ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠤᠳᠠᠭᠠᠨ ᠤ ᠡᠷᠬᠢᠯᠡᠭᠴᠢᠳ ᠤᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/3/13
 C:\Users\Administrator\Desktop\1.jpg
      3 ᠰᠠᠷ᠎ᠠ ᠶᠢᠨ 11 ᠤ ᠡᠳᠦᠷ᠂ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠭᠤᠷᠪᠠᠳᠤᠭᠠᠷ ᠤᠳᠠᠭᠠᠨ ᠤ  ᠡᠷᠬᠢᠯᠡᠭᠴᠢᠳ ᠤᠨ ᠬᠤᠷᠠᠯ  ᠬᠤᠷᠠᠯᠳᠤᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠧ ᠰᠢᠤ ᠯᠢ ᠬᠤᠷᠠᠯ ᠡᠷᠭᠢᠯᠡᠪᠡ᠃ ᠳᠡᠳ᠋ ᠡᠷᠬᠢᠯᠡᠭᠴᠢ ᠯᠢ ᠮᠢᠩ ᠢᠦᠢ᠂ ᠷᠧᠨ ᠸᠧᠢ᠂ ᠵᠤᠤ ᠴᠠᠩ ᠱᠠᠨ ᠬᠤᠷᠠᠯ ᠳᠤ ᠣᠷᠣᠯᠴᠠᠪᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠬᠠᠮᠢᠶ᠎ᠠ ᠪᠥᠬᠦᠶ ᠵᠥᠪᠯᠡᠯ ᠲᠠᠰᠤᠭ ᠤᠨ ᠡᠷᠬᠢᠯᠡᠭᠴᠢ᠂ ᠳᠡᠳ᠋ ᠡᠷᠬᠢᠯᠡᠭᠴᠢ ᠬᠤᠷᠠᠯ ᠳᠤ ᠰᠤᠯᠠ ᠣᠷᠣᠯᠴᠠᠪᠠ᠃    ᠬᠤᠷᠠᠯ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ 2024 ᠣᠨ ᠤ ᠠᠵᠢᠯ ᠤᠨ ᠭᠤᠤᠯᠳᠠᠯᠭ᠎ᠠ ︵ᠶᠠᠷᠢᠯᠴᠠᠬᠤ ᠨᠣᠤᠷᠠᠭ︶᠂ 2024 ᠣᠨ ᠤ ᠬᠢᠨᠠᠯᠲᠠ ᠲᠠᠯᠪᠢᠬᠤ ᠠᠵᠢᠯ ᠤᠨ ᠲᠥᠯᠥᠪᠯᠡᠭᠡ ︵ᠶᠠᠷᠢᠯᠴᠠᠬᠤ ᠨᠣᠤᠷᠠᠭ︶᠂ ︽ᠠᠤᠬᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭ ᠵᠥᠪᠯᠡᠬᠦ ᠲᠦᠷᠢᠮ︾ ︵ᠵᠠᠰᠠᠪᠤᠷᠢ ᠣᠷᠣᠭᠤᠯᠤᠭᠰᠠᠨ ᠲᠥᠰᠦᠯ︶᠂ ︽ᠠᠤᠬᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠠᠵᠢᠯ ᠤᠨ ᠠᠷᠭ᠎ᠠ︾ ︵ᠵᠠᠰᠠᠪᠤᠷᠢ ᠣᠷᠣᠭᠤᠯᠤᠭᠰᠠᠨ ᠲᠥᠰᠦᠯ︶ ᠶᠢ ᠶᠠᠷᠢᠯᠴᠠᠨ ᠪᠠᠲᠤᠯᠠᠪᠠ᠃ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠤᠮᠢᠯᠠᠬᠤ ᠪᠠ ᠲᠤᠰᠢᠶᠠᠯ ᠠᠴᠠ ᠪᠠᠭᠤᠯᠭᠠᠬᠤ ᠲᠥᠰᠥᠯ ᠪᠣᠯᠤᠨ ᠣᠨᠴᠠ ᠵᠠᠷᠢᠮ ᠲᠥᠯᠥᠭᠡᠯᠡᠭᠴᠢ ᠶᠢᠨ ᠲᠤᠰᠢᠶᠠᠯ ᠠᠴᠠ ᠪᠠᠨ ᠪᠠᠭᠤᠬᠤ ᠶᠠᠪᠤᠳᠠᠯ ᠢ ᠶᠠᠷᠢᠯᠴᠠᠨ ᠪᠠᠲᠤᠯᠠᠪᠠ᠃ ᠬᠤᠷᠠᠯ ᠠᠴᠠ 2024 ᠣᠨ ᠤ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠠᠷᠠᠯᠲᠠ ᠶᠢ ᠬᠢᠨᠠᠨ ᠰᠢᠯᠭᠠᠬᠤ ᠨᠠᠷᠢᠨ ᠲᠦᠷᠢᠮ ᠪᠣᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠯᠢᠳᠡᠭ ᠠᠵᠢᠯᠳᠠᠨ ᠢ ᠬᠥᠬᠢᠭᠦᠯᠦᠨ ᠰᠠᠶᠢᠰᠢᠶᠠᠬᠤ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠲᠣᠭᠲᠠᠭᠠᠪᠠ᠃    ᠬᠤᠷᠠᠯ ᠠᠴᠠ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠠᠷᠪᠠ ᠶᠢᠰᠦᠳᠦᠭᠡᠷ ᠬᠤᠷᠠᠯ ᠤᠨ ᠵᠥᠪᠯᠡᠬᠦ ᠵᠦᠢᠯ ᠢ ᠰᠤᠳᠤᠯᠤᠨ ᠲᠣᠭᠲᠠᠭᠠᠵᠤ᠂ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢᠨ ᠠᠷᠪᠠ ᠶᠢᠰᠦᠳᠦᠭᠡᠷ ᠤᠳᠠᠭᠠᠨ ᠤ ᠬᠤᠷᠠᠯ ᠢ 3 ᠰᠠᠷ᠎ᠠ ᠶᠢᠨ 12 ᠤᠨ ᠡᠳᠦᠷ  ᠬᠤᠷᠠᠯᠳᠤᠬᠤ ᠪᠠᠷ ᠲᠣᠭᠲᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号