2024 ᠣᠨ ᠤ ᠠᠤᠬᠠᠨ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠤᠷᠢᠨ ᠬᠡᠷᠡᠭᠯᠡᠬᠦ ᠪᠠᠷ ᠪᠠᠶᠢᠭ᠎ᠠ ᠬᠥᠮᠥᠰ ᠢ ᠢᠯᠡ ᠪᠠᠷ ᠤᠷᠢᠨ ᠬᠡᠷᠡᠭᠯᠡᠬᠦ  ᠳᠤ ᠰᠢᠨᠵᠢᠯᠡᠨ  ᠪᠠᠶᠢᠴᠠᠭᠠᠯᠲᠠ ᠬᠢᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/3/20
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠠᠯᠪᠠᠨ ᠵᠠᠷ︾ ᠲᠤ ᠲᠣᠭᠲᠠᠭᠠᠭᠰᠠᠨ ᠠᠵᠢᠯᠲᠠᠨ ᠡᠯᠰᠡᠬᠦ ᠲᠠᠰ ᠳᠠᠷᠠᠭᠠᠯᠠᠯ ᠢ ᠦᠨᠳᠦᠰᠦᠯᠡᠨ᠂ ᠪᠢᠷ ᠤᠨ ᠰᠢᠯᠭᠠᠯᠲᠠ᠂ ᠨᠢᠭᠤᠷᠲᠠᠨ ᠰᠢᠯᠭᠠᠬᠤ᠂ ᠪᠡᠶ᠎ᠡ ᠶᠢᠨ ᠪᠠᠶᠢᠴᠠᠭᠠᠯᠲᠠ ᠵᠡᠷᠭᠡ ᠭᠤᠭᠴᠤᠭ᠎ᠠ ᠪᠠᠷ ᠳᠡᠮᠵᠢᠨ᠂ ᠠᠤᠬᠠᠨ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠤᠷᠢᠵᠤ ᠬᠡᠷᠡᠭᠯᠡᠬᠦ ᠪᠠᠷ ᠪᠠᠶᠢᠭ᠎ᠠ 49 ᠬᠥᠮᠦᠨ ᠳᠤ ᠰᠢᠨᠵᠢᠯᠡᠨ ᠪᠠᠶᠢᠴᠠᠭᠠᠯᠲᠠ ᠬᠢᠪᠠ ︵ᠨᠡᠷᠡᠰ ᠢ ᠠᠷᠤ ᠳᠤ ᠳᠠᠭᠠᠯᠳᠤᠭᠤᠯᠪᠠ︶᠃        ᠰᠢᠨᠵᠢᠯᠡᠨ ᠪᠠᠶᠢᠴᠠᠭᠠᠬᠤ ᠠᠵᠢᠯ ᠢ ᠤᠷᠢᠬᠤ ᠨᠢᠭᠡᠴᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠨ᠎ᠠ᠃ ᠰᠢᠨᠵᠢᠯᠡᠨ ᠪᠠᠶᠢᠴᠠᠭᠠᠬᠤ ᠠᠵᠢᠯ ᠨᠢ ᠤᠯᠤᠰ ᠲᠥᠷᠥ ᠶᠢᠨ ᠪᠠᠷᠢᠮᠵᠢᠶ᠎ᠠ ᠶᠢ ᠳᠣᠪᠤᠶᠢᠯᠭᠠᠬᠤ᠂ ᠭᠤᠤᠯᠳᠠᠭᠤ ᠤᠷᠢᠭᠳᠠᠭᠰᠠᠳ ᠤᠨ ᠦᠵᠡᠯ ᠰᠠᠨᠠᠭ᠎ᠠ ᠤᠯᠤᠰ ᠲᠥᠷᠥ ᠶᠢᠨ ᠢᠯᠡᠷᠡᠯ᠂ ᠶᠣᠰᠣ ᠮᠣᠷᠠᠯ ᠵᠠᠩ ᠰᠤᠷᠲᠠᠯ᠂ ᠴᠢᠳᠠᠪᠤᠷᠢ ᠬᠡᠪ ᠴᠢᠨᠠᠷ᠂ ᠰᠤᠷᠤᠯᠴᠠᠯᠭ᠎ᠠ ᠪᠠ ᠠᠵᠢᠯ ᠤᠨ ᠢᠯᠡᠷᠡᠯ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠵᠢᠴᠢ ᠵᠠᠶᠢᠯᠠᠭᠤᠯᠬᠤ ᠴᠢᠬᠤᠯᠠᠲᠠᠶ ᠡᠰᠡᠬᠦ ᠵᠡᠷᠭᠡ ᠲᠠᠯ᠎ᠠ ᠶᠢᠨ ᠪᠠᠶᠢᠳᠠᠯ ᠢ ᠪᠠᠭᠲᠠᠭᠠᠨ᠎ᠠ᠃ ᠤᠷᠢᠭᠳᠠᠬᠤ ᠬᠥᠮᠦᠰ ᠬᠢᠷᠢ ᠲᠡᠩᠴᠡᠭᠰᠡᠨ ᠦᠭᠡᠶ ᠪᠣᠯ ᠤᠷᠢᠨ ᠬᠡᠷᠡᠭᠯᠡᠬᠦ ᠨᠢᠭᠡᠴᠡ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠰᠤᠳᠤᠯᠤᠨ ᠲᠣᠭᠲᠠᠭᠠᠯᠭᠠᠭᠠᠳ᠂ ᠤᠷᠢᠨ ᠬᠡᠷᠡᠭᠯᠡᠬᠦ ᠬᠢᠷᠢ ᠭᠡᠮ ᠢ ᠨᠢ ᠬᠦᠴᠦᠨ ᠦᠭᠡᠶ ᠪᠣᠯᠭᠠᠵᠤ ᠪᠣᠯᠤᠨ᠎ᠠ᠃ ᠰᠢᠯᠭᠠᠨ ᠪᠠᠶᠢᠴᠠᠭᠠᠬᠤ ᠭᠤᠭᠴᠤᠭ᠎ᠠ ᠳᠤ ᠬᠤᠪᠢ ᠬᠥᠮᠦᠨ ᠤ ᠰᠢᠯᠲᠠᠭᠠᠨ ᠠᠴᠠ ᠪᠣᠯᠵᠤ ᠲᠠᠶᠠᠭᠳᠠᠭᠰᠠᠨ ᠪᠤᠶᠤ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠥᠬᠡᠶ ᠠᠴᠠ ᠪᠣᠯᠵᠣ ᠠᠵᠢᠯ ᠤᠨ ᠪᠠᠶᠢᠷᠢ ᠶᠢᠨ ᠣᠷᠣᠨ ᠲᠤᠭ᠎ᠠ ᠶᠢᠨ ᠬᠤᠭᠤᠰᠣᠨ ᠣᠷᠣ ᠭᠠᠷᠤᠭᠰᠠᠨ ᠪᠠᠶᠢᠪᠠᠯ᠂ ᠰᠢᠯᠭᠠᠯᠲᠠ ᠶᠢᠨ ᠶᠡᠷᠦᠩᠬᠡᠶ ᠬᠢᠷᠢ ᠪᠦᠲᠦᠮᠵᠢ ᠶᠢ ᠥᠨᠳᠥᠷ ᠠᠴᠠ ᠳᠣᠤᠷ᠎ᠠ ᠪᠣᠯᠤᠭᠰᠠᠨ ᠲᠠᠰ ᠳᠠᠷᠠᠭᠠᠯᠠᠯ ᠢᠶᠠᠷ ᠲᠠᠰ ᠳᠠᠷᠠᠭᠠᠯᠠᠨ ᠨᠥᠬᠦᠪᠥᠷᠢᠯᠡᠵᠦ᠂  ᠳᠠᠷᠠᠭᠠᠯᠠᠨ ᠨᠥᠬᠦᠪᠥᠷᠢᠯᠡᠬᠦ ᠳᠤ ᠵᠥᠪᠬᠡᠨ 1 ᠤᠳᠠᠭ᠎ᠠ ︵ᠳᠠᠷᠠᠭᠠᠯᠠᠨ ᠨᠥᠬᠦᠪᠦᠷᠢᠯᠡᠬᠦ ᠨᠡᠷᠡᠰ ᠢ ᠳᠠᠬᠢᠨ ᠵᠠᠷᠯᠠᠨ ᠨᠡᠶᠢᠲᠡᠯᠡᠬᠦ ᠥᠬᠡᠶ︶  ᠶᠠᠪᠤᠭᠳᠠᠭᠤᠯᠤᠨ᠎ᠠ᠃        ᠰᠢᠨᠵᠢᠯᠡᠨ ᠪᠠᠶᠢᠴᠠᠭᠠᠬᠤ ᠠᠵᠢᠯ ᠢ 2024 ᠣᠨ ᠤ 3 ᠰᠠᠷ᠎ᠠ ᠶᠢᠨ 25 ᠤ ᠡᠳᠦᠷ ᠠᠴᠠ ᠡᠮᠦᠨ᠎ᠡ ᠪᠡᠶᠡᠯᠡᠭᠦᠯᠦᠨ᠎ᠡ᠃ ᠰᠢᠯᠭᠠᠨ ᠪᠠᠶᠢᠴᠠᠭᠠᠬᠤ ᠡᠲᠡᠭᠡᠳ ᠨᠢ ᠨᠡᠷ᠎ᠡ ᠮᠡᠳᠡᠭᠦᠯᠦᠭᠰᠡᠨ ᠨᠢᠭᠡᠴᠡ ᠲᠠᠢ ᠴᠠᠭ ᠲᠤᠬᠠᠢ ᠳᠤ ᠨᠢ ᠬᠠᠷᠢᠯᠴᠠᠵᠤ ᠰᠢᠯᠭᠠᠨ ᠪᠠᠶᠢᠴᠠᠭᠠᠭᠠᠷᠠᠢ᠃        ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕                    ᠠᠤᠬᠠᠨ  ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ                                     2024 ᠣᠨ ᠤ 3 ᠰᠠᠷ᠎ᠠ ᠶᠢᠨ 18 ᠤ ᠡᠳᠦᠷ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号