ᠰᠠᠯᠪᠤᠷᠢ ᠰᠢᠶᠠᠩ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2024/3/18
    ᠤᠢᠢᠷ᠎ᠠ ᠶᠢᠨ ᠵᠢᠯ ᠠᠴᠠ᠂ ᠰᠠᠯᠪᠤᠷᠢ ᠰᠢᠶᠠᠩ ᠭᠤᠣᠯᠳᠠᠯᠭ᠎ᠠ᠂ ᠡᠪᠡᠷᠰᠢᠶᠡᠯ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ︽ᠬᠠᠮ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠵᠢᠭᠦᠯᠵᠦ᠂ ᠰᠠᠶᠢᠨ ᠰᠠᠶᠢᠬᠠᠨ ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠢᠶᠠᠷ ᠪᠦᠬᠦ ᠰᠢᠶᠠᠩ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠷᠭᠦᠯᠵᠢᠯᠡᠬᠦ ᠴᠢᠨᠠᠷᠲᠠᠢ ᠬᠥᠳᠡᠯᠭᠡᠬᠦ ᠬᠦᠴᠦᠨ ᠬᠠᠩᠭᠠᠵᠤ ᠂ ᠪᠦᠬᠦ ᠰᠢᠶᠠᠩ ᠤᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠪᠠ᠃    ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂  ᠭᠤᠣᠯᠳᠠᠯᠭ᠎ᠠ ᠶᠢ ᠴᠢᠩᠭ᠎ᠠ  ᠠᠳᠬᠤᠨ᠎ᠠ᠃  ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠳᠤᠷᠢᠳᠬᠤ ᠳᠤᠭᠤᠶᠢᠯᠠᠩ ᠪᠠᠶᠢᠭᠤᠯᠤᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠬᠤ ᠶᠢᠨ ᠬᠠᠮᠲᠤ ᠲᠤᠰᠬᠠᠶ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠵᠤ ᠲᠥᠪᠯᠡᠷᠡᠭᠦᠯᠦᠨ ᠰᠤᠷᠤᠯᠴᠠᠵᠤ᠂ ᠨᠠᠮ ᠤᠨ ᠭᠡᠰᠢᠭᠦᠨ ᠺᠠᠳ᠋ᠷᠴᠤᠳ ᠤᠨ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠳᠤᠭᠤᠶᠢᠯᠠᠩ ᠤᠨ ᠪᠦᠷᠢᠯᠳᠦᠬᠦᠨ ᠨᠡᠷ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠳ᠋ᠦᠩᠨᠡᠯᠲᠡ ᠬᠢᠵᠦ᠂ ᠠᠭᠤᠯᠭ᠎ᠠ ᠶᠢ ᠡᠮᠬᠢᠯᠡᠨ᠂ ᠲᠥᠰᠦᠯ ᠠᠷᠭ᠎ᠠ ᠬᠡᠮᠵᠢᠶ᠎ᠡ ᠶᠢ ᠰᠤᠳᠤᠯᠵᠤ᠂ ᠢᠯᠡᠷᠡᠭᠰᠡᠨ ᠠᠰᠠᠭᠤᠳᠠᠯ ᠢ ᠰᠢᠢᠳᠪᠦᠷᠢᠯᠡᠬᠦ ᠪᠠ ᠴᠡᠭᠴᠡᠯᠡᠨ ᠵᠠᠰᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃    ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠶᠢ ᠴᠢᠩᠭᠠᠳᠬᠠᠵᠤ᠂ ᠲᠦᠭᠵᠢᠷᠡᠯ ᠢ ᠨᠡᠪᠲᠡᠷᠡᠭᠦᠯᠦᠨ᠎ᠡ᠃ ᠠᠵᠤ ᠠᠬᠤᠶᠢᠯᠠᠯ ᠢ ᠰᠤᠷᠪᠤᠯᠵᠢᠯᠠᠬᠤ ᠪᠠ ᠪᠠᠶᠢᠴᠠᠭᠠᠨ ᠰᠤᠳᠤᠯᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ᠂ ᠠᠵᠢᠯᠴᠢᠨ ᠡᠯᠰᠡᠵᠦ ᠠᠵᠢᠯᠴᠢᠨ ᠬᠡᠷᠡᠭᠯᠡᠬᠦ᠂ ᠠᠮᠤᠷ ᠲᠦᠪᠰᠢᠨ ᠤ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠶᠢ ᠰᠣᠨᠣᠰᠴᠤ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠤᠨ ︽ᠲᠦᠭᠵᠢᠷᠡᠯ︾ ᠢ ᠨᠡᠪᠲᠡᠷᠡᠭᠦᠯᠪᠡ᠃ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠨᠠᠩ ᠥᠨᠳᠥᠷ ᠦᠷ᠎ᠡ ᠪᠦᠲᠦᠮᠵᠢ᠂ ᠨᠠᠩ ᠥᠨᠳᠥᠷ ᠪᠠᠷᠢᠮᠵᠢᠶ᠎ᠠ ᠪᠠᠷ ᠠᠵᠤ ᠠᠬᠤᠶᠢᠯᠠᠯ ᠤᠨ ᠡᠷᠡᠭᠦᠯ ᠪᠥᠭᠡᠳ ᠲᠦᠷᠭᠡᠨ ᠬᠥᠭᠵᠢᠯᠲᠡ ᠶᠢ  ᠬᠠᠮᠠᠭᠠᠯᠠᠨ᠎ᠠ᠃ ᠡᠭᠦᠨ ᠤ ᠬᠠᠮᠲᠤ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠢᠳᠡᠪᠬᠢᠲᠡᠢ ᠤᠬᠠᠭᠤᠯᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠵᠦ᠂  ᠠᠷᠠᠯᠵᠢᠶ᠎ᠠ ᠡᠵᠡᠩᠨᠡᠬᠦ ᠣᠷᠴᠢᠨ ᠨᠦᠭᠦᠴᠡᠯ ᠤᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠤ ᠠᠬᠤᠢ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃    ᠰᠤᠷᠲᠠᠯ ᠤᠨ ᠴᠡᠭᠴᠡᠯᠡᠯᠲᠡ ᠶᠢ ᠭᠦᠨᠵᠡᠭᠡᠶᠢᠷᠡᠭᠦᠯᠵᠦ᠂ ᠡᠪᠡᠷᠰᠢᠶᠡᠯ ᠢ ᠠᠷᠢᠯᠭᠠᠨ᠎ᠠ᠃ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ︽ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ︾ ᠪᠠ ᠠᠵᠢᠯ ᠤᠨ ᠪᠠᠶᠢᠳᠠᠯ  ᠳᠠᠭᠠᠨ ᠪᠠᠶᠢᠬᠤ ᠦᠭᠡᠢ᠂ ᠦᠢᠯᠡᠴᠢᠯᠡᠬᠦ ᠣᠪᠣᠷ ᠠᠨᠠᠢ᠂ ᠠᠵᠢᠯ ᠶᠠᠪᠤᠳᠠᠯ ᠬᠢᠬᠦ ᠤᠯᠠᠨ ᠲᠦᠮᠡᠨ ᠢ ᠭᠠᠴᠢᠬᠤ ᠵᠡᠷᠭᠡ ᠠᠵᠢᠯᠯᠠᠭ᠎ᠠ ᠳᠤ ︽ᠥᠴᠦᠬᠡᠨ ᠴᠦ ᠠᠭᠤᠴᠢᠯᠠᠬᠤ ᠦᠭᠡᠢ︾ ᠪᠠᠶᠢᠬᠤ ᠶᠢ ᠬᠡᠷᠡᠭᠵᠢᠭᠦᠯᠪᠡ᠃ ᠦᠢᠯᠡᠴᠢᠯᠡᠭᠡᠨ ᠤ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠰᠢᠯᠢᠳᠡᠭᠵᠢᠭᠦᠯᠵᠦ᠂ ᠴᠣᠩᠬᠤᠪᠴᠢ ᠦᠢᠯᠡᠴᠢᠯᠡᠭᠡᠨ ᠤ ᠠᠵᠢᠯᠲᠠᠨ ᠤ  ᠪᠣᠯᠪᠠᠰᠤᠷᠠᠯ ᠰᠤᠷᠤᠯᠴᠠᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠵᠢᠯ ᠶᠠᠪᠤᠳᠠᠯ ᠭᠦᠢᠴᠡᠳᠭᠡᠬᠦ ᠠᠵᠢᠯᠲᠠᠨ ᠤ ᠦᠢᠯᠡᠴᠢᠯᠡᠭᠡᠨ ᠤ ᠴᠢᠳᠠᠪᠤᠷᠢ ᠬᠡᠪ ᠴᠢᠨᠠᠷ ᠢ ᠭᠤᠤᠯᠳᠠᠯᠭ᠎ᠠ ᠲᠠᠢ ᠳᠡᠭᠡᠭᠰᠢᠯᠡᠭᠦᠯᠦᠨ᠂ ᠰᠤᠷᠲᠠᠯ ᠢᠶᠠᠨ ᠰᠠᠶᠢᠵᠢᠷᠠᠭᠤᠯᠬᠤ ᠶᠢ  ᠱᠠᠯᠠᠪᠳᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠂ ᠡᠵᠡᠩᠨᠡᠯᠲᠡ ᠶᠢᠨ ᠭᠤᠤᠯ ᠴᠣᠭᠴᠠ ᠶᠢ ᠬᠦᠴᠦᠲᠡᠶ ᠪᠥᠭᠡᠳ ᠪᠦᠲᠦᠮᠵᠢᠲᠡᠶ ᠪᠠᠷ ᠬᠠᠪᠰᠤᠷᠤᠨ ᠬᠦᠴᠢᠷᠳᠡᠯ ᠢ ᠨᠢ  ᠰᠢᠢᠳᠪᠦᠷᠢᠯᠡᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号