᠭ᠎ᠠ ᠡᠳᠦᠷ ᠠᠴᠠ 2023 ᠣᠨ ᠤ 9 ᠰᠠᠷ᠎ᠠ ᠶᠢᠨ 30 ᠤ ᠡᠳᠦᠷ ᠪᠣᠯᠣᠨ᠎ᠠ᠃    ︵ᠲᠠᠪᠤ︶ ᠲᠥᠯᠥᠬᠦ ᠬᠠᠷᠢᠭᠤᠴᠠᠯᠭ᠎ᠠ᠃ ᠳᠠᠭᠠᠳᠬᠠᠭᠰᠠᠨ ᠬᠤᠭᠤᠴᠠᠭᠠᠨ ᠳᠤ᠂ ᠳᠣᠤᠷᠠᠬᠢ ᠰᠢᠯᠲᠠᠭᠠᠨ ᠠᠴᠠ ᠪᠣᠯᠣᠭᠠᠳ ᠳᠠᠭᠠᠳᠬᠠᠭᠰᠠᠨ ᠬᠠᠭᠤᠷᠠᠶ ᠲᠠᠷᠢᠶᠠᠨ ᠤ ᠨᠠᠷᠢᠮᠦ ᠶᠢᠨ ᠰᠢᠭᠤᠳ ᠡᠪᠳᠡᠭᠳᠡᠵᠦ ᠰᠦᠢᠳᠦᠭᠰᠡᠨ ᠪᠤᠶᠤ ᠤᠰᠠᠳᠴᠤ ᠭᠡᠭᠡᠭᠳᠡᠭᠰᠡᠨ ᠮᠥᠷᠲᠡᠭᠡᠨ ᠬᠤᠬᠢᠷᠠᠭᠰᠠᠨ ᠬᠡᠮᠵᠢᠶ᠎ᠡ ᠨᠢ ᠪᠠᠷᠢᠮᠵᠢᠶ᠎ᠠ ᠳᠤ ᠬᠦᠷᠦᠭᠰᠡᠨ ᠪᠠᠶᠢᠪᠠᠯ᠂ ᠳᠠᠭᠠᠳᠬᠠᠭᠴᠢ ᠲᠤᠰ ᠳᠠᠭᠠᠳᠬᠠᠯ ᠤᠨ ᠭᠡᠷ᠎ᠡ ᠳᠤ ᠪᠣᠯᠵᠣᠨ ᠲᠣᠭᠲᠠᠭᠰᠠᠨ ᠶᠣᠰᠣᠭᠠᠷ ᠲᠥᠯᠥᠬᠦ ᠶᠢ ᠬᠠᠷᠢᠭᠤᠴᠠᠨ᠎ᠠ᠄    1. ᠰᠢᠷᠦᠭᠦᠨ ᠪᠣᠷᠣᠭᠠᠨ᠂ ᠦᠶᠡᠷ ᠤᠰᠤᠲᠤᠯ᠂ ᠰᠠᠯᠬᠢᠨ ᠤ ᠭᠠᠮᠰᠢᠭ᠂ ᠮᠥᠨᠳᠥᠷ ᠤᠨ ᠭᠠᠮᠰᠢᠭ ᠤᠨ ᠰᠢᠯᠲᠠᠭᠠᠨ ᠠᠴᠠ ᠪᠣᠯᠵᠤ ᠬᠤᠬᠢᠷᠠᠯ ᠤᠨ ᠬᠡᠮᠵᠢᠶ᠎ᠡ  ᠨᠢ 20% ᠠᠴᠠ ᠳᠡᠭᠡᠭᠰᠢ ︵20% ᠶᠢ ᠪᠠᠭᠲᠠᠭᠠᠨ᠎ᠠ︶︔    2. ᠬᠦᠯᠳᠡᠬᠦ ᠭᠠᠮᠰᠢᠭ᠂ ᠭᠠᠩ ᠤᠨ ᠭᠠᠮᠰᠢᠭ᠂ ᠭᠠᠯ ᠤᠨ ᠠᠶᠤᠯ᠂ ᠳᠡᠯᠪᠡᠷᠡᠬᠦ᠂ ᠠᠶᠤᠩᠭ᠎ᠠ ᠴᠠᠬᠢᠯᠭᠠᠨ᠂ ᠰᠢᠪᠠᠷ ᠴᠢᠯᠠᠭᠤᠨ ᠤ ᠤᠷᠤᠰᠬᠠᠯ᠂ ᠠᠭᠤᠯᠠ ᠶᠡᠭᠦᠷᠡᠬᠦ᠂ ᠠᠭᠠᠷ ᠢᠶᠠᠷ ᠠᠶᠠᠯᠠᠬᠤ ᠪᠣᠳᠠᠰ ᠤᠨ  ᠪᠠᠭᠤᠯᠲᠠ᠂ ᠡᠪᠡᠳᠴᠢᠨ ᠬᠤᠷᠣᠬᠠᠶ ᠬᠤᠯᠤᠭᠠᠨ᠎ᠠ ᠶᠢᠨ ᠬᠥᠨᠥᠭᠡᠯ᠂ ᠬᠡᠭᠡᠷ᠎ᠡ ᠶᠢᠨ ᠠᠮᠢᠲᠠᠨ ᠤ ᠬᠤᠬᠢᠷᠠᠯ ᠤᠨ ᠰᠢᠯᠲᠠᠭᠠᠨ ᠠᠴᠠ ᠪᠣᠯᠵᠤ ᠬᠤᠬᠢᠷᠠᠯ ᠤᠨ ᠬᠡᠮᠵᠢᠶ᠎ᠡ 30% ᠠᠴᠠ ᠳᠡᠭᠡᠭᠰᠢ ︵30% ᠶᠢ ᠪᠠᠭᠲᠠᠭᠠᠨ᠎ᠠ︶ ᠃     ᠳᠥᠷᠪᠡ᠂ ᠳᠠᠭᠠᠭᠠᠴᠢᠯᠠᠬᠤ ᠱᠠᠭᠠᠷᠳᠠᠯᠭ᠎ᠠ ᠵᠢᠴᠢ ᠠᠷᠭ᠎ᠠ ᠮᠠᠶ᠋ᠢᠭ      ︵ᠨᠢᠭᠡ ︶᠂ ᠳᠠᠭᠠᠳᠬᠠᠯ ᠬᠦᠯᠢᠶᠡᠬᠦ ᠱᠠᠭᠠᠷᠳᠠᠯᠭ᠎ᠠ᠃      ︵ᠬᠤᠶᠠᠷ︶ ᠂ ᠳᠠᠭᠠᠳᠬᠠᠭᠤᠯᠬᠤ ᠠᠷᠭ᠎ᠠ ᠮᠠᠶ᠋ᠢᠭ ᠃    ᠲᠠᠪᠤ᠂ ᠳᠠᠭᠠᠳᠬᠠᠯ ᠤᠨ ᠲᠥᠯᠥᠪᠦᠷᠢ ᠥᠭᠬᠦ    ︵ᠨᠢᠭᠡ ︶  ᠲᠥᠯᠥᠬᠦ ᠵᠠᠷᠴᠢᠮ᠃ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠢ ᠡᠷᠬᠡᠪᠰᠢ ︽ᠲᠠᠷᠢᠶᠠᠯᠠᠩ ᠤᠨ ᠳᠠᠭᠠᠳᠬᠠᠯ ᠤᠨ ᠵᠦᠢᠯ ᠵᠤᠷᠪᠤᠰ︾ ︵ᠲᠥᠷᠥ ᠶᠢᠨ ᠶᠠᠪᠤᠳᠠᠯ ᠤᠨ ᠬᠤᠷᠢᠶᠠᠨ ᠤ ᠵᠠᠷᠯᠢᠭ 629 ᠳ᠋ᠤᠭᠡᠷ ᠲᠣᠭᠠᠲᠤ︶᠂ ︽ᠲᠠᠷᠢᠶᠠᠯᠠᠩ ᠤᠨ ᠳᠠᠭᠠᠳᠬᠠᠯ ᠤᠨ ᠳᠠᠭᠠᠳᠬᠠᠯ ᠤᠨ ᠲᠥᠯᠥᠪᠦᠷᠢ ᠥᠭᠬᠦ ᠬᠠᠮᠢᠶᠠᠷᠤᠯᠲᠠ ᠶᠢᠨ ᠠᠷᠭ᠎ᠠ︾ ︵ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ︹2022︺ 4 ᠳ᠋ᠤᠭᠡᠷ ᠲᠣᠭᠠᠲᠤ︶  ᠶᠣᠰᠤᠭᠠᠷ ᠂ ᠴᠠᠭ ᠲᠤᠬᠠᠶ ᠳᠤᠨᠢ ᠪᠠᠶᠢᠴᠠᠭᠠᠨ ᠰᠢᠨᠵᠢᠵᠦ᠂ ᠬᠤᠬᠢᠷᠠᠯ ᠤᠨ ᠬᠡᠮᠵᠢᠶ᠎ᠡ ᠶᠢ ᠲᠣᠭᠲᠠᠭᠠᠵᠤ᠂ ᠲᠥᠯᠥᠪᠦᠷᠢ ᠥᠭᠴᠦ᠂ ᠭᠠᠮᠰᠢᠭ ᠲᠠᠢ ᠪᠣᠯ ᠲᠥᠯᠥᠵᠦ᠂ ᠭᠠᠮᠰᠢᠭ ᠦᠭᠡᠶ ᠪᠣᠯ ᠲᠥᠯᠥᠬᠦ ᠦᠭᠡᠶ ᠪᠠᠶᠢᠵᠤ᠂ ᠲᠡᠭᠰᠢᠳᠬᠡᠭᠡᠳ ᠣᠯᠭᠤᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠨᠥᠬᠦᠪᠥᠷᠢ ᠥᠭᠬᠦ ᠦᠵᠡᠭᠳᠡᠯ ᠢ ᠡᠷᠡᠰ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃    ︵ᠬᠤᠶᠠᠷ︶ ᠲᠥᠯᠥᠪᠦᠷᠢ ᠥᠭᠬᠦ᠃ ᠳᠠᠭᠠᠳᠬᠠᠯ ᠤᠨ ᠬᠠᠭᠤᠷᠠᠶ ᠲᠠᠷᠢᠶᠠᠨ ᠳᠤ ᠳᠠᠭᠠᠳᠬᠠᠭᠰᠠᠨ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠬᠤᠬᠢᠷᠠᠯ ᠭᠠᠷᠪᠠᠯ᠂ ᠳᠠᠭᠠᠳᠬᠠᠯ ᠤᠨ ᠶᠠᠪᠤᠳᠠᠯ ᠢ ᠡᠷᠬᠢᠯᠡᠨ ᠭᠦᠢᠴᠡᠳᠬᠡᠬᠦ ᠪᠠᠶᠢᠭᠤᠯᠤᠮᠵᠢ ᠠᠴᠠ ᠳᠣᠤᠷᠠᠬᠢ ᠠᠷᠭ᠎ᠠ ᠮᠠᠶ᠋ᠢᠭ ᠢᠶᠠᠷ ᠲᠥᠯᠥᠪᠦᠷᠢ ᠶᠢ ᠪᠣᠳᠣᠨ᠎ᠠ᠄    1. ᠪᠦᠬᠦ ᠬᠤᠬᠢᠷᠠᠯ    2. ᠬᠡᠰᠡᠭ ᠬᠤᠬᠢᠷᠠᠯ    ᠵᠢᠷᠭᠤᠭ᠎ᠠ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠳᠠᠯᠠᠬᠤ ᠬᠡᠷᠡᠭᠲᠡᠶ  ᠬᠤᠰᠢᠭᠤᠨ ᠤ ᠲᠠᠷᠢᠶᠠᠯᠠᠩ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠠᠵᠢᠯ ᠤᠨ ᠤᠳᠤᠷᠢᠳᠬᠤ ᠳᠤᠭᠤᠶᠢᠯᠠᠩ ᠠᠴᠠ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠳᠠᠭᠠᠳᠬᠠᠯ ᠬᠠᠷᠢᠭᠤᠴᠠᠬᠤ ᠺᠣᠮᠫᠠᠨᠢ ᠶᠢᠨ ᠳᠠᠭᠠᠳᠬᠠᠯ ᠤᠨ ᠵᠠᠷᠤᠳᠠᠯ ᠤᠨ ᠨᠥᠬᠦᠪᠦᠷᠢ ᠣᠯᠭᠤᠬᠤ ᠠᠵᠢᠯ ᠢ ᠱᠠᠯᠠᠪᠳᠠᠭᠤᠯᠤᠨ ᠪᠠᠶᠢᠴᠠᠭᠠᠵᠤ᠂ ᠡᠭᠦᠨ ᠤ ᠭᠤᠣᠯᠳᠠᠯᠭ᠎ᠠ ᠨᠢ ᠳᠠᠭᠠᠳᠬᠠᠯ ᠬᠦᠯᠢᠶᠡᠬᠦ᠂ ᠲᠥᠯᠥᠬᠦ᠂ ᠢᠯᠡ ᠨᠡᠶᠢᠲᠡᠯᠡᠬᠦ ᠵᠡᠷᠭᠡ ᠠᠵᠢᠯ ᠢ ᠦᠷᠨᠢᠭᠦᠯᠦᠭᠰᠡᠨ ᠪᠠᠶᠢᠳᠠᠯ ᠪᠠᠶᠢᠵᠤ᠂ ᠳᠠᠭᠠᠳᠬᠠᠯ ᠬᠠᠷᠢᠭᠤᠴᠠᠬᠤ ᠶᠠᠪᠤᠴᠠ ᠳᠤ ᠢᠯᠡᠷᠡᠭᠰᠡᠨ ᠡᠯ᠎ᠡ ᠲᠥᠷᠥᠯ ᠤᠨ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠤᠨ ᠰᠢᠢᠳᠪᠦᠷᠢᠯᠡᠵᠦ᠂ ᠳᠠᠭᠠᠳᠬᠠᠯ ᠳᠤ ᠣᠷᠣᠯᠴᠠᠭᠰᠠᠨ ᠲᠠᠷᠢᠶᠠᠴᠢᠨ ᠡᠷᠦᠬᠡ ᠶᠢᠨ ᠬᠤᠪᠢ ᠪᠡᠶ᠎ᠡ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠳᠠᠭᠠᠳᠬᠠᠯ ᠬᠠᠷᠢᠭᠤᠴᠠᠬᠤ ᠪᠠ ᠭᠠᠮᠰᠢᠭᠳᠠᠭᠰᠠᠨ ᠲᠥᠯᠥᠪᠦᠷᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠠᠵᠢᠯᠲᠠᠨ ᠢᠶᠠᠨ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠯᠲᠠ ᠪᠠ ᠵᠢᠯᠣᠭᠤᠳᠤᠯᠭ᠎ᠠ ᠬᠢᠵᠦ᠂ ᠣᠯᠠᠨ ᠲᠦᠮᠡᠨ ᠤ ᠠᠷᠠᠳᠴᠢᠯᠠᠭᠰᠠᠨ ᠬᠢᠨᠠᠯᠲᠠ ᠪᠠ ᠰᠣᠨᠢᠨ ᠮᠡᠳᠡᠭᠡᠨ ᠤ ᠵᠠᠭᠤᠴᠢᠯᠠᠭᠤᠷ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠳᠠᠭᠠᠳᠬᠠᠯ ᠤᠨ ᠬᠠᠭᠤᠳᠠᠰᠤᠨ ᠳᠤ ᠭᠠᠷ ᠤᠨ ᠦᠰᠦᠭ ᠵᠢᠷᠤᠬᠤ᠂ ᠪᠠᠶᠢᠴᠠᠭᠠᠨ ᠰᠢᠨᠵᠢᠵᠦ ᠬᠤᠬᠢᠷᠠᠯ ᠤᠨ ᠬᠡᠮᠵᠢᠶ᠎ᠡ ᠶᠢ ᠲᠣᠭᠲᠠᠭᠠᠬᠤ᠂ ᠲᠥᠯᠥᠪᠦᠷᠢ ᠥᠭᠬᠦ ᠵᠡᠷᠭᠡ ᠭᠤᠭᠴᠤᠭ᠎ᠠ ᠶᠢᠨ ᠠᠵᠢᠯ ᠳᠤ ᠲᠤᠰᠬᠠᠢ ᠪᠠᠶᠢᠴᠠᠭᠠᠯᠲᠠ ᠬᠢᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢᠨ ᠬᠠᠮᠲᠤ᠂ ᠬᠠᠮᠢᠶ᠎ᠠ ᠪᠦᠬᠦᠢ ᠳᠠᠭᠠᠳᠬᠠᠯ ᠤᠨ ᠺᠣᠮᠫᠠᠨᠢ ᠶᠢᠨ ᠳᠠᠭᠠᠳᠬᠠᠯ ᠤᠨ ᠳᠠᠭᠠᠭᠠᠬᠤ ᠬᠢᠷᠢ ᠬᠡᠮ ᠢ ᠨᠢ ᠬᠦᠴᠦᠨ ᠦᠭᠡᠢ ᠪᠣᠯᠭᠠᠬᠤ ᠬᠡᠷᠡᠭᠲᠡᠢ᠃       ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ  ᠤᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号