ᠠᠤᠬᠠᠨ ᠬᠤᠰᠢᠭᠤ ᠪᠥᠬᠦ ᠬᠤᠰᠢᠭᠤᠨ ᠤ ᠲᠠᠷᠢᠶᠠᠨ ᠭᠠᠵᠠᠷ ᠢ ᠨᠥᠬᠦᠪᠥᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠳᠠᠶᠢᠴᠢᠯᠠᠯᠲᠠ ᠶᠢᠨ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/3/18
 C:\Users\Administrator\Desktop\1.jpg   
    3 ᠰᠠᠷ᠎ᠠ ᠶᠢᠨ 15 ᠤ ᠡᠳᠦᠷ᠂ ᠪᠥᠬᠦ ᠬᠤᠰᠢᠭᠤᠨ ᠤ ᠲᠠᠷᠢᠶᠠᠨ ᠭᠠᠵᠠᠷ ᠨᠥᠬᠦᠪᠥᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠴᠢ ᠬᠠᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ︽ᠠᠤᠬᠠᠨ ᠬᠤᠰᠢᠭᠤᠨ ᠤ ᠲᠠᠷᠢᠶᠠᠨ ᠭᠠᠵᠠᠷ ᠨᠥᠬᠦᠪᠥᠷᠢᠯᠡᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠦᠯ︾ ᠳᠤ ᠲᠠᠶᠢᠯᠤᠮᠵᠢ ᠬᠢᠪᠠ᠃    ᠬᠤᠷᠠᠯ ᠠᠴᠠ᠂ ᠲᠠᠷᠢᠶᠠᠨ ᠭᠠᠵᠠᠷ ᠢ ᠨᠥᠬᠦᠪᠥᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠪᠣᠯ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠂ ᠪᠥᠬᠦ ᠬᠤᠰᠢᠭᠤᠨ ᠤ ᠡᠯ᠎ᠡ ᠱᠠᠲᠤᠨ ᠤ ᠬᠠᠮᠢᠶ᠎ᠠ ᠪᠥᠬᠦᠶ ᠨᠢᠭᠡᠴᠡ ᠰᠢ ᠶᠢᠨ ᠫᠢᠩ ᠶᠡᠷᠦᠩᠬᠡᠶ ᠱᠦᠵᠢ ᠶᠢᠨ ᠠᠮᠤ ᠪᠤᠳᠠᠭᠠᠨ ᠤ ᠠᠮᠤᠷ ᠲᠦᠪᠰᠢᠨ ᠪᠠ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠪᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠤᠵᠢ ᠬᠤᠲᠠ ᠶᠢᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠠᠷᠢᠶᠠᠨ ᠭᠠᠵᠠᠷ ᠢ ᠨᠥᠬᠦᠪᠥᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂  ᠲᠠᠷᠢᠶᠠᠯᠠᠬᠤ ᠴᠠᠭ ᠢ ᠰᠠᠭᠠᠲᠠᠭᠠᠬᠤ ᠥᠬᠡᠶ ᠪᠠᠶᠢᠬᠤ ᠬᠡᠷᠡᠭᠲᠡᠶ ᠭᠡᠵᠦ ᠵᠢᠭᠠᠨ ᠭᠠᠷᠭᠠᠪᠠ᠃    ᠬᠤᠷᠠᠯ ᠠᠴᠠ᠂ ᠲᠠᠷᠢᠶᠠᠨ ᠭᠠᠵᠠᠷ ᠢ ᠨᠥᠬᠦᠪᠥᠷᠢᠯᠡᠬᠦ ᠪᠣᠯ ᠳᠠᠷᠤᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ  ᠲᠤᠭᠤᠰᠢᠯᠠᠭᠤᠯᠵᠤ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠡᠷᠡᠰ ᠰᠠᠬᠢᠵᠤ᠂ ᠲᠤᠮᠤ ᠤᠯᠤᠰ ᠤᠨ ᠠᠮᠤ ᠪᠤᠳᠠᠭᠠᠨ ᠤ ᠬᠥᠮᠥᠷᠭᠡ ᠶᠢᠨ ᠲᠠᠷᠢᠶᠠᠯᠠᠬᠤ ᠰᠠᠭᠤᠷᠢ ᠶᠢ ᠪᠠᠬᠢᠵᠢᠭᠦᠯᠬᠦ ᠳᠤ ᠪᠠᠲᠤ ᠴᠢᠩᠭ᠎ᠠ ᠲᠦᠰᠢᠭ ᠲᠤᠯᠭᠠᠭᠤᠷᠢ ᠬᠠᠩᠭᠠᠵᠤ᠂ ᠠᠮᠤ ᠪᠤᠳᠠᠭᠠᠨ ᠤ ᠠᠮᠤᠷ ᠲᠦᠪᠰᠢᠨ ᠳᠤ ᠬᠠᠯᠬᠠᠪᠴᠢ ᠪᠤᠰᠬᠠᠬᠤ ᠶᠠᠪᠤᠳᠠᠯ ᠪᠣᠯᠤᠨ᠎ᠠ᠃ ᠡᠯ᠎ᠡ ᠬᠤᠯᠪᠣᠭᠳᠠᠯ ᠪᠥᠬᠦᠶ ᠨᠢᠭᠡᠴᠡ ᠪᠣᠯᠤᠨ ᠰᠠᠯᠠᠭ᠎ᠠ ᠮᠥᠴᠢᠷ ᠤᠳ ᠦᠵᠡᠯ ᠰᠠᠨᠠᠭ᠎ᠠ ᠪᠠᠨ ᠨᠢᠭᠡᠳᠬᠡᠵᠦ᠂ ᠲᠠᠷᠢᠶᠠᠨ ᠭᠠᠵᠠᠷ ᠢ ᠨᠥᠬᠦᠪᠥᠷᠢᠯᠡᠬᠦ ᠠᠵᠢᠯ ᠪᠣᠯ ᠲᠠᠷᠢᠶᠠᠨ ᠭᠠᠵᠠᠷ ᠢ ᠬᠠᠮᠠᠭᠠᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠤᠨ ᠴᠢᠬᠤᠯᠠ ᠶᠡᠭᠡ ᠪᠣᠳᠣᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠳᠡᠭ ᠢ ᠭᠦᠨᠵᠡᠭᠡᠶ ᠲᠠᠨᠢᠬᠤ ᠬᠡᠷᠡᠭᠲᠡᠶ᠃ ᠮᠠᠨ ᠤ ᠬᠤᠰᠢᠭᠤᠨ ᠤ ᠭᠠᠵᠠᠷ ᠰᠢᠷᠣᠶ ᠶᠢᠨ ᠲᠠᠯᠠᠪᠠᠶ ᠥᠷᠭᠡᠨ ᠠᠭᠤᠳᠠᠮ᠂ ᠠᠰᠢᠭᠯᠠᠭᠠᠳᠤᠶ ᠭᠠᠵᠠᠷ ᠮᠠᠰᠢ ᠣᠯᠠᠨ ᠪᠠᠶᠢᠳᠠᠭ᠂ ᠠᠰᠢᠭᠯᠠᠭᠠᠳᠤᠶ ᠭᠠᠵᠠᠷ ᠢ  ᠭᠦᠢᠴᠡᠳ ᠨᠢᠭᠡᠳᠬᠡᠨ  ᠠᠰᠢᠭᠯᠠᠵᠤ᠂ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠣᠷᠣᠨ ᠵᠠᠶ ᠶᠢ ᠥᠷᠭᠡᠳᠬᠡᠨ ᠨᠥᠬᠦᠪᠥᠷᠢᠯᠡᠵᠦ᠂ ᠭᠠᠵᠠᠷ ᠰᠢᠷᠣᠶ ᠶᠢᠨ ᠲᠣᠰ ᠪᠡᠶ᠎ᠡ ᠶᠢᠨ ᠴᠢᠰᠤ ᠪᠦᠲᠦᠭᠡᠬᠦ ᠴᠢᠳᠠᠮᠵᠢ ᠶᠢ ᠦᠷᠭᠦᠯᠵᠢᠯᠡᠨ ᠴᠢᠩᠭᠠᠳᠬᠠᠵᠤ᠂ ᠭᠠᠵᠠᠷ ᠰᠢᠷᠣᠶ ᠶᠢᠨ ᠥᠷᠲᠡᠭ ᠢ ᠨᠡᠮᠡᠭᠳᠡᠭᠦᠯᠦᠨ᠂ ᠬᠠᠮᠲᠤ ᠶᠢᠨ ᠣᠷᠣᠯᠭ᠎ᠠ ᠶᠢ ᠨᠡᠮᠡᠭᠳᠡᠭᠦᠯᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠰᠢᠶᠠᠩ ᠪᠠᠯᠭᠠᠰᠤ ᠲᠠᠷᠢᠶᠠᠨ ᠭᠠᠵᠠᠷ ᠢ ᠨᠥᠬᠦᠪᠥᠷᠢᠯᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠵᠢᠴᠢ ᠲᠠᠷᠢᠶᠠᠨ ᠭᠠᠵᠠᠷ ᠢ ᠢᠯᠭᠠᠷᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠪᠣᠳᠠᠲᠠᠶᠢᠵᠢᠭᠤᠯᠵᠤ᠂ ᠦᠵᠡᠯ ᠰᠠᠨᠠᠭᠠᠨ ᠤ ᠤᠬᠠᠭᠤᠯᠭ᠎ᠠ ᠶᠢ ᠪᠣᠳᠠᠲᠠᠶᠢᠵᠢᠭᠤᠯᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠤᠯᠤᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠡᠷᠡᠰ ᠴᠢᠩᠭ᠎ᠠ ᠬᠦᠴᠦᠲᠡᠢ ᠠᠷᠭ᠎ᠠ  ᠬᠡᠮᠵᠢᠶ᠎ᠡ ᠪᠠᠷ ᠲᠦᠷᠦᠯ ᠵᠦᠢᠯ ᠤᠨ ᠬᠡᠷᠡᠭᠵᠢᠭᠦᠯᠦᠯᠲᠡ ᠶᠢ ᠠᠬᠢᠭᠤᠯᠵᠤ᠂ ᠲᠣᠭᠲᠠᠭᠰᠠᠨ ᠴᠠᠭ ᠤᠨ ᠳᠣᠲᠣᠷ᠎ᠠ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠠᠷᠢᠶᠠᠨ ᠭᠠᠵᠠᠷ ᠤᠨ ᠬᠡᠷᠡᠭᠯᠡᠯᠲᠡ ᠶᠢᠨ ᠵᠠᠬᠢᠷᠤᠨ ᠬᠠᠮᠢᠶᠠᠷᠤᠯᠲᠠ ᠶᠢ ᠴᠢᠩᠳᠠᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠠᠷᠢᠶᠠᠨ ᠭᠠᠵᠠᠷ ᠢ ᠬᠠᠮᠠᠭᠠᠯᠠᠬᠤ ᠪᠠ ᠠᠰᠢᠭᠯᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ  ᠭᠡᠵᠦ ᠱᠠᠭᠠᠷᠳᠠᠪᠠ᠃    ᠬᠤᠰᠢᠭᠤᠨ ᠤ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠪᠣᠯᠤᠨ ᠬᠠᠮᠢᠶ᠎ᠠ ᠪᠥᠬᠦᠶ ᠲᠣᠰᠬᠤᠨ ᠤ ᠱᠦᠵᠢ ᠬᠤᠷᠠᠯ ᠳᠤ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号