ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠳᠡᠳ᠋ ᠳᠠᠷᠤᠭ᠎ᠠ ᠵᠣᠣ ᠱᠢ ᠳ᠋ᠧ ᠨᠠᠷ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/3/11
 C:\Users\Administrator\Desktop\1.jpg
    ᠣᠷᠴᠢᠮ ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠳᠡᠳ᠋ ᠳᠠᠷᠤᠭ᠎ᠠ ᠵᠣᠣ ᠱᠢ ᠳ᠋ᠧ ᠨᠠᠷ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠳᠠᠷᠤᠭ᠎ᠠ ᠯᠢ ᠶᠢᠩ ᠨᠠᠨ ᠤ ᠪᠠᠷ᠎ᠠ ᠪᠣᠯᠤᠯᠴᠠᠭ᠎ᠠ ᠳᠣᠣᠷ᠎ᠠ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠤᠬᠠᠶ ᠶᠠᠷᠢᠯᠴᠠᠬᠤ ᠬᠤᠷᠠᠯ ᠬᠤᠷᠠᠯᠳᠤᠪᠠ᠃ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂  ᠬᠤᠰᠢᠭᠤᠨ ᠤ ᠳᠡᠳ᠋ ᠳᠠᠷᠤᠭ᠎ᠠ ᠯᠢ ᡁᠢ ᠴᠢᠶᠠᠩ ᠨᠠᠷ ᠶᠠᠷᠢᠯᠴᠠᠬᠤ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠮᠠ ᠯᠢ ᠬᠤᠸᠠ ᠠᠴᠠ ᠮᠠᠨ ᠤ ᠬᠤᠰᠢᠭᠤᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠭᠰᠠᠨ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠪᠥᠲᠥᠭᠡᠨ ᠪᠠᠶᠢᠭᠤᠯᠤᠭᠰᠠᠨ ᠲᠠᠯ᠎ᠠ ᠶᠢᠨ ᠲᠥᠷᠥ ᠶᠢᠨ ᠪᠣᠳᠣᠯᠭ᠎ᠠ᠂ ᠲᠦᠷᠢᠮ᠂ ᠲᠣᠭᠲᠠᠴᠠ ᠶᠢ ᠪᠠᠶᠢᠭᠤᠯᠤᠭᠰᠠᠨ ᠪᠠᠶᠢᠳᠠᠯ︔ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠥᠪᠯᠡᠯ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠲᠤᠰᠬᠠᠶ ᠳᠤᠭᠤᠶᠢᠯᠠᠩ ᠤᠨ ᠦᠢᠯᠡᠳᠦᠯ ᠢ ᠪᠠᠳᠠᠷᠠᠭᠤᠯᠤᠭᠰᠠᠨ ᠪᠠᠶᠢᠳᠠᠯ︔ ᠠᠮᠢ ᠠᠬᠤᠶ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ᠂ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠵᠢᠴᠢ ᠠᠮᠢ ᠠᠬᠤᠶ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠰᠢᠶᠠᠩ ᠪᠠᠯᠭᠠᠰᠤ ᠰᠤᠮᠤ ᠲᠡᠶᠢᠰᠢ ᠤᠷᠲᠤᠳᠬᠠᠭᠰᠠᠨ ᠪᠠᠶᠢᠳᠠᠯ︔ ︽ᠵᠢᠷᠭᠤᠭ᠎ᠠ ᠶᠢ ᠨᠢᠭᠡᠳᠦᠯᠲᠡᠶ ᠲᠥᠯᠥᠪᠵᠢᠭᠦᠯᠬᠦ︾ ᠪᠠ ᠠᠮᠢ ᠠᠬᠤᠶ ᠶᠢᠨ ᠣᠷᠴᠢᠨ ᠲᠣᠭᠤᠷᠢᠨ ᠤ ᠠᠵᠢᠯ ᠢ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠪᠠ ︽ᠲᠣᠮᠣ ᠠᠮᠢ ᠠᠬᠤᠶ︾ ᠳᠠᠰᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠭᠰᠠᠨ ᠬᠤᠯᠪᠣᠭᠳᠠᠯ ᠪᠥᠬᠦᠶ ᠪᠠᠶᠢᠳᠠᠯ ᠢᠶᠠᠨ ᠬᠠᠷᠢᠭᠤ ᠮᠡᠳᠡᠭᠦᠯᠪᠡ᠃    ᠵᠣᠣ ᠱᠢ ᠳ᠋ᠧ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠡᠷᠴᠢᠮ ᠢ ᠭᠦᠨᠵᠡᠭᠡᠶ ᠳᠥᠯᠭᠢᠨ ᠠᠬᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠤᠨ᠂   ᠬᠠᠷᠢᠭᠤᠴᠠᠯᠭ᠎ᠠ ᠪᠠᠨ ᠲᠣᠳᠣᠷᠬᠠᠶ ᠮᠡᠳᠡᠵᠦ᠂ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠶ᠃ ᠪᠦᠷᠢᠨ ᠲᠡᠭᠦᠯᠳᠡᠷ ᠠᠮᠢ ᠠᠬᠤᠶ ᠣᠷᠴᠢᠨ ᠲᠣᠭᠤᠷᠢᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠱᠠᠲᠤ᠂ ᠡᠯ᠎ᠡ ᠰᠠᠯᠠᠭ᠎ᠠ ᠮᠥᠴᠢᠷ ᠤᠨ ᠨᠡᠪᠲᠡᠷᠡᠯᠴᠡᠨ ᠬᠠᠮᠵᠢᠯᠴᠠᠬᠤ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠬᠡᠷᠡᠭᠲᠡᠶ᠃ ︽ᠵᠢᠷᠭᠤᠭ᠎ᠠ ᠶᠢ ᠨᠢᠭᠡᠳᠦᠯᠲᠡᠶ ᠲᠥᠯᠥᠪᠵᠢᠭᠦᠯᠬᠦ︾ ᠪᠠᠷ ᠭᠠᠷᠳᠠᠴᠠ ᠪᠣᠯᠭᠠᠵᠤ᠂ ᠤᠮᠠᠷᠠᠲᠤ ᠶᠢᠨ ᠴᠢᠬᠤᠯᠠ ᠠᠮᠢ ᠠᠬᠤᠶ ᠶᠢᠨ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠬᠡᠷᠡᠭᠲᠡᠶ᠃ ᠵᠣᠷᠢᠭᠲᠠᠢ ᠪᠠᠷ ᠡᠭᠦᠷᠭᠡᠯᠡᠵᠦ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠤ ᠳᠤᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠪᠦᠬᠦ ᠲᠠᠯ᠎ᠠ ᠪᠠᠷ ᠡᠮᠬᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ  ᠭᠡᠪᠡ᠃    ᠮᠠ ᠯᠢ ᠬᠤᠸᠠ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠢ ᠲᠥᠯᠥᠭᠡᠯᠡᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠣᠷᠴᠢᠨ ᠲᠣᠭᠤᠷᠢᠨ ᠤ ᠲᠢᠩᠬᠢᠮ ᠤᠨ ᠠᠤᠬᠠᠨ ᠬᠤᠰᠢᠭᠤ ᠶᠢ ᠢᠮᠠᠭᠲᠠ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠷᠠᠯ ᠤᠨ ᠰᠠᠨᠠᠯ ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠤᠳᠤᠯᠤᠨ ᠨᠠᠶᠢᠳᠠᠪᠤᠷᠢᠵᠢᠭᠤᠯᠵᠤ᠂ ᠠᠵᠢᠯ ᠤᠨ ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠺᠠᠳ᠋ᠷ ᠢ ᠬᠥᠮᠦᠵᠢᠭᠦᠯᠬᠦ ᠡᠷᠴᠢᠮ ᠢᠶᠠᠨ ᠬᠦᠴᠦᠯᠡᠨ ᠴᠢᠩᠭᠠᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠤᠨ᠎ᠠ᠃ ᠠᠤᠬᠠᠨ ᠬᠤᠰᠢᠭᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠪᠠ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠵᠤ᠂ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠥᠬᠡᠶ ᠰᠠᠶᠢᠵᠢᠷᠠᠭᠤᠯᠵᠤ᠂ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ ᠭᠡᠪᠡ᠃
C:\Users\Administrator\Desktop\2.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号