ᠰᠢᠶᠠ ᠸᠠ ᠪᠠᠯᠭᠠᠰᠤ 2024 ᠣᠨ ᠤ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/3/21
   
  C:\Users\Administrator\Desktop\苏木1.jpg 
    ᠤᠯᠠᠭᠠᠨᠬᠠᠳᠠ ᠶᠢᠨ ᠾᠦᠢ ᠰᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠤᠬᠠᠨ ᠬᠤᠰᠢᠭᠤᠨ ᠤ ᠰᠢᠶᠠ ᠸᠠ ᠪᠠᠯᠭᠠᠰᠤᠨ ᠤ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠳᠤ ᠭᠡᠷ᠎ᠡ ᠲᠣᠭᠲᠠᠭᠰᠠᠨ ᠠᠴᠠ ᠨᠠᠰᠢ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠠᠯᠭᠠᠰᠤᠨ ᠤ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠪᠠᠲᠤᠯᠠᠭ᠎ᠠ ᠬᠠᠩᠭᠠᠪᠠ᠃    ᠣᠶᠢᠷ᠎ᠠ ᠳᠤ᠂ ᠺᠣᠮᠫᠠᠨᠢ ᠶᠢᠨ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠮᠡᠷᠭᠡᠵᠢᠯ ᠤᠨ ᠪᠣᠯᠪᠠᠰᠤᠷᠠᠭᠤᠯᠤᠯ ᠤᠨ ᠬᠤᠷᠠᠯ ᠵᠢᠴᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠡᠵᠢᠭᠡᠨ ᠦᠷᠡᠵᠢᠭᠦᠯᠬᠦ ᠮᠡᠷᠭᠡᠵᠢᠯ ᠤᠨ ᠤᠬᠠᠭᠤᠯᠤᠨ ᠲᠠᠶᠢᠯᠪᠤᠷᠢᠯᠠᠬᠤ ᠬᠤᠷᠠᠯ ᠢ ᠵᠣᠬᠢᠶᠠᠨ ᠪᠠᠶᠢᠭᠤᠯᠤᠨ  ᠬᠤᠷᠠᠯᠳᠤᠵᠤ᠂ ᠪᠠᠯᠭᠠᠰᠤᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠮᠠᠯ ᠠᠵᠤ ᠠᠬᠤᠶ ᠶᠢᠨ ᠠᠵᠢᠯ ᠤᠨ ᠪᠠᠶᠢᠷᠢ ᠶᠢᠨ ᠠᠵᠢᠯᠲᠠᠨ᠂ ᠺᠣᠮᠫᠠᠨᠢ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ᠂ ᠪᠠᠯᠭᠠᠰᠤᠨ ᠤ ᠪᠥᠬᠦ ᠬᠢᠵᠢᠭ ᠢ ᠰᠡᠷᠭᠡᠶᠢᠯᠡᠭᠴᠢ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠪᠥᠬᠦ ᠪᠠᠯᠭᠠᠰᠤᠨ ᠤ ᠨᠢᠳᠤᠨᠤᠨ ᠨᠠᠮᠤᠷ ᠤᠨ ᠰᠡᠷᠭᠡᠶᠢᠯᠡᠯᠲᠡ ᠶᠢᠨ ᠠᠵᠢᠯ ᠢ ᠳ᠋ᠦᠩᠨᠡᠨ ᠵᠠᠳᠠᠯᠵᠤ ᠂ ᠬᠠᠪᠤᠷ ᠤᠨ ᠤᠯᠠᠷᠢᠯ ᠤᠨ ᠠᠮᠢᠲᠠᠨ ᠤ ᠡᠭᠡᠯᠢᠯᠡᠭᠡ ᠶᠢᠨ ᠠᠵᠢᠯ ᠢ ᠳᠣᠭᠢᠷᠠᠭᠤᠯᠤᠨ ᠪᠠᠶᠢᠷᠢᠯᠠᠭᠤᠯᠵᠤ᠂ ᠲᠣᠰᠬᠤᠨ ᠤ ᠳᠡᠰ ᠤᠨ ᠬᠢᠵᠢᠭ ᠢ ᠰᠡᠷᠭᠡᠶᠢᠯᠡᠬᠦ ᠠᠵᠢᠯᠲᠠᠨ ᠤ ᠬᠢᠵᠢᠭ ᠢ ᠰᠡᠷᠭᠡᠶᠢᠯᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠡᠯ᠎ᠡ ᠲᠣᠰᠬᠤᠨ ᠤ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯᠲᠠᠳ ︽ᠲᠣᠰᠬᠤᠨ ᠳᠤ ᠡᠷᠦᠬᠡ ᠶᠢ ᠣᠷᠬᠢᠭᠳᠠᠭᠤᠯᠬᠤ ᠥᠬᠡᠶ᠂ ᠡᠷᠦᠬᠡ ᠳᠤ ᠮᠠᠯ ᠢ ᠣᠷᠬᠢᠭᠳᠠᠭᠤᠯᠬᠤ ᠥᠬᠡᠶ᠂ ᠮᠠᠯ ᠳᠤ  ᠵᠡᠭᠦᠦ ᠶᠢ ᠣᠷᠬᠢᠭᠳᠠᠭᠤᠯᠬᠤ ᠥᠬᠡᠶ︾ ᠪᠠᠶᠢᠬᠤ ᠵᠠᠷᠴᠢᠮ ᠢ ᠴᠢᠩᠭ᠎ᠠ ᠵᠢᠷᠤᠮᠯᠠᠨ᠂ ᠲᠥᠪᠯᠡᠷᠡᠭᠦᠯᠦᠨ  ᠡᠭᠡᠯᠢᠯᠡᠭᠡ  ᠬᠢᠬᠦ ᠪᠠ ᠭᠤᠭᠤᠵᠢᠬᠤ ᠶᠢ ᠪᠠᠶᠢᠴᠠᠭᠠᠨ ᠳᠤᠲᠠᠭᠤ ᠶᠢ ᠨᠦᠬᠦᠪᠦᠷᠢᠯᠡᠬᠦ ᠪᠠ ᠭᠡᠯᠳᠦᠷᠢᠭᠦᠯᠬᠦ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠬᠠᠷᠢᠶ᠎ᠠ ᠣᠷᠣᠨ ᠤ ᠪᠠᠨ ᠳᠣᠲᠣᠷᠠᠬᠢ ᠡᠯ᠎ᠡ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶ ᠶᠢᠨ ᠲᠡᠵᠢᠭᠡᠵᠦ ᠪᠠᠶᠢᠭ᠎ᠠ ᠭᠠᠭ᠋ᠠᠶ᠂ ᠦᠬᠡᠷ᠂ ᠬᠤᠨᠢ ᠵᠡᠷᠭᠡ ᠬᠡᠷ ᠤᠨ ᠲᠡᠵᠢᠭᠡᠪᠦᠷᠢ ᠳᠤ ᠲᠥᠪᠯᠡᠷᠡᠭᠦᠯᠦᠨ ᠡᠭᠡᠯᠢᠯᠡᠭᠡ ᠬᠢᠵᠦ᠂ ᠡᠭᠡᠯᠢᠯᠡᠭᠡ ᠬᠢᠬᠦ ᠶᠣᠰᠣᠲᠠᠶ ᠶᠢ ᠨᠢ ᠪᠦᠬᠦᠨ ᠢ  ᠬᠢᠵᠦ᠂ ᠡᠭᠡᠯᠢᠯᠡᠭᠡ ᠶᠢᠨ ᠶᠠᠰᠤ ᠴᠢᠨᠠᠷ ᠪᠠ ᠨᠢᠭᠲᠠᠴᠠ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃ ᠬᠢᠵᠢᠭ ᠢ ᠰᠡᠷᠭᠡᠶᠢᠯᠡᠬᠦ ᠠᠵᠢᠯᠲᠠᠳ ᠢ ᠡᠷᠦᠬᠡ ᠳᠤ ᠬᠦᠷᠴᠦ ᠡᠭᠡᠯᠢᠯᠡᠭᠡ ᠬᠢᠬᠦ ᠶᠢᠨ ᠬᠠᠮᠲᠤ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠢᠴᠢ ᠬᠢᠵᠢᠭ ᠤᠨ ᠬᠤᠤᠷ ᠬᠥᠨᠥᠭᠡᠯ ᠵᠢᠴᠢ ᠨᠡᠶᠢᠭᠡᠮᠴᠢᠯᠡᠭᠰᠡᠨ ᠦᠢᠯᠡᠴᠢᠯᠡᠭᠡᠨ ᠤ ᠥᠷᠨᠢᠭᠦᠯᠦᠭᠰᠡᠨ ᠲᠤᠬᠠᠶᠢᠯᠠᠭᠰᠠᠨ ᠠᠵᠢᠯ ᠵᠡᠷᠭᠡ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠪᠥᠬᠦ ᠪᠠᠯᠭᠠᠰᠤᠨ ᠤ ᠥᠷᠭᠡᠨ ᠣᠯᠠᠨ ᠲᠡᠵᠢᠭᠡᠨ ᠦᠷᠡᠵᠢᠭᠦᠯᠬᠦ ᠡᠷᠦᠬᠡ ᠶᠢᠨ ᠬᠢᠵᠢᠭ ᠢ ᠰᠡᠷᠭᠡᠶᠢᠯᠡᠬᠦ ᠦᠵᠡᠯ ᠤᠬᠠᠮᠰᠠᠷ ᠢ ᠴᠢᠩᠭᠠᠷᠠᠭᠤᠯᠤᠨ᠂ ᠲᠡᠵᠢᠭᠡᠨ ᠦᠷᠡᠵᠢᠭᠦᠯᠬᠦ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠬᠠᠪᠤᠷ ᠤᠨ ᠤᠯᠠᠷᠢᠯ ᠤᠨ ᠬᠢᠵᠢᠭ ᠢ ᠰᠡᠷᠭᠡᠶᠢᠯᠡᠬᠦ ᠠᠵᠢᠯ ᠳᠤ ᠢᠳᠡᠪᠬᠢᠲᠡᠶ ᠣᠷᠣᠯᠴᠠᠭᠤᠯᠵᠤ᠂ ᠬᠠᠪᠤᠷ ᠤᠨ ᠤᠯᠠᠷᠢᠯ ᠤᠨ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠤᠨ ᠤᠷᠤᠭᠰᠢᠲᠠᠶ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号