ᠭᠦᠸᠧ ᠬᠤᠸᠠ᠂ ᠹᠧᠩ ᠶᠦᠨ ᠾᠦᠢ ᠰᠠᠯᠪᠤᠷᠢ ᠰᠢᠶᠠᠩ ᠪᠣᠯᠤᠨ ᠰᠢᠨ ᠵᠧᠦ ᠵᠡᠭᠡᠯᠢ ᠭᠤᠳᠤᠮᠵᠢ ᠳᠤ ᠬᠦᠷᠴᠦ ᠴᠠᠭᠠᠨ ᠰᠠᠷ᠎ᠠ ᠠᠴᠠ ᠡᠮᠦᠨᠡᠬᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/2/4
   C:\Users\Administrator\Desktop\54cf4ca9e8260cb4245456a1ba2744d.png   
    2 ᠰᠠᠷ᠎ᠠ ᠶᠢᠨ 2 ᠤᠨ ᠡᠳᠦᠷ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠭᠦᠸᠧ ᠬᠤᠸᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠹᠧᠩ ᠶᠦᠨ ᠾᠦᠢ ᠨᠠᠷ ᠰᠠᠯᠪᠤᠷᠢ ᠰᠢᠶᠠᠩ᠂ ᠰᠢᠨ ᠵᠧᠤ ᠵᠡᠭᠡᠯᠢ ᠭᠤᠳᠤᠮᠵᠢ ᠳᠤ ᠬᠦᠷᠴᠦ ᠨᠠᠰᠤᠲᠠᠨ ᠢ ᠠᠰᠠᠷᠠᠬᠤ ᠬᠦᠷᠢᠶᠡᠯᠡᠩ ᠤᠨ ᠨᠠᠰᠤᠲᠠᠨ᠂ ᠠᠮᠢᠳᠤᠷᠠᠯ ᠨᠢ ᠬᠦᠴᠢᠷᠳᠡᠯᠲᠡᠶ ᠨᠠᠮ ᠤᠨ ᠭᠡᠰᠢᠭᠦᠨ ᠵᠢᠴᠢ ᠴᠡᠷᠢᠭ ᠠᠴᠠ ᠬᠠᠯᠠᠭᠳᠠᠭᠰᠠᠳ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠣᠨᠴᠠ ᠬᠦᠴᠢᠷᠳᠡᠯᠲᠡᠶ ᠣᠯᠠᠨ ᠲᠦᠮᠡᠨ᠂ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠭᠡᠵᠦ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠭᠦᠯᠪᠡ᠃    ᠰᠠᠯᠪᠤᠷᠢ ᠰᠢᠶᠠᠩ ᠤᠨ ᠨᠠᠰᠤᠲᠠᠨ ᠢ ᠠᠰᠠᠷᠠᠬᠤ ᠬᠦᠷᠢᠶᠡᠯᠡᠩ ᠳᠤ᠂ ᠭᠦᠸᠧ ᠬᠤᠸᠠ ᠪᠣᠯᠤᠨ ᠹᠧᠩ ᠶᠦᠨ ᠾᠦᠢ ᠨᠠᠷ ᠪᠠᠶᠢᠷᠢ ᠶᠢᠨ ᠭᠡᠷ᠂ ᠬᠤᠭᠤᠯᠠᠨ ᠭᠡᠷ ᠲᠤ ᠣᠷᠣᠵᠤ᠂ ᠳᠤᠯᠠᠭᠠᠯᠠᠭ᠎ᠠ ᠬᠠᠩᠭᠠᠬᠤ ᠪᠠ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠳ᠋ ᠪᠣᠳᠠᠰ ᠤᠨ ᠪᠡᠯᠡᠳᠬᠡᠯ ᠤᠨ ᠪᠠᠶᠢᠳᠠᠯ ᠢ ᠪᠠᠶᠢᠴᠠᠭᠠᠨ ᠦᠵᠡᠵᠦ᠂ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠨᠠᠰᠤᠲᠠᠨ ᠢ ᠠᠰᠠᠷᠠᠬᠤ ᠬᠦᠷᠢᠶᠡᠯᠡᠩ ᠤᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠨᠠᠰᠤᠲᠠᠨ ᠤ ᠠᠮᠢᠳᠤᠷᠠᠯ ᠢ ᠪᠦᠬᠦ ᠰᠡᠳᠬᠢᠯ ᠪᠦᠬᠦ ᠬᠦᠴᠦᠨ ᠢᠶᠠᠷ ᠢᠶᠠᠨ ᠰᠠᠶᠢᠲᠤᠷ ᠬᠠᠷᠠᠭᠠᠯᠵᠠᠵᠤ᠂ ᠲᠡᠳᠡᠨ ᠤ ᠥᠲᠡᠯᠦᠭᠡ ᠨᠠᠰᠤ ᠪᠠᠨ ᠠᠮᠤᠷ ᠲᠠᠶᠢᠪᠤᠩ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃    ᠭᠦᠸᠧ ᠬᠤᠸᠠ ᠪᠣᠯᠤᠨ ᠹᠧᠩ ᠶᠦᠨ ᠾᠦᠢ ᠨᠠᠷ ᠠᠮᠢᠳᠤᠷᠠᠯ ᠨᠢ ᠬᠦᠴᠢᠷᠳᠡᠯᠲᠡᠢ ᠨᠠᠮ ᠤᠨ ᠭᠡᠰᠢᠭᠦᠨ᠂ ᠴᠡᠷᠢᠭ ᠠᠴᠠ ᠬᠠᠯᠠᠭᠳᠠᠭᠰᠠᠨ ᠵᠤᠤ ᠴᠦᠨ ᠯᠦᠩ ᠪᠣᠯᠤᠨ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠱᠢ ᠳ᠋ᠢᠶᠠᠨ ᠹᠦ᠋ ᠶᠢᠨ ᠭᠡᠷ ᠲᠤ ᠲᠣᠬᠤᠨᠢᠭᠤᠯᠬᠤ ᠳᠠᠭᠠᠨ᠂ ᠲᠡᠳᠡᠨ ᠤ ᠪᠡᠶ᠎ᠡ ᠮᠠᠬᠠᠪᠣᠳ ᠤᠨ ᠪᠠᠶᠢᠳᠠᠯ᠂ ᠠᠮᠢᠳᠤᠷᠠᠯ ᠤᠨ ᠪᠠᠶᠢᠳᠠᠯ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠪᠣᠯᠤᠨ ᠬᠡᠷᠡᠭᠴᠡᠭᠡ ᠶᠢ ᠨᠠᠷᠢᠨ ᠬᠢᠨᠠᠮᠠᠭᠠᠢ ᠠᠰᠠᠭᠤᠨ ᠯᠠᠪᠯᠠᠵᠤ᠂ ᠲᠡᠳᠡᠨ ᠤ ᠢᠲᠡᠭᠡᠯ ᠵᠣᠷᠢᠭ ᠢᠶᠠᠨ ᠪᠠᠲᠤᠳᠬᠠᠵᠤ᠂ ᠪᠡᠶ᠎ᠡ ᠪᠠᠨ  ᠬᠠᠮᠠᠭᠠᠯᠠᠵᠤ᠂ ᠠᠮᠢᠳᠤᠷᠠᠯ ᠳᠤ ᠢᠳᠡᠪᠬᠢᠲᠡᠢ ᠬᠠᠨᠳᠤᠬᠤ ᠶᠢ ᠵᠣᠷᠢᠭᠵᠢᠭᠤᠯᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠬᠦᠴᠢᠷᠳᠡᠯᠲᠡᠢ ᠤᠯᠠᠨ ᠲᠦᠮᠡᠨ ᠤ ᠠᠮᠢᠳᠤᠷᠠᠯ ᠤᠨ ᠪᠠᠶᠢᠳᠠᠯ ᠢ ᠴᠠᠭ ᠢᠮᠠᠭᠲᠠ ᠠᠩᠬᠠᠷᠴᠤ᠂ ᠲᠡᠳᠡᠨ ᠢ ᠴᠠᠭ ᠲᠤᠬᠠᠢ ᠳᠤᠨᠢ ᠬᠠᠪᠰᠤᠷᠤᠨ ᠬᠦᠴᠢᠷ ᠵᠣᠪᠠᠭᠤᠷᠢ ᠶᠢ ᠨᠢ ᠰᠢᠢᠳᠪᠦᠷᠢᠯᠡᠵᠦ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠬᠡᠷᠡᠭᠵᠢᠭᠦᠯᠵᠦ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠠᠬᠢᠪᠠ᠃    ᠰᠢᠨ ᠵᠸᠦ ᠵᠡᠭᠡᠯᠢ ᠭᠤᠳᠤᠮᠵᠢ ᠳᠤ᠂ ᠭᠦᠸᠧ ᠬᠤᠸᠠ ᠠᠵᠢᠯ ᠠᠴᠠ ᠪᠠᠨ ᠰᠠᠯᠵᠤ ᠠᠮᠠᠷᠠᠭᠰᠠᠨ ᠠᠬᠠᠮᠠᠳ ᠺᠠᠳ᠋ᠷ ᠭᠤᠤ ᠪᠦᠦ ᠴᠢ ᠶᠢᠨ ᠭᠡᠷ ᠲᠤ ᠬᠦᠷᠴᠦ᠂ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠲᠡᠭᠦᠨ ᠤ ᠲᠠᠶᠢᠨ ᠳᠤ ᠣᠷᠣᠯᠴᠠᠭᠰᠠᠨ ᠦᠶ᠎ᠡ ᠶᠢᠨ ᠥᠩᠭᠡᠷᠡᠯᠲᠡ ᠶᠢ ᠨᠠᠷᠢᠨ ᠬᠢᠨᠠᠮᠠᠭᠠᠢ ᠰᠣᠨᠣᠰᠴᠤ᠂ ᠲᠡᠳᠡᠨ ᠤ ᠣᠯᠤᠭᠰᠠᠨ ᠢᠷᠠᠭᠤ ᠠᠯᠳᠠᠷ ᠤᠨ ᠦᠨᠡᠮᠯᠡᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠨᠠᠰᠤᠲᠠᠨ ᠤ ᠠᠮᠢᠳᠤᠷᠠᠯ᠂ ᠪᠡᠶ᠎ᠡ ᠮᠠᠬᠠᠪᠣᠳ ᠵᠡᠷᠭᠡ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠭᠦᠨ ᠤ ᠨᠠᠮ ᠪᠣᠯᠤᠨ ᠤᠯᠤᠰ ᠲᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠬᠤ ᠶᠢᠨ ᠬᠠᠮᠲᠤ ᠨᠠᠰᠤᠲᠠᠨ ᠢ ᠪᠡᠶ᠎ᠡ ᠪᠠᠨ ᠬᠠᠮᠠᠭᠠᠯᠠᠵᠤ᠂ ᠪᠠᠶᠠᠰᠤᠩᠭᠤᠢ ᠰᠡᠳᠬᠢᠯᠭᠡ ᠲᠠᠢ ᠪᠠᠶᠢᠵᠤ ᠂ ᠡᠷᠡᠭᠦᠯ ᠰᠠᠷᠠᠭᠤᠯ ᠪᠠᠶᠠᠷ ᠬᠥᠷ ᠲᠠᠢ ᠠᠮᠢᠳᠤᠷᠠᠬᠤ  ᠬᠦᠰᠡᠵᠦ ᠪᠠᠶᠢᠨ᠎ᠠ  ᠭᠡᠪᠡ  ᠃
C:\Users\Administrator\Desktop\8a1b28c395bb53a76e3854d6cfea19f.png
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号