ᠰᠢᠨ ᠾᠦᠢ ᠪᠠᠯᠭᠠᠰᠤᠨ ᠤ ᠬᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠳᠤ ᠬᠦᠷᠴᠦ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠵᠦ᠂ ᠠᠷᠠᠳ ᠤᠨ ᠶᠠᠪᠤᠳᠠᠯ ᠤᠨ ︽ᠪᠠᠲᠤᠯᠠᠭ᠎ᠠ ᠶᠢᠨ  ᠬᠤᠷᠢᠭ᠎ᠠ ᠱᠣᠭᠤᠮ ︾  ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2024/3/14
    ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠪᠣᠳᠠᠲᠠᠶ ᠪᠠᠶᠢᠳᠠᠯ ᠪᠠ ᠣᠨᠴᠠ ᠬᠦᠴᠢᠷᠳᠡᠯᠲᠡᠶ ᠬᠥᠮᠦᠰ ᠢ ᠬᠥᠳᠡᠯᠦᠩᠭᠦᠶ ᠪᠠᠷ ᠬᠢᠨᠠᠨ ᠬᠠᠮᠢᠶᠠᠷᠴᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠪᠠᠶᠢᠳᠠᠯ ᠢ ᠤᠯᠠᠮ ᠨᠢᠭᠡ ᠠᠯᠬᠤᠮ ᠣᠨᠣᠪᠴᠢᠲᠠᠶ ᠡᠵᠡᠮᠰᠢᠬᠦ ᠶᠢᠨ ᠲᠥᠯᠥᠭᠡ᠂ ᠣᠶᠢᠷ᠎ᠠ ᠳᠤ᠂ ᠰᠢᠨ  ᠾᠦᠢ ᠪᠠᠯᠭᠠᠰᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠬᠡᠰᠡᠭ ᠲᠣᠰᠬᠤᠨ ᠳᠤ ᠬᠦᠷᠴᠦ ᠰᠢᠨ᠎ᠡ ᠪᠠᠷ ᠨᠡᠮᠡᠭᠳᠡᠭᠰᠡᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ ᠪᠠ ᠣᠨᠴᠠ ᠬᠦᠴᠢᠷᠳᠡᠯᠲᠡᠶ ᠬᠥᠮᠦᠰ ᠢ ᠰᠤᠷᠪᠤᠯᠵᠢᠯᠠᠪᠠ᠃    ᠡᠷᠦᠬᠡ ᠳᠤ ᠬᠦᠷᠴᠦ ᠪᠠᠶᠢᠴᠠᠭᠠᠯᠲᠠ ᠬᠢᠬᠦ ᠶᠠᠪᠤᠴᠠ ᠳᠤ᠂ ᠠᠷᠠᠳ ᠤᠨ ᠶᠠᠪᠤᠳᠠᠯ ᠤᠨ ᠠᠵᠢᠯᠲᠠᠨ ᠡᠷᠬᠡ ᠲᠡᠭᠰᠢ᠂ ᠲᠥᠪ ᠭᠤᠣᠯᠴᠢ᠂ ᠢᠯᠡ ᠪᠠᠶᠢᠬᠤ ᠵᠠᠷᠴᠢᠮ ᠢ ᠪᠠᠷᠢᠮᠲᠠᠯᠠᠵᠤ᠂ ᠪᠠᠷᠢᠮᠵᠢᠶ᠎ᠠ ᠶᠢ ᠴᠢᠩᠭ᠎ᠠ ᠡᠵᠡᠮᠰᠢᠵᠦ᠂ ᠬᠦᠴᠢᠷᠳᠡᠯ ᠲᠠᠢ ᠣᠯᠠᠨ ᠲᠦᠮᠡᠨ ᠤ ᠣᠷᠣᠨ ᠰᠠᠭᠤᠴᠠ ᠶᠢᠨ ᠪᠠᠶᠢᠳᠠᠯ᠂ ᠠᠮᠢᠳᠤᠷᠠᠯ ᠤᠨ ᠪᠠᠶᠢᠳᠠᠯ᠂ ᠭᠡᠷ ᠪᠦᠯᠢ ᠶᠢᠨ ᠪᠦᠷᠢᠯᠳᠦᠬᠦᠨ ᠤ ᠪᠦᠷᠢᠯᠳᠦᠯ ᠪᠣᠯᠤᠨ ᠬᠥᠳᠡᠯᠮᠦᠷᠢ ᠬᠦᠴᠦᠨ ᠤ ᠪᠠᠶᠢᠳᠠᠯ᠂ ᠡᠷᠦᠬᠡ ᠠᠮᠠ ᠶᠢᠨ ᠰᠢᠨᠵᠢ ᠴᠢᠨᠠᠷ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠵᠤ ᠠᠬᠤᠶ ᠶᠢᠨ ᠢᠷᠡᠯᠲᠡ᠂ ᠬᠡᠷᠡᠭᠯᠡᠭᠡᠨ ᠤ ᠪᠠᠶᠢᠳᠠᠯ᠂ ᠠᠮᠢᠳᠤᠷᠠᠯ ᠤᠨ ᠬᠦᠴᠢᠷᠳᠡᠯ ᠤᠨ ᠪᠠᠶᠢᠳᠠᠯ ᠢ ᠨᠠᠷᠢᠨ ᠨᠢᠮᠪᠠᠶ ᠠᠰᠠᠭᠤᠨ ᠯᠠᠪᠯᠠᠵᠤ᠂ ᠲᠡᠳᠡᠨ ᠤ ᠲᠥᠷᠥᠯ ᠰᠠᠳᠤᠨ ᠨᠠᠶᠢᠵᠠ ᠨᠥᠬᠦᠳ ᠬᠥᠷᠰᠢ ᠵᠡᠷᠭᠡᠯᠡᠳᠡᠭᠡ ᠪᠠᠷ ᠢᠶᠠᠨ ᠰᠤᠷᠪᠤᠯᠵᠢᠯᠠᠬᠤ ᠪᠠ ᠡᠷᠦᠬᠡ ᠳᠤ ᠣᠷᠣᠬᠤ ᠪᠠᠶᠢᠴᠠᠭᠠᠯᠲᠠ ᠶᠢᠨ ᠬᠦᠰᠦᠨᠦᠭᠲᠦ ᠶᠢ ᠲᠠᠭᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠭᠰᠠᠨ ᠬᠡᠷ ᠪᠦᠯᠢ ᠶᠢᠨ ᠪᠣᠳᠠᠲᠠᠶ ᠠᠮᠢᠳᠤᠷᠠᠯ ᠤᠨ ᠪᠠᠶᠢᠳᠠᠯ᠂ ᠣᠷᠣᠰᠢᠨ ᠰᠠᠭᠤᠬᠤ ᠨᠥᠬᠦᠴᠡᠯ᠂ ᠡᠮᠨᠡᠭᠦᠯᠦᠭᠰᠡᠨ ᠪᠠᠶᠢᠳᠠᠯ᠂ ᠬᠡᠷ ᠪᠦᠯᠢ ᠶᠢᠨ ᠠᠵᠤ ᠠᠬᠤᠶ ᠶᠢᠨ ᠢᠷᠡᠯᠲᠡ᠂ ᠦᠷ᠎ᠡ ᠬᠡᠤᠬᠡᠳ ᠤᠨ ᠠᠵᠢᠯ ᠤᠯᠬᠤ᠂ ᠬᠥᠳᠡᠯᠮᠦᠷᠢᠯᠡᠬᠦ ᠴᠢᠳᠠᠪᠤᠷᠢ᠂ ᠬᠡᠷ ᠪᠦᠯᠢ ᠶᠢᠨ ᠪᠣᠳᠠᠲᠠᠶ ᠰᠠᠷ᠎ᠠ ᠶᠢᠨ ᠣᠷᠣᠯᠭ᠎ᠠ ᠵᠡᠷᠭᠡ ᠪᠠᠶᠢᠳᠠᠯ ᠢ ᠬᠢᠨᠠᠨ ᠬᠠᠷᠭᠤᠭᠤᠯᠤᠨ᠎ᠠ᠃ ᠬᠠᠷᠭᠤᠭᠤᠯᠤᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ ᠲᠤᠬᠠᠶ ᠶᠢᠨ ᠬᠥᠮᠦᠨ ᠠᠴᠠ ᠭᠠᠷ ᠤᠨ ᠥᠰᠥᠭ ᠵᠢᠷᠤᠵᠤ ᠨᠤᠲᠠᠯᠠᠨ ᠵᠥᠪᠰᠢᠶᠡᠷᠡᠵᠦ᠂ ᠰᠢᠨ᠎ᠡ ᠪᠠᠷ ᠭᠤᠶᠤᠴᠢᠯᠠᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠶᠢᠨ ᠬᠡᠷ ᠪᠦᠯᠢ ᠶᠢᠨ ᠦᠨᠳᠦᠰᠦᠨ ᠪᠠᠶᠢᠳᠠᠯ ᠤᠨ ᠦᠨᠡᠨ ᠪᠣᠳᠠᠲᠤ ᠴᠢᠨᠠᠷ ᠢ ᠦᠨᠡᠨᠬᠦ  ᠪᠠᠲᠤᠯᠠᠨ᠎ᠠ᠃ ᠡᠭᠦᠨ ᠠᠴᠠ ᠭᠠᠳᠠᠨ᠎ᠠ᠂ ᠠᠵᠢᠯᠲᠠᠳ ᠣᠯᠠᠨ ᠲᠦᠮᠡᠨ ᠤ ᠳᠤᠷᠠᠳᠤᠭᠰᠠᠨ ᠮᠠᠳᠠᠭ ᠲᠠᠢ᠂ ᠲᠥᠭᠡᠷᠢᠭᠳᠡᠯ ᠲᠠᠢ ᠠᠰᠠᠭᠤᠳᠠᠯ ᠳᠤ ᠬᠦᠯᠢᠴᠡᠩᠭᠦᠶ ᠪᠥᠭᠡᠳ ᠨᠠᠷᠢᠨ ᠨᠢᠮᠪᠠᠶ ᠬᠠᠷᠢᠭᠤᠯᠲᠠ ᠥᠭᠴᠦ ᠮᠠᠳᠠᠭ ᠲᠠᠢ ᠠᠰᠠᠭᠤᠳᠠᠯ ᠢ ᠨᠢ  ᠲᠠᠶᠢᠯᠪᠤᠷᠢᠯᠠᠨ ᠦᠭᠭᠦᠨ᠎ᠡ᠃    ᠡᠷᠦᠬᠡ ᠳᠤ ᠬᠦᠷᠴᠦ ᠰᠤᠷᠪᠤᠯᠵᠢᠯᠠᠬᠤ᠂ ᠪᠠᠶᠢᠴᠠᠭᠠᠭᠳᠠᠬᠤ ᠡᠲᠡᠭᠡᠳ ᠲᠠᠢ ᠨᠢᠭᠤᠷᠲᠠᠨ ᠬᠠᠷᠢᠯᠴᠠᠬᠤ ᠪᠠᠷ ᠳᠡᠮᠵᠢᠨ ᠂ ᠬᠦᠴᠢᠷᠳᠡᠯᠲᠡᠶ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ᠂ ᠬᠦᠴᠢᠷᠲᠡᠶ ᠶᠠᠪᠤᠳᠠᠯ ᠢ ᠨᠢ  ᠰᠢᠢᠳᠪᠦᠷᠢᠯᠡᠵᠦ᠂ ᠰᠠᠶᠢᠨ ᠶᠠᠪᠤᠳᠠᠯ ᠬᠢᠵᠦ᠂ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠵᠢᠷᠤᠮᠵᠢᠯ ᠲᠠᠢ ᠪᠥᠭᠡᠳ ᠡᠮᠬᠢ ᠵᠢᠷᠤᠮ ᠲᠠᠢ ᠪᠠᠶᠢᠬᠤ︾ ᠶᠢ ᠦᠨᠡᠨᠬᠦ ᠪᠡᠶᠡᠯᠡᠭᠦᠯᠵᠦ᠂ ᠨᠠᠮ ᠪᠠ ᠵᠠᠰᠠᠭ ᠤᠨ ᠣᠷᠳᠣᠨ ᠤ ᠬᠠᠯᠠᠮᠵᠢᠯᠠᠯ ᠢ ᠬᠦᠴᠢᠷᠳᠡᠯᠲᠡᠶ ᠣᠯᠠᠨ ᠲᠦᠮᠡᠨ ᠳᠤ  ᠬᠦᠷᠭᠡᠵᠦ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠦᠨᠡᠨᠬᠦ ᠪᠣᠳᠠᠲᠠᠶ ᠳᠤ  ᠨᠠᠶᠢᠳᠠᠪᠤᠷᠢᠵᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号