ᠰᠧ ᠳ᠋ᠤᠤ ᠸᠠᠨ ᠽᠢ ᠪᠠᠯᠭᠠᠰᠤᠨ ᠤ ᠭᠤᠷᠪᠠᠨ ᠵᠦᠢᠯ ᠤᠨ ᠠᠷᠭ᠎ᠠ ᠬᠡᠮᠵᠢᠶ᠎ᠡ  ᠪᠠᠷ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/3/14
    ᠡᠨᠡ ᠵᠢᠯ᠂ ᠰᠧ ᠳ᠋ᠤᠤ ᠸᠠᠨ ᠽᠢ ᠪᠠᠯᠭᠠᠰᠤ ᠶᠢᠨ ᠬᠢᠨ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠠᠵᠢᠯ ᠬᠢᠬᠦ᠂ ᠠᠷᠢᠭᠤᠨ ᠴᠢᠬᠡᠴᠢ ᠪᠠᠷ ᠬᠥᠮᠦᠨ ᠪᠣᠯᠬᠤ᠂ ᠳᠠᠪᠠᠵᠤ ᠭᠠᠷᠬᠤ ᠪᠠᠷ ᠬᠦᠴᠦᠯᠡᠨ ᠴᠢᠷᠮᠠᠶᠢᠬᠤ ᠠᠵᠢᠯ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠪᠠ᠃    ᠨᠢᠭᠡ ᠳᠤ ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠎ᠠ᠃ ᠰᠧ ᠳ᠋ᠤᠤ ᠸᠠᠨ ᠽᠢ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠳᠠᠯᠤᠨ ᠳ᠋ᠦᠩᠨᠡᠵᠦ᠂ ᠪᠠᠶᠢᠭᠤᠯᠭ᠎ᠠ ᠶᠢᠨ ᠰᠤᠷᠲᠠᠯ ᠢ ᠬᠤᠪᠢᠷᠠᠭᠤᠯᠵᠤ ᠤᠯᠠᠨ ᠲᠦᠮᠡᠨ ᠲᠠᠢ ᠨᠢᠭᠲᠠ ᠬᠠᠷᠢᠯᠴᠠᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠵᠤ᠂ ᠥᠨᠳᠥᠷ ᠪᠦᠲᠦᠮᠵᠢᠲᠡᠢ ᠠᠵᠢᠯᠯᠠᠬᠤ ᠣᠷᠴᠢᠨ ᠲᠣᠭᠤᠷᠢᠨ᠂ ᠰᠤᠷᠲᠠᠯ ᠤᠨ ᠣᠷᠴᠢᠨ ᠲᠣᠭᠤᠷᠢᠨ᠂ ᠦᠷ᠎ᠡ ᠪᠦᠲᠦᠮᠵᠢ ᠶᠢᠨ ᠣᠷᠴᠢᠨ ᠲᠣᠭᠤᠷᠢᠨ ᠵᠡᠷᠭᠡ ᠳᠣᠲᠣᠭᠠᠳᠤ ᠵᠥᠭᠡᠯᠡᠨ ᠪᠣᠳᠠᠲᠤ ᠬᠦᠴᠦᠨ ᠢ ᠪᠤᠢ ᠪᠣᠯᠭᠠᠪᠠ᠃    ᠬᠤᠶᠠᠷ ᠲᠤ ᠂ ᠳᠦᠷᠢ ᠲᠥᠷᠬᠦ ᠶᠢ ᠪᠤᠶ ᠪᠣᠯᠭᠠᠨ᠎ᠠ᠃ ᠤᠳᠤᠷᠢᠳᠬᠤ ᠺᠠᠳ᠋ᠷᠴᠤᠳ ᠤᠨ ︽ᠰᠤᠷᠪᠤᠯᠵᠢᠯᠠᠭ᠎ᠠ ᠶᠢ ᠬᠦᠯᠢᠶᠡᠬᠦ᠂ ᠰᠤᠷᠪᠤᠯᠵᠢᠯᠠᠬᠤ᠂ ᠬᠠᠷᠢᠭᠤ ᠰᠤᠷᠪᠤᠯᠵᠢᠯᠠᠬᠤ︾ ᠠᠵᠢᠯ ᠢ ᠪᠠᠶᠢᠩᠭᠤᠵᠢᠭᠤᠯᠬᠤ ᠪᠠ ᠳᠦᠷᠢᠮᠵᠢᠭᠦᠯᠬᠦ ᠶᠢ ᠭᠦᠨᠵᠡᠭᠡᠶ ᠲᠦᠯᠬᠢᠨ ᠠᠬᠢᠭᠤᠯᠵᠤ᠂ ᠤᠯᠠᠨ ᠲᠦᠮᠡᠨ ᠤ ᠠᠰᠠᠭᠤᠳᠠᠯ ᠢ ᠲᠤᠰᠬᠠᠬᠤ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠤ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠬᠦᠴᠦᠯᠡᠨ  ᠰᠢᠢᠳᠪᠦᠷᠢᠯᠡᠵᠦ᠂ ᠨᠡᠶᠢᠭᠡᠮ ᠤᠨ ᠵᠥᠷᠢᠴᠡᠯ ᠢ ᠠᠷᠢᠯᠭᠠᠨ᠂ ᠤᠯᠠᠨ ᠲᠦᠮᠡᠨ ᠤ ᠤᠷᠮ᠎ᠠ ᠰᠡᠳᠬᠢᠯᠭᠡ ᠶᠢ ᠬᠥᠲᠥᠯᠥᠨ ᠵᠢᠯᠣᠭᠤᠳᠴᠤ᠂ ᠤᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠶᠢᠨ ᠲᠤᠭ᠎ᠠ ᠶᠢ ᠳᠡᠭᠡᠭᠰᠢᠯᠡᠭᠦᠯᠦᠨ᠎ᠡ᠃    ᠭᠤᠷᠪᠠ ᠳᠤ ᠂ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠵᠠᠰᠠᠭ ᠤᠨ ᠰᠤᠷᠲᠠᠯ ᠠᠵᠢᠯ ᠲᠦᠷᠦᠯ ᠤᠨ ᠰᠤᠷᠲᠠᠯ ᠢ ᠠᠷᠠᠳᠴᠢᠯᠠᠯ ᠢᠶᠠᠷ ᠦᠨᠡᠯᠡᠬᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠢᠯᠡᠳᠦᠯ ᠴᠢᠳᠠᠪᠤᠷᠢ ᠶᠢ ᠬᠢᠨᠠᠨ ᠪᠠᠶᠢᠴᠠᠭᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠪᠠᠯᠭᠠᠰᠤᠨ ᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠦᠢᠯᠡᠴᠢᠯᠡᠭᠡᠨ ᠤ ᠬᠢᠷᠢ ᠬᠡᠮᠵᠢᠶ᠎ᠡ᠂ ᠰᠤᠷᠲᠠᠯ ᠤᠨ ᠪᠠᠶᠢᠭᠤᠯᠤᠯᠲᠠ᠂ ᠬᠦᠴᠦᠨ ᠴᠢᠳᠠᠪᠤᠷᠢ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠠᠷᠠᠳᠴᠢᠯᠠᠯ ᠢᠶᠠᠷ ᠰᠢᠯᠭᠠᠨ ᠦᠨᠡᠯᠡᠵᠦ ᠂ ᠠᠵᠢᠯᠲᠠᠳ ᠢ ᠠᠵᠢᠯ ᠢᠶᠠᠨ ᠪᠣᠳᠠᠲᠠᠶ ᠪᠠᠷ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号