ᠵᠧᠦ ᠵᠠᠨ ᠯᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ  ᠠᠷᠠᠯᠵᠢᠶᠠᠴᠢᠨ ᠤᠷᠢᠵᠤ ᠪᠡᠯᠡ  ᠲᠠᠲᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/3/20
 C:\Users\Administrator\Desktop\10.jpg    
    3 ᠰᠠᠷ᠎ᠠ ᠶᠢᠨ 14 ᠤ ᠡᠳᠦᠷ᠂ ᠠᠤᠬᠠᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠤ ᠵᠠᠨ ᠯᠢ ᠪᠦᠯᠬᠦᠮ ᠳᠠᠭᠠᠭᠤᠯᠤᠨ ᠪᠡᠭᠡᠵᠢᠩ ᠬᠤᠲᠠ ᠳᠤ ᠬᠦᠷᠴᠦ  ᠠᠷᠠᠯᠵᠢᠶᠠᠴᠢᠨ ᠤᠷᠢᠵᠤ ᠪᠠᠯᠠ ᠲᠠᠲᠠᠬᠤ ᠠᠵᠢᠯ ᠥᠷᠨᠢᠭᠦᠯᠪᠡ᠃    ᠦᠳᠡ ᠶᠢᠨ ᠡᠮᠦᠨ᠎ᠡ᠂ ᠵᠧᠦ ᠵᠠᠨ ᠯᠢ ᠨᠠᠷ ᠬᠤᠸᠠ ᠷᠦᠢ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ ᠰᠢᠨᠵᠢᠯᠡᠨ ᠪᠠᠶᠢᠴᠠᠭᠠᠵᠤ ᠶᠠᠷᠢᠯᠴᠠᠬᠤ ᠬᠤᠷᠠᠯ ᠬᠢᠵᠦ᠂ ᠺᠣᠮᠫᠠᠨᠢ ᠶᠢᠨ ᠭᠦᠢᠴᠡᠳᠬᠡᠬᠦ ᠬᠡᠷᠡᠭ ᠮᠡᠳᠡᠭᠴᠢ ᠠᠴᠠ ᠠᠤᠬᠠᠨ ᠳᠤ ᠪᠡᠯᠡ ᠣᠷᠣᠭᠤᠯᠬᠤ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠨᠠᠷᠢᠨ ᠲᠠᠨᠢᠯᠴᠠᠭᠤᠯᠵᠤ᠂ ᠵᠧᠦ ᠵᠠᠨ ᠯᠢ ᠠᠴᠠ᠂ ᠲᠦᠷᠦᠯ ᠵᠦᠢᠯ ᠢ ᠲᠦᠷᠭᠡᠬᠡᠨ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢᠨ ᠬᠠᠮᠲᠤ ᠬᠤᠸᠠ ᠷᠦᠢ ᠶᠢᠨ ᠡᠯ᠎ᠡ ᠤᠳᠤᠷᠢᠳᠤᠯᠭ᠎ᠠ ᠠᠤᠬᠠᠨ ᠬᠤᠰᠢᠭᠤᠨ ᠳᠤ ᠰᠢᠨᠵᠢᠯᠡᠨ ᠪᠠᠶᠢᠴᠠᠭᠠᠨ ᠰᠤᠳᠤᠯᠤᠯᠲᠠ ᠬᠢᠬᠦ ᠶᠢ ᠴᠦ ᠪᠠᠶᠠᠷᠯᠠᠨ ᠤᠭᠲᠤᠵᠤ  ᠪᠠᠶᠢᠬᠤ ᠪᠠᠨ ᠢᠯᠡᠷᠬᠡᠶᠢᠯᠡᠪᠡ᠃ ᠦᠳᠡ ᠶᠢᠨ ᠬᠤᠶᠢᠨ᠎ᠠ᠂ ᠵᠧᠤ ᠵᠠᠨ ᠯᠢ ᠨᠠᠷ ᠪᠧᠨ ᠶᠤᠸᠠᠨ ᠱᠢ ᠳ᠋ᠠᠢ ᠬᠢᠵᠠᠭᠠᠷᠲᠤ ᠺᠣᠮᠫᠠᠨᠢ ᠳᠤ ᠬᠦᠷᠴᠦ ᠡᠬᠢ ᠰᠤᠷᠪᠤᠯᠵᠢ  ᠲᠣᠣᠷᠵᠢᠯ ᠴᠡᠨᠡᠭ ᠨᠥᠭᠡᠴᠡ ᠶᠢ ᠨᠢᠭᠡ ᠴᠣᠭᠴᠠᠵᠢᠭᠤᠯᠬᠤ ᠲᠥᠷᠥᠯ ᠵᠦᠢᠯ ᠢ ᠳᠥᠯᠭᠢᠨ ᠠᠬᠢᠭᠤᠯᠵᠤ᠂ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠰᠢᠤᠢ ᠵᠢᠶᠠᠨ ᠠᠴᠠ ᠲᠥᠷᠥᠯ ᠵᠦᠢᠯ ᠤᠨ ᠪᠣᠳᠠᠲᠠᠶ ᠠᠬᠢᠴᠠ ᠶᠢ ᠲᠠᠨᠢᠯᠴᠠᠭᠤᠯᠵᠤ᠂ ᠴᠠᠭ ᠤᠨ ᠲᠣᠬᠢᠷᠠᠭᠤᠯᠤᠯᠲᠠ ᠶᠢᠨ ᠲᠤᠬᠠᠶ ᠲᠠᠶᠢᠯᠤᠮᠵᠢ ᠬᠢᠪᠠ᠃ ᠵᠧᠤ ᠵᠠᠨ ᠯᠢ ᠠᠴᠠ᠂ ᠠᠤᠬᠠᠨ ᠬᠤᠰᠢᠭᠤ ᠯᠠᠪᠲᠠᠶ ᠬᠠᠮᠢᠶ᠎ᠠ ᠪᠥᠬᠦᠶ ᠦᠢᠯᠡᠴᠢᠯᠡᠭᠡᠨ ᠤ ᠠᠵᠢᠯ ᠢ ᠰᠠᠶᠢᠲᠤᠷ ᠬᠢᠬᠦ ᠶᠢᠨ ᠬᠠᠮᠲᠤ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠯᠤᠰ ᠢᠷᠡᠭᠡᠳᠦᠶ ᠶᠢ ᠨᠤᠲᠠᠯᠠᠵᠤ ᠪᠠᠶᠢᠬᠤ ᠪᠠᠨ ᠢᠯᠡᠳᠬᠡᠪᠡ᠃    ᠠᠤᠬᠠᠨ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠰᠠᠭ ᠤᠨ ᠣᠷᠳᠣᠨ ᠤ ᠠᠯᠪᠠᠨ ᠬᠡᠷ᠂ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号