ᠠᠣᠬᠠᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ᠄ ᠰᠢᠨ᠎ᠡ ᠶᠢ ᠡᠭᠦᠳᠬᠦ ᠪᠠᠷ ᠬᠥᠳᠡᠯᠭᠡᠭᠦᠷ  ᠪᠣᠯᠭᠠᠵᠤ ᠠᠵᠤ ᠦᠢᠯᠡᠰ ᠢ  ᠬᠦᠭᠵᠢᠭᠦᠯᠦᠨ᠎ᠡ
ᠨᠡᠶᠢᠲᠡᠯᠡᠭᠰᠡᠨ ᠴᠠᠭ᠄
2024/3/11
     ᠠᠣᠬᠠᠨ ᠬᠤᠰᠢᠭᠤᠨ ᠤ ᠠᠵᠤ ᠦᠢᠯᠡᠰ ᠤᠨ ᠬᠦᠷᠢᠶᠡᠯᠡᠩ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠣᠨᠴᠠᠯᠢᠭᠲᠤ ᠠᠵᠤ ᠦᠢᠯᠡᠰ ᠤᠨ ᠴᠤᠭᠯᠠᠷᠠᠯ ᠳᠥᠷᠪᠡᠨ ᠵᠦᠢᠯ ᠤᠨ ᠠᠷᠭ᠎ᠠ ᠬᠡᠮᠵᠢᠶ᠎ᠡ ᠪᠠᠷ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠨᠢᠭᠡ ᠳᠤ᠂ ᠰᠤᠳᠤᠯᠤᠨ ᠨᠡᠭᠡᠭᠡᠬᠦ ᠵᠠᠷᠤᠳᠠᠯ ᠤᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠣᠶᠢᠷ᠎ᠠ ᠶᠢᠨ ᠭᠤᠷᠪᠠᠨ ᠵᠢᠯ ᠳᠤ ᠨᠡᠮᠡᠭᠳᠡᠯ ᠤᠨ ᠬᠤᠷᠳᠤᠴᠠ ᠨᠢ ᠲᠣᠰ ᠲᠣᠰ 9.52%᠂ 11.54%᠂ 13.79% ᠪᠣᠯᠤᠨ᠎ᠠ︔ ᠬᠤᠶᠠᠷ ᠲᠤ᠂ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠲᠡᠳᠡᠨ ᠠᠪᠴᠢᠷᠠᠵᠤ᠂ ᠴᠤᠭᠯᠠᠷᠠᠯ ᠳᠣᠲᠣᠷᠠᠬᠢ ᠰᠤᠳᠤᠯᠤᠨ ᠨᠡᠭᠡᠭᠡᠬᠦ ᠠᠵᠢᠯᠲᠠᠨ ᠤ ᠠᠵᠢᠯ ᠡᠷᠭᠢᠯᠡᠭᠰᠡᠳ ᠤᠨ ᠡᠵᠡᠯᠡᠬᠦ ᠬᠠᠷᠢᠴᠠᠯ ᠢ 8.78% ᠳᠤ ᠬᠦᠷᠭᠡᠨ᠎ᠡ︔ ᠭᠤᠷᠪᠠ ᠳᠤ ᠂ ᠥᠪᠡᠷᠲᠡᠭᠡᠨ ᠵᠠᠰᠠᠬᠤ ᠣᠷᠣᠨ ᠤ ᠲᠠᠰ ᠤᠨ ᠰᠢᠨ᠎ᠡ ᠶᠢ ᠡᠭᠦᠳᠬᠦ ᠲᠠᠪᠴᠠᠩ ᠢ 2 ᠡᠭᠦᠳᠦᠨ  ᠪᠠᠶᠢᠭᠤᠯᠤᠨ᠎ᠠ︔ ᠲᠦᠷᠪᠡ ᠳᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠬᠠᠮᠲᠤᠷᠠᠯᠴᠠᠭ᠎ᠠ ᠶᠢ ᠦᠷᠨᠢᠭᠦᠯᠦᠨ᠎ᠡ᠃ ᠣᠳᠣᠬᠠᠨ ᠪᠣᠯᠲᠠᠯ᠎ᠠ᠂ ᠰᠤᠳᠤᠯᠤᠨ ᠨᠡᠭᠡᠭᠡᠬᠦ ᠪᠦᠯᠬᠦᠮ ᠨᠡᠶᠢᠲᠡ 8 ᠠᠵᠢᠯ ᠲᠥᠷᠥᠯ ᠤᠨ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠵᠤ᠂ 4 ᠪᠦᠯᠬᠦᠮ ᠤᠨ ᠪᠠᠷᠢᠮᠵᠢᠶ᠎ᠠ ᠶᠢ ᠲᠣᠭᠲᠠᠭᠠᠵᠤ᠂ 25 ᠲᠤᠰᠬᠠᠶ ᠠᠰᠢᠭ ᠣᠯᠵᠤ᠂ ᠪᠦᠲᠦᠮᠵᠢᠲᠡᠶ ᠡᠭᠦᠳᠦᠯᠲᠡ ᠶᠢᠨ ᠲᠤᠰᠬᠠᠶ ᠠᠰᠢᠭ ᠤᠨ ᠵᠢᠯ ᠳᠤᠮᠳᠠᠴᠢ ᠶᠢᠨ ᠨᠡᠮᠡᠭᠳᠡᠯ ᠬᠤᠷᠳᠤᠴᠠ ᠨᠢ 26% ᠳᠤ ᠬᠦᠷᠴᠦ᠂ 2023 ᠣᠨ ᠳᠤ 58.3 ᠳ᠋ᠦᠩᠰᠢᠭᠤᠷ ᠲᠥᠭᠦᠷᠢᠭ ᠤᠨ ᠦᠢᠯᠡᠳᠬᠦᠨ ᠤ ᠥᠷᠲᠡᠭ ᠢ ᠪᠡᠶᠡᠯᠡᠭᠦᠯᠪᠡ᠃ 3119 ᠬᠥᠮᠦᠨ ᠳᠤ ᠠᠵᠢᠯ ᠣᠯᠭᠤᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号