ᠠᠤᠬᠠᠨ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/13
C:\Users\Administrator\Desktop\10.jpg
    3 ᠰᠠᠷ᠎ᠠ ᠶᠢᠨ 12 ᠤᠨ ᠡᠳᠦᠷ᠂ ᠠᠤᠬᠠᠨ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ  ᠬᠤᠷᠠᠯᠳᠤᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠶᠦᠩ ᠹᠦ᠋ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠬᠤᠰᠢᠭᠤᠨ ᠤ ᠰᠣᠶᠣᠯ ᠪᠠ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠠᠮᠢᠶ᠎ᠠ ᠪᠥᠬᠦᠶ ᠪᠠᠶᠢᠳᠠᠯ ᠢ ᠮᠡᠳᠡᠭᠳᠡᠵᠦ᠂ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠪᠣᠳᠠᠲᠠᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠤᠯᠠᠨ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ︽ᠲᠡᠦᠬᠡ ᠰᠣᠶᠣᠯ ᠤᠨ ᠥᠪ ᠤᠨ ᠡᠬᠢ ᠪᠠᠶᠠᠯᠢᠭ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠤᠮᠤ ᠳ᠋ᠠᠶᠢᠲ᠋ᠠ ᠬᠥᠮᠥᠷᠭᠡ ᠶᠢ ᠪᠠᠶᠢᠭᠤᠯᠬᠤ ᠬᠡᠷᠡᠭᠲᠡᠢ︾ ᠭᠡᠵᠦ ᠲᠣᠳᠣᠷᠬᠠᠢ ᠱᠠᠭᠠᠷᠳᠠᠪᠠ᠃ 2023 ᠣᠨ ᠤ 12 ᠰᠠᠷ᠎ᠠ ᠶᠢᠨ 19 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠬᠤᠷᠢᠶᠠᠨ ᠤ ᠱᠦᠵᠢ ᠶᠢᠨ ᠭᠠᠵᠠᠷ ᠤᠨ ᠱᠦᠵᠢ ᠼᠠᠢ ᠴᠢ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠶᠠᠷᠢᠯᠴᠠᠬᠤ ᠬᠤᠷᠠᠯ ᠳᠡᠭᠡᠷ᠎ᠡ ︽ᠬᠠᠮᠠᠭᠠᠯᠠᠬᠤ ᠪᠠ ᠠᠰᠢᠭᠯᠠᠬᠤ᠂ ᠬᠠᠮᠠᠭᠠᠯᠠᠬᠤ ᠪᠠ ᠬᠥᠭᠵᠢᠭᠦᠯᠬᠦ᠂ ᠬᠠᠮᠠᠭᠠᠯᠠᠬᠤ ᠪᠠ ᠨᠡᠭᠡᠭᠡᠨ ᠬᠥᠭᠵᠢᠭᠦᠯᠬᠦ ᠵᠡᠷᠭᠡ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠳᠤᠮᠳᠠᠬᠢ ᠴᠢᠬᠤᠯᠠ ᠶᠡᠭᠡ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠬᠠᠮᠠᠭᠠᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠬᠠᠮᠠᠭᠠᠯᠠᠬᠤ ᠳᠤᠮᠳᠠ ᠬᠥᠭᠵᠢᠭᠦᠯᠵᠦ᠂ ᠬᠥᠭᠵᠢᠭᠦᠯᠬᠦ ᠳᠤᠮᠳᠠ ᠬᠠᠮᠠᠭᠠᠯᠠᠬᠤ ᠬᠡᠷᠡᠭᠲᠡᠶ︾ ᠭᠡᠵᠦ ᠴᠢᠬᠤᠯᠠᠴᠢᠯᠠᠪᠠ᠃ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠲᠤᠬᠠᠶ ᠨᠠᠮ ᠤᠨ ᠲᠥᠪ ᠬᠤᠷᠢᠶᠠᠨ ᠤ ᠠᠯᠢ ᠣᠯᠠᠨ ᠴᠢᠬᠤᠯᠠ ᠥᠭᠦᠯᠡᠯᠲᠡ ᠨᠢ ᠰᠢᠨ᠎ᠡ ᠴᠠᠭ ᠦᠶ᠎ᠡ ᠶᠢᠨ ᠰᠣᠶᠣᠯ ᠤᠨ ᠥᠪ ᠢ ᠬᠠᠮᠠᠭᠠᠯᠠᠵᠤ ᠵᠠᠯᠭᠠᠮᠵᠢᠯᠠᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠭᠰᠠᠨ ᠪᠥᠭᠡᠳ ᠪᠢᠳᠡᠨ ᠤ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠶ ᠵᠢᠭᠠᠨ ᠦᠭᠪᠡ ᠭᠡᠵᠦ ᠵᠢᠭᠠᠨ ᠭᠠᠷᠭᠠᠪᠠ᠃    ᠬᠤᠷᠠᠯ ᠠᠴᠠ᠂ ᠡᠯ᠎ᠡ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠠᠨ ᠨᠢᠭᠡᠳᠬᠡᠵᠦ᠂ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠮ ᠤᠨ ᠲᠥᠪ ᠬᠤᠷᠢᠶᠠᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠬᠤ᠂ ᠬᠠᠮᠢᠶᠠᠷᠤᠯᠲᠠ ᠶᠢ ᠴᠢᠩᠭᠠᠳᠬᠠᠬᠤ᠂ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭ ᠪᠣᠯᠭᠠᠬᠤ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ ᠭᠡᠵᠦ ᠱᠠᠭᠠᠷᠳᠠᠪᠠ᠃    ᠬᠤᠷᠠᠯ ᠠᠴᠠ᠂ ᠮᠠᠨ ᠤ ᠬᠤᠰᠢᠭᠤᠨ ᠤ ᠡᠷᠲᠡᠨ ᠤ ᠰᠣᠶᠣᠯ ᠤᠨ ᠪᠠᠭᠤᠷᠢ᠂ ᠡᠷᠲᠡᠨ ᠤ ᠬᠦᠷᠢᠶᠡᠯᠡᠩ ᠤᠨ ᠪᠠᠭᠤᠷᠢ ᠵᠡᠷᠭᠡ ᠲᠤᠭ᠎ᠠ ᠬᠡᠮᠵᠢᠶ᠎ᠡ ᠣᠯᠠᠨ᠂ ᠲᠠᠷᠬᠠᠯᠲᠠ ᠨᠢ ᠥᠷᠭᠡᠨ᠂ ᠡᠯ᠎ᠡ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠨᠡᠶᠢᠳᠡᠮ ᠪᠠᠶᠢᠴᠠᠭᠠᠯᠲᠠ ᠪᠠᠷ ᠳᠠᠮᠵᠢᠭᠤᠯᠤᠨ ︽ᠦᠨᠳᠦᠰᠦᠨ ᠵᠦᠢᠯ︾ ᠢ ᠲᠣᠳᠣᠷᠬᠠᠶ ᠣᠶᠢᠯᠠᠭᠠᠵᠤ᠂ ︽ᠪᠡᠶ᠎ᠡ ᠶᠢᠨ ᠦᠨᠡᠮᠯᠡᠯ︾ ᠢ ᠰᠠᠶᠢᠲᠤᠷ ᠬᠢᠵᠦ᠂ ᠪᠥᠬᠦ ᠬᠤᠰᠢᠭᠤᠨ ᠤ ᠳᠠᠬᠢᠨ ᠡᠭᠦᠰᠴᠦ ᠪᠣᠯᠤᠰᠢ ᠥᠬᠡᠶ᠂ ᠣᠷᠣᠯᠠᠭᠤᠯᠵᠤ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ ᠶᠢ ᠲᠣᠳᠣᠷᠬᠠᠶᠢᠯᠠᠵᠤ᠂ ᠪᠥᠬᠦ ᠬᠤᠰᠢᠭᠤᠨ ᠤ ᠰᠢᠯᠵᠢᠭᠦᠯᠵᠦ ᠪᠣᠯᠤᠰᠢ ᠥᠬᠡᠶ ᠲᠡᠤᠬᠡ ᠶᠢᠨ ᠳᠤᠷᠠᠰᠬᠠᠯᠲᠤ ᠵᠦᠢᠯᠡᠰ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠲᠠᠷᠠᠭᠠᠴᠢ ᠶᠢᠨ ᠠᠯᠬᠤᠮ ᠳᠤ ᠲᠡᠤᠬᠡ ᠶᠢᠨ ᠳᠤᠷᠠᠰᠬᠠᠯᠲᠤ ᠵᠦᠢᠯᠡᠰ ᠢ ᠤᠷᠢᠳᠴᠢᠯᠠᠨ ᠰᠡᠷᠭᠡᠶᠢᠯᠡᠬᠦ ᠴᠢᠨᠠᠷᠲᠠᠶ ᠬᠠᠮᠠᠭᠠᠯᠠᠯᠲᠠ ᠶᠢᠨ ᠠᠵᠢᠯ  ᠢ ᠦᠷᠨᠢᠭᠦᠯᠬᠦ ᠳᠤ ᠴᠢᠭᠯᠡᠯ ᠢ ᠲᠣᠳᠣᠷᠬᠠᠶᠢᠯᠠᠵᠤ᠂ ᠰᠠᠭᠤᠷᠢ ᠶᠢ  ᠪᠠᠲᠤᠳᠬᠠᠵᠤ ᠂ ᠳᠤᠮᠳᠠᠲᠤ ᠶᠢᠨ ᠪᠣᠯᠪᠠᠰᠤᠨ ᠤ ᠦᠯᠢᠭᠡᠷ ᠪᠣᠯᠤᠨ ᠤᠮᠠᠷᠠᠲᠤ ᠶᠢᠨ ᠰᠤᠶᠤᠯ ᠤᠨ ᠦᠯᠢᠭᠡᠷ ᠢ ᠦᠨᠡᠨᠬᠦ ᠰᠠᠶᠢᠲᠤᠷ ᠶᠡᠷᠢᠵᠤ ᠂ ᠳᠤᠮᠳᠠᠲᠤ ᠶᠢᠨ ᠦᠨᠳᠦᠰᠦᠲᠡᠨ ᠤ ᠵᠣᠷᠢᠭ ᠰᠠᠨᠠᠭᠠᠨ ᠤ ᠦᠶ᠎ᠡ ᠶᠢᠨ ᠦᠶ᠎ᠡ ᠣᠷᠤᠰᠢᠨ ᠲᠣᠭᠲᠠᠨᠢᠬᠤ ᠦᠨᠳᠦᠰᠦ ᠰᠤᠷᠪᠤᠯᠵᠢ ᠶᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠴᠤ ᠪᠠᠶᠢᠭ᠎ᠠ ᠬᠠᠷᠢᠭᠤᠴᠠᠯᠭᠠᠲᠠᠨ᠂ ᠬᠤᠰᠢᠭᠤᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号