1— 2 ᠰᠠᠷ᠎ᠠ ᠳᠤ ᠠᠤᠬᠠᠨ ᠬᠤᠰᠢᠭᠤᠨ ᠤ ᠡᠳ᠋ ᠤᠨ ᠵᠠᠰᠠᠭ ᠤᠨ ᠣᠷᠣᠨ ᠨᠤᠲᠤᠭ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10991 ᠲᠦᠮᠡᠨ ᠲᠥᠭᠦᠷᠢᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/3/11
     2024 ᠣᠨ ᠤ 1—2 ᠰᠠᠷ᠎ᠠ ᠳᠤ᠂ ᠠᠤᠬᠠᠨ ᠬᠤᠰᠢᠭᠤᠨ ᠤ ᠡᠳ᠋ ᠤᠨ ᠵᠠᠰᠠᠭ ᠤᠨ ᠣᠷᠣᠨ ᠨᠤᠲᠤᠭ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10991 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠵᠢᠯ ᠤᠨ ᠲᠥᠰᠦᠪ ᠤᠨ ᠡᠭᠦᠷᠭᠡ ᠶᠢᠨ 19.8% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 646 ᠲᠦᠮᠡᠨ ᠲᠥᠭᠦᠷᠢᠭ ᠪᠠᠭᠠᠰᠴᠤ᠂ 37.7% ᠪᠠᠷ ᠪᠠᠭᠤᠷᠠᠪᠠ᠃ ᠡᠭᠦᠨ ᠳᠤ ᠭᠠᠶᠢᠯᠢ ᠲᠠᠲᠠᠪᠤᠷᠢ ᠶᠢᠨ ᠣᠷᠣᠯᠭ᠎ᠠ 5425 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠵᠢᠯ ᠤᠨ ᠡᠭᠦᠷᠭᠡ ᠶᠢᠨ 14.9% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11. 351 ᠲᠦᠮᠡᠨ ᠲᠥᠭᠦᠷᠢᠭ ᠨᠡᠮᠡᠭᠳᠡᠵᠦ᠂ 33.2% ᠢᠶᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ 5666 ᠲᠦᠮᠡᠨ ᠲᠥᠭᠦᠷᠢᠭ ᠢ ᠪᠡᠶᠡᠯᠡᠭᠦᠯᠵᠦ᠂ ᠪᠥᠬᠦ ᠵᠢᠯ ᠤᠨ ᠡᠭᠦᠷᠭᠡ ᠶᠢᠨ 29.3% ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 7997 ᠲᠦᠮᠡᠨ ᠲᠥᠭᠦᠷᠢᠭ ᠪᠠᠭᠠᠰᠴᠤ᠂ 59% ᠪᠠᠷ ᠪᠠᠭᠤᠷᠠᠪᠠ᠃ ᠭᠠᠢᠯᠢ ᠶᠢᠨ ᠪᠤᠰᠤ ᠣᠷᠣᠯᠭ᠎ᠠ ᠨᠢ ᠣᠷᠣᠨ ᠨᠤᠲᠤᠭ ᠤᠨ ᠣᠯᠠᠨ  ᠨᠡᠶᠢᠲᠡ ᠶᠢᠨ ᠲᠥᠰᠥᠪ ᠤᠨ ᠣᠷᠣᠯᠭ᠎ᠠ ᠶᠢᠨ 50.6% ᠶᠢ ᠡᠵᠡᠯᠡᠵᠦ ᠪᠠᠶᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号