ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/3/14
    ᠬᠠᠪᠤᠷ ᠤᠨ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠲᠤᠰᠬᠠᠶ ᠪᠠᠶᠢᠴᠠᠭᠠᠯᠲᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃    ᠬᠠᠤᠯᠢ ᠬᠡᠷᠡᠭᠵᠢᠭᠦᠯᠬᠦ ᠠᠵᠢᠯᠲᠠᠨ ᠰᠤᠷᠭᠠᠭᠤᠯᠢ ᠶᠢᠨ ᠬᠦᠷᠢᠶᠡᠨ ᠤ ᠡᠷᠭᠢᠨ ᠲᠣᠭᠤᠷᠢᠨ ᠤ ᠢᠳᠡᠭᠡᠨ ᠪᠣᠷᠣᠯᠠᠭᠤᠯᠬᠤ ᠵᠠᠩᠭᠢᠯᠠᠭ᠎ᠠ ᠶᠢᠨ ᠡᠵᠡᠩᠨᠡᠯᠲᠡ ᠶᠢᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠤᠮᠳᠠᠭᠠᠨ᠂ ᠳᠥᠭᠦᠮ ᠳᠥᠲᠡ ᠢᠳᠡᠭᠡᠨ᠂  ᠪᠣᠣᠪᠤ ᠪᠣᠭᠤᠷᠰᠤᠭ᠂ ᠬᠦᠯᠳᠡᠭᠡᠭᠰᠡᠨ ᠤᠮᠳᠠᠭᠠᠨ᠂ ᠲᠥᠮᠥᠰᠥ ᠶᠢᠨ ᠲᠥᠷᠥᠯ ᠪᠠ ᠬᠥᠭᠡᠭᠡᠯᠭᠡᠭᠰᠡᠨ ᠢᠳᠡᠭᠡᠨ᠂ ᠰᠢᠬᠢᠷ ᠵᠢᠮᠢᠰ ᠤᠨ ᠪᠦᠲᠦᠭᠡᠭᠳᠡᠬᠦᠨ᠂ ᠪᠣᠭᠤᠷᠰᠤᠭ᠂ ᠪᠤᠷᠴᠠᠭ ᠤᠨ ᠪᠦᠲᠦᠭᠡᠭᠳᠡᠬᠦᠨ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠢᠳᠡᠭᠡᠨ ᠢ ᠭᠤᠤᠯᠳᠠᠯᠭ᠎ᠠ ᠲᠠᠢ ᠪᠠᠶᠢᠴᠠᠭᠠᠪᠠ᠃ ᠭᠤᠤᠯᠳᠠᠭᠤ ᠡᠵᠡᠩᠨᠡᠭᠴᠢ ᠳᠤ ᠬᠤᠭᠤᠴᠠᠭ᠎ᠠ ᠬᠡᠲᠦᠷᠡᠭᠰᠡᠨ ᠢᠳᠡᠭᠡᠨ᠂ ︽ᠭᠤᠷᠪᠠ ᠥᠬᠡᠶ︾ ᠢᠳᠡᠭᠡᠨ᠂ ᠬᠠᠭᠤᠷᠮᠠᠭ ᠮᠠᠭᠤ ᠢᠳᠡᠭᠡᠨ ᠣᠷᠣᠰᠢᠵᠤ ᠪᠠᠶᠢᠬᠤ ᠡᠰᠡᠬᠦ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠢᠳᠡᠭᠡᠨ ᠪᠣᠷᠣᠯᠠᠭᠤᠯᠬᠤ ᠡᠵᠡᠩᠨᠡᠭᠴᠢ ᠳᠤ ᠡᠷᠡᠭᠦᠯ ᠮᠡᠨᠳᠦ ᠶᠢᠨ ᠭᠡᠷᠡᠴᠢ ᠨᠡᠶᠢᠲᠡᠯᠡᠵᠦ᠂ ᠡᠷᠡᠭᠦᠯᠵᠢᠯ ᠤᠨ ᠢᠳᠡᠭᠡᠨ ᠪᠣᠷᠣᠯᠠᠭᠤᠯᠬᠤ ᠲᠤᠰᠬᠠᠶ ᠣᠷᠣᠨ ᠪᠠᠶᠢᠭᠤᠯᠵᠤ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ ᠶᠢ ᠴᠠᠭᠠᠵᠠᠯᠠᠬᠤ ᠵᠡᠷᠭᠡ ᠶᠢ ᠴᠢᠩᠭ᠎ᠠ ᠱᠠᠭᠠᠷᠳᠠᠪᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ ︾ ᠶᠢᠨ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠠᠷᠢᠬᠢ ᠬᠤᠳᠠᠯᠳᠤᠬᠤ ᠢᠳᠡᠭᠡᠨ ᠪᠣᠷᠣᠯᠠᠭᠤᠯᠬᠤ ᠡᠵᠡᠩᠨᠡᠯᠲᠡ ᠶᠢᠨ ᠡᠷᠦᠬᠡ ᠶᠢ ᠵᠢᠯᠣᠭᠤᠳᠤᠨ  ᠱᠠᠯᠠᠪᠳᠠᠭᠤᠯᠵᠤ ᠪᠠᠶᠢᠭᠠᠳ ᠨᠠᠰᠤᠨ ᠳᠤ ᠥᠯᠥ ᠭᠦᠷᠦᠭᠰᠡᠳ ᠲᠤ ᠠᠷᠢᠬᠢ ᠬᠤᠳᠠᠯᠳᠤᠬᠤ ᠥᠬᠡᠶ ᠭᠡᠰᠡᠨ ᠲᠡᠮᠳᠡᠭ  ᠪᠠᠶᠢᠷᠢᠯᠠᠭᠤᠯᠪᠠ᠃ ᠲᠣᠰ ᠤᠳᠠᠭᠠᠨ ᠤ ᠪᠠᠶᠢᠴᠠᠭᠠᠯᠲᠠ ᠳᠤ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 12 ᠬᠥᠮᠦᠨ ᠤᠳᠠᠭ᠎ᠠ ᠬᠥᠳᠡᠯᠭᠡᠵᠦ᠂ ᠨᠡᠶᠢᠲᠡ 3 ᠠᠰᠠᠭᠤᠳᠠᠯ ᠢ ᠢᠯᠡᠷᠡᠭᠦᠯᠵᠦ᠂ ᠨᠢᠭᠡᠨᠲᠡ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠤᠷᠭᠠᠭᠤᠯᠢ ᠶᠢᠨ ᠬᠦᠷᠢᠶ᠎ᠡ ᠵᠢᠴᠢ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠠ ᠪᠠᠭᠤᠷᠠᠶ ᠭᠤᠭᠴᠤᠭ᠎ᠠ ᠶᠢ ᠭᠤᠤᠯᠳᠠᠯᠭ᠎ᠠ ᠲᠠᠢ ᠰᠢᠢᠳᠪᠦᠷᠢᠯᠡᠵᠦ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠰᠢᠯᠭ᠎ᠠ ᠶᠢ ᠪᠠᠬᠢᠵᠢᠭᠦᠯᠵᠦ᠂ ᠵᠠᠰᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠮᠤᠷ ᠲᠦᠪᠰᠢᠨ᠂ ᠰᠠᠨᠠᠭ᠎ᠠ ᠠᠮᠤᠷ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠢᠳᠡᠭᠡᠨ ᠤ ᠣᠷᠴᠢᠨ ᠲᠣᠭᠤᠷᠢᠨ ᠢ ᠪᠣᠶ ᠪᠣᠯᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号