ᠮᠠᠨᠢᠬᠠᠨ ᠰᠢᠶᠠᠩ᠄ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠶᠢ ᠭᠦᠢᠴᠡᠳ ᠪᠡᠯᠡᠳᠬᠡᠵᠦ ᠬᠠᠪᠤᠷ ᠤᠨ ᠲᠠᠷᠢᠶᠠᠯᠠᠭ᠎ᠠ  ᠶᠢ  ᠪᠠᠲᠤᠯᠠᠨ᠎ᠠ
ᠨᠡᠶᠢᠲᠡᠯᠡᠭᠰᠡᠨ ᠴᠠᠭ᠄
2024/3/11
             ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠤᠷᠢᠳᠠᠪᠠᠷ ᠪᠡᠯᠡᠳᠬᠡᠨ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ ᠠᠵᠢᠯ ᠪᠣᠯ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠪᠠᠲᠤᠯᠠᠬᠤ ᠴᠢᠬᠤᠯᠠ ᠭᠤᠭᠴᠤᠭ᠎ᠠ ᠪᠣᠯᠤᠨ᠎ᠠ᠃ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠡᠯ᠎ᠡ ᠲᠦᠷᠦᠯ ᠤᠨ ᠴᠢᠨᠠᠷ ᠰᠠᠶᠢᠲᠠᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠳᠠᠭᠠᠯᠠᠭᠳᠠᠴᠠ ᠭᠦᠢᠴᠡᠳ᠂ ᠲᠦᠷᠦᠯ ᠵᠦᠢᠯ ᠪᠦᠷᠢᠨ ᠪᠠᠶᠢᠬᠤ ᠶᠢ ᠪᠠᠲᠤᠯᠠᠬᠤ ᠶᠢᠨ ᠲᠥᠯᠥᠭᠡ᠂ ᠮᠠᠨᠢᠬᠠᠨ ᠰᠢᠶᠠᠩ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠢᠳᠡᠪᠬᠢᠲᠡᠢ ᠵᠣᠬᠢᠴᠠᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠬᠦ᠂ ᠰᠢᠯᠵᠢᠭᠦᠯᠦᠨ ᠵᠥᠭᠡᠭᠡᠪᠦᠷᠢᠯᠡᠬᠦ᠂ ᠲᠤᠬᠢᠷᠠᠭᠤᠯᠤᠨ ᠬᠦᠷᠭᠡᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠭᠠᠷᠤᠯᠲᠠ ᠶᠢ ᠲᠣᠭᠲᠠᠪᠤᠷᠢᠵᠢᠭᠤᠯᠤᠨ ᠡᠯᠪᠡᠭ ᠬᠤᠷᠢᠶᠠᠯᠲᠠ ᠤᠯᠬᠤ ᠳᠤ ︽  ᠰᠠᠭᠤᠷᠢ ᠬᠦᠴᠦᠨ︾  ᠨᠡᠮᠡᠨ᠎ᠡ᠃
C:\Users\Administrator\Desktop\10.jpg
   ᠮᠠᠨᠢᠬᠠᠨ ᠰᠢᠶᠠᠩ ᠤᠨ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠳᠡᠯᠭᠡᠭᠦᠷ ᠲᠤ ᠣᠷᠣᠬᠤ ᠳᠤ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠦᠷ᠎ᠡ ᠵᠡᠷᠭᠡ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠲᠡᠷᠢ ᠲᠡᠭᠰᠢ ᠲᠠᠯᠪᠢᠵᠤ᠂ ᠡᠯ᠎ᠡ ᠲᠥᠷᠥᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠠᠯᠢ ᠴᠢᠳᠠᠬᠤ ᠪᠠᠷ  ᠪᠦᠷᠢᠨ ᠪᠠᠶᠢᠯᠭᠠᠵᠤ᠂ ᠮᠠᠰᠢ ᠣᠯᠠᠨ ᠲᠠᠷᠢᠶᠠᠴᠢᠨ ᠡᠷᠦᠬᠡ ᠬᠠᠪᠤᠷ ᠤᠨ ᠲᠠᠷᠢᠶᠠᠯᠠᠭ᠎ᠠ ᠳᠤ ᠬᠡᠷᠡᠭᠰᠡᠬᠦ ᠡᠳ᠋ ᠪᠣᠳᠠᠰ ᠢ ᠤᠷᠢᠳᠴᠢᠯᠠᠨ ᠭᠠᠷᠳᠠᠨ ᠪᠡᠯᠡᠳᠬᠡᠪᠡ᠃ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠣᠩᠭᠤᠨ ᠬᠤᠳᠠᠯᠳᠤᠨ ᠠᠪᠬᠤ ᠪᠠᠷ ᠢᠷᠡᠭᠰᠡᠨ ᠲᠠᠷᠢᠶᠠᠴᠢᠨ ᠡᠷᠦᠬᠡ ᠲᠠᠰᠤᠷᠠᠯᠳᠡ ᠦᠭᠡᠢ ᠣᠯᠠᠰᠢᠷᠠᠵᠤ᠂ ᠲᠡᠳᠡ ᠪᠤᠷᠳᠤᠭᠤᠷ ᠦᠷ᠎ᠡ ᠶᠢ ᠰᠣᠩᠭᠤᠨ ᠬᠤᠳᠠᠯᠳᠤᠨ ᠠᠪᠴᠤ᠂ ᠨᠦᠭᠦᠭᠡ ᠲᠠᠯ᠎ᠠ ᠪᠠᠷ ᠲᠠᠷᠢᠮᠠᠯ ᠤᠨ ᠬᠠᠮᠢᠶ᠎ᠠ ᠪᠦᠬᠦᠢ ᠮᠡᠳᠡᠯᠭᠡ ᠶᠢ ᠠᠰᠠᠭᠤᠵᠤ᠂ ᠳᠡᠯᠭᠡᠭᠦᠷ ᠤᠨ ᠬᠠᠷᠢᠭᠤᠴᠠᠯᠭᠠᠲᠠᠨ ᠲᠡᠳᠡᠨ ᠤ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠨᠠᠷᠢᠨ ᠨᠢᠮᠪᠠᠢ ᠰᠢᠢᠳᠪᠦᠷᠢᠯᠡᠵᠦ᠂ ᠲᠠᠷᠢᠶᠠᠴᠢᠨ ᠡᠷᠦᠬᠡ ᠳᠤ ᠨᠡᠩ ᠲᠦᠬᠦᠮ ᠦᠢᠯᠡᠴᠢᠯᠡᠭᠡ ᠬᠠᠩᠭᠠᠪᠠ᠃ ︽ᠡᠪᠦᠯ ᠤᠷᠤᠭᠰᠠᠨ ᠠᠴᠠ ᠨᠠᠰᠢ᠂ ᠪᠢᠳᠡ ᠡᠳ᠋ ᠪᠣᠳᠠᠰ ᠢ ᠢᠳᠡᠪᠬᠢᠲᠡᠶ ᠪᠠᠷ ᠰᠢᠯᠵᠢᠭᠦᠯᠦᠨ ᠲᠡᠭᠡᠭᠡᠪᠦᠷᠢᠯᠡᠵᠦ᠂ ᠬᠢᠮᠢ ᠶᠢᠨ ᠪᠤᠷᠳᠤᠭᠤᠷ᠂ ᠦᠷ᠎ᠡ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠭᠦᠢᠴᠡᠳ ᠨᠥᠭᠡᠴᠡᠯᠡᠵᠦ᠂ ᠲᠠᠷᠢᠶᠠᠴᠢᠨ ᠨᠠᠶᠢᠵᠠ ᠨᠠᠷ ᠤᠨ ᠬᠤᠳᠠᠯᠳᠤᠨ ᠠᠪᠴᠤ ᠬᠡᠷᠡᠭᠯᠡᠬᠦ ᠳᠤ ᠬᠠᠩᠭᠠᠵᠤ᠂ ᠬᠠᠪᠤᠷ ᠤᠨ ᠲᠠᠷᠢᠶᠠᠯᠠᠭ᠎ᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠬᠠᠩᠭᠠᠯᠭ᠎ᠠ ᠶᠢ ᠦᠨᠡᠨ ᠬᠦ  ᠪᠠᠲᠤᠯᠠᠨ᠎ᠠ᠃ ᠣᠳᠣ ᠤᠳᠠᠯ ᠦᠭᠡᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠣᠯᠵᠤ᠂ ᠡᠳᠦᠷ ᠪᠦᠷᠢ  ᠠᠷᠠᠳ ᠣᠯᠠᠨ ᠢᠷᠡᠵᠦ ᠲᠠᠷᠢᠶᠠᠯᠠᠩ ᠤᠨ ᠡᠳ᠋ ᠪᠣᠳᠠᠰ ᠬᠤᠳᠠᠯᠳᠤᠨ ᠠᠪᠴᠤ ᠪᠠᠶᠢᠨ᠎ᠠ᠂ ᠪᠢ ᠣᠯᠠᠨ ᠲᠥᠷᠥᠯ ᠤᠨ ᠡᠷᠳᠡᠨᠢ ᠰᠢᠰᠢ ᠶᠢᠨ ᠭᠠᠭᠴᠠ ᠮᠥᠬᠦᠯᠢᠭᠲᠦ ᠦᠷ᠎ᠡ 30 ᠲᠣᠨ᠂  ᠨᠠᠷᠢᠮᠤ 3 ᠲᠣᠨ᠂ ᠰᠦᠯᠢᠶᠣᠣ ᠪᠦᠷᠬᠦᠪᠴᠢ 20 ᠲᠣᠨ᠂ ᠳᠤᠰᠤᠯᠭᠠᠨ ᠤᠰᠤᠯᠠᠬᠤ ᠪᠦᠰᠡ 1000 ᠭᠠᠷᠤᠶ ᠪᠣᠭᠤᠵᠢ ᠨᠥᠭᠡᠴᠡᠯᠡᠵᠦ᠂ ᠥᠩᠭᠡᠷᠡᠭᠰᠡᠨ ᠵᠢᠯ ᠤᠳ ᠤᠨ ᠬᠤᠳᠠᠯᠳᠤᠨ ᠠᠪᠬᠤ ᠪᠠᠶᠢᠳᠠᠯ ᠢ ᠦᠨᠳᠦᠰᠦᠯᠡᠨ᠂ ᠡᠳᠡᠭᠡᠷ ᠲᠠᠷᠢᠶᠠᠯᠠᠩ ᠤᠨ ᠡᠳ᠋ ᠬᠡᠷᠡᠭᠰᠡᠯ ᠨᠢ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢᠨ ᠬᠡᠷᠡᠭᠴᠡᠭᠡ ᠶᠢ ᠬᠠᠩᠭᠠᠵᠤ ᠳᠡᠶᠢᠯᠦᠨ᠎ᠡ ᠭᠡᠵᠦ ᠮᠠᠨᠢᠬᠠᠨ  ᠰᠢᠶᠠᠩ ᠤᠨ  ᠹᠦ᠋ ᠴᠢᠶᠠᠩ ᠦᠷ᠎ᠡ ᠶᠢᠨ  ᠳᠡᠯᠭᠡᠭᠦᠷ ᠤᠨ ᠬᠠᠷᠢᠭᠤᠴᠠᠯᠭᠠᠲᠠᠨ ᠬᠡᠯᠡᠪᠡ᠃     ᠣᠶᠢᠯᠠᠭᠠᠭᠰᠠᠨ ᠢᠶᠠᠷ᠂ ᠬᠠᠪᠤᠷ ᠤᠨ ᠲᠠᠷᠢᠶᠠᠯᠠᠭ᠎ᠠ ᠶᠢᠨ ᠡᠳ᠋  ᠪᠠᠷᠠᠭ᠎ᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨᠢᠬᠠᠨ ᠰᠢᠶᠠᠩ ᠬᠢᠭᠡᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠦᠷ᠎ᠡ᠂ ᠬᠢᠮᠢ ᠶᠢᠨ ᠪᠣᠷᠲᠣᠭᠤᠷ᠂ ᠲᠠᠷᠢᠶᠠᠨ ᠡᠮ ᠵᠡᠷᠭᠡ ᠬᠠᠪᠤᠷ ᠤᠨ ᠲᠠᠷᠢᠶᠠᠯᠠᠭ᠎ᠠ ᠶᠢᠨ ᠡᠳ᠋  ᠪᠠᠷᠠᠭ᠎ᠠ ᠶᠢ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠡᠭᠦᠨ ᠤ ᠬᠠᠮᠲᠤ᠂ ᠲᠠᠷᠢᠶᠠᠯᠠᠩ ᠤᠨ ᠮᠠᠰᠢᠨ ᠪᠠᠭᠠᠵᠢ ᠶᠢ ᠪᠠᠶᠢᠴᠠᠭᠠᠬᠤ᠂ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ ᠠᠵᠢᠯ ᠢ ᠥᠷᠨᠢᠭᠦᠯᠵᠦ᠂ ᠣᠳᠣᠬᠠᠨ ᠳᠤ᠂ ᠪᠥᠬᠦ ᠰᠢᠶᠠᠩ ᠤᠨ ᠶᠡᠭᠡ ᠪᠠᠭ᠎ᠠ ᠲᠠᠷᠢᠶᠠᠯᠠᠩ ᠤᠨ ᠮᠠᠰᠢᠨ ᠪᠠᠭᠠᠵᠢ ᠶᠢ ᠨᠡᠶᠢᠲᠡ 3850 ᠰᠠᠤᠷᠢ ︵ᠢᠵᠢ︶ ᠬᠢᠨᠠᠨ ᠰᠢᠯᠭᠠᠬᠤ ᠪᠠᠷ ᠳᠡᠮᠵᠢᠨ᠂ ᠬᠢᠷᠢ ᠲᠡᠩᠴᠡᠭᠰᠡᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠵᠦ᠂ ᠲᠠᠷᠢᠶᠠᠯᠠᠩ ᠤᠨ ᠮᠠᠰᠢᠨ ᠤ ᠬᠡᠪ ᠤᠨ ᠶᠣᠰᠣᠭᠠᠷ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠭᠤᠯᠬᠤ ᠶᠢ ᠦᠨᠡᠨᠬᠦ ᠪᠠᠲᠤᠯᠠᠵᠤ ᠪᠠᠶᠢᠨ᠎ᠠ᠃
C:\Users\Administrator\Desktop\11.jpg
     ᠮᠠᠨᠢᠬᠠᠨ ᠰᠢᠶᠠᠩ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠤᠨ ︽ᠦᠢᠯᠡᠴᠢᠯᠡᠭᠡᠨ ᠤ ᠦᠷᠳᠡᠭᠡ︾ ᠪᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠨᠠᠶᠢᠳᠠᠪᠤᠷᠢᠲᠠᠢ ᠪᠠᠶᠢᠬᠤ ᠶᠢ ᠪᠠᠲᠤᠯᠠᠵᠤ᠂ ᠥᠷᠭᠡᠨ ᠤᠯᠠᠨ ᠲᠠᠷᠢᠶᠠᠴᠢᠳ ᠤᠨ ᠬᠡᠷᠡᠭᠯᠡᠬᠦ ᠳᠤ ᠭᠦᠢᠴᠡᠳ ᠂ ᠶᠠᠰᠤ ᠴᠢᠨᠠᠷ ᠰᠢᠯᠢᠳᠡᠭ᠂ ᠦᠨ᠎ᠡ ᠬᠠᠩᠰᠢ ᠰᠠᠶᠢᠲᠠᠢ᠂ ᠰᠠᠨᠠᠭ᠎ᠠ ᠠᠮᠤᠷ ᠲᠠᠷᠢᠶᠠᠯᠠᠩ ᠤᠨ ᠬᠡᠷᠡᠭᠰᠡᠯ ᠢ ᠬᠡᠷᠡᠭᠯᠡᠵᠦ᠂ ᠪᠦᠬᠦ ᠰᠢᠶᠠᠩ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠩᠬᠠᠨ ᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号