ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠬᠤ ᠠᠵᠢᠯ ᠢ ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/3/21
      C:\Users\Administrator\Desktop\100.jpg    ᠳᠡᠭᠡᠳᠦ ᠱᠠᠲᠤᠨ ᠤ ᠰᠠᠯᠠᠭ᠎ᠠ ᠮᠥᠴᠢᠷ ᠤᠨ ᠠᠮᠤ ᠪᠤᠳᠠᠭᠠᠨ ᠤ ᠠᠶᠤᠯᠭᠦᠢ ᠦᠢᠯᠡᠳᠪᠦᠷᠢᠯᠡᠯ ᠵᠢᠴᠢ
ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠶᠢᠨ ᠲᠥᠯᠥᠭᠡ᠂ ᠣᠶᠢᠷ᠎ᠠ ᠳᠤ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠸᠠᠩ ᠸᠧᠨ ᠭᠠᠩ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠥᠷᠲᠡᠭᠡ ᠭᠠᠵᠠᠷ ᠤᠨ ᠠᠵᠢᠯᠲᠠᠨ ᠢ ᠳᠠᠭᠠᠭᠤᠯᠤᠨ ᠰᠧ ᠳ᠋ᠤᠤ ᠸᠠᠨ ᠽᠢ ᠪᠠᠯᠭᠠᠰᠤ᠂ ᠹᠧᠩ ᠱᠸᠦ ᠰᠢᠶᠠᠩ᠂ ᠨᠦᠬᠡᠲᠦ ᠪᠠᠯᠭᠠᠰᠤ ᠵᠡᠷᠭᠡ ᠵᠢᠷᠭᠤᠭᠠᠨ ᠰᠢᠶᠠᠩ ᠪᠠᠯᠭᠠᠰᠤᠨ ᠳᠤ ᠭᠦᠨᠵᠡᠭᠡᠶᠢᠷᠡᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠬᠤ ᠠᠵᠢᠯ ᠢ ᠲᠤᠬᠠᠶ ᠶᠢᠨ ᠭᠠᠵᠠᠷ ᠲᠤᠨᠢ  ᠱᠠᠯᠠᠪᠳᠠᠭᠤᠯᠤᠨ ᠵᠢᠯᠣᠭᠤᠳᠴᠤ ᠪᠠᠶᠢᠴᠠᠭᠠᠪᠠ᠃   ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠬᠢᠨ ᠡᠩ ᠲᠡᠷᠢᠭᠦᠨ ᠳᠤ ᠡᠯ᠎ᠡ ᠰᠢᠶᠠᠩ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠬᠠᠷᠢᠭᠤᠴᠠᠯᠭᠠᠲᠠᠨ ᠤ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠬᠤ ᠠᠵᠢᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠨᠢ ᠡᠯ᠎ᠡ ᠰᠢᠶᠠᠩ ᠪᠠᠯᠭᠠᠰᠤᠨ ᠤ ᠮᠠᠰᠢᠨ ᠴᠠᠬᠢᠯᠭᠠᠨ ᠬᠤᠳᠳᠤᠭ ᠤᠨ ᠠᠵᠢᠯᠯᠠᠭᠠᠨ ᠤ ᠬᠠᠮᠠᠭᠠᠯᠠᠯᠲᠠ ᠶᠢᠨ ᠣᠳᠣᠬᠢ ᠪᠠᠶᠢᠳᠠᠯ ᠵᠢᠴᠢ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠬᠤ ᠳᠤ ᠪᠣᠳᠠᠲᠠᠶ ᠢᠯᠡᠷᠡᠭᠰᠡᠨ ᠠᠰᠠᠭᠤᠳᠠᠯ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃    ᠲᠣᠰ ᠤᠳᠠᠭᠠᠨ ᠤ ᠱᠠᠯᠠᠪᠳᠠᠭᠤᠯᠤᠨ ᠵᠢᠯᠣᠭᠤᠳᠴᠤ ᠪᠠᠶᠢᠴᠠᠭᠠᠬᠤ ᠠᠵᠢᠯ ᠳᠤ ᠴᠢᠭᠯᠡᠭᠦᠯᠦᠨ᠂ ᠸᠠᠩ ᠸᠧᠨ ᠭᠠᠩ ᠴᠢᠬᠤᠯᠠᠴᠢᠯᠠᠭᠰᠠᠨ ᠨᠢ᠂ ᠮᠠᠰᠢᠨ ᠴᠠᠬᠢᠯᠭᠠᠨ ᠬᠤᠳᠳᠤᠭ ᠤᠨ ᠠᠵᠢᠯᠯᠠᠭ᠎ᠠ ᠨᠢ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠬᠡᠷᠡᠭᠲᠡᠶ᠃ ᠨᠢᠭᠡ ᠳᠤ᠂ ᠵᠢᠭᠰᠠᠭᠠᠨ ᠪᠠᠶᠢᠴᠠᠭᠠᠬᠤ ᠠᠬᠢᠴᠠ ᠶᠢ ᠲᠦᠷᠭᠡᠳᠬᠡᠵᠦ᠂ 3 ᠰᠠᠷ᠎ᠠ ᠶᠢᠨ 30 ᠤ ᠡᠳᠦᠷ ᠠᠴᠠ ᠡᠮᠦᠨ᠎ᠡ ᠵᠢᠭᠰᠠᠭᠠᠨ ᠪᠠᠶᠢᠴᠠᠭᠠᠬᠤ ᠶᠢ ᠪᠦᠬᠦᠨ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ ᠬᠤᠶᠠᠷ ᠲᠤ᠂ ᠪᠣᠳᠠᠲᠠᠢ ᠠᠴᠠ ᠡᠭᠦᠰᠴᠦ᠂ ᠬᠤᠳᠠᠯ ᠢᠶᠠᠷ ᠮᠡᠳᠡᠭᠦᠯᠬᠦ ᠦᠭᠡᠢ᠂ ᠣᠷᠬᠢᠭᠳᠠᠭᠤᠯᠬᠤ ᠦᠭᠡᠢ᠂ ᠮᠡᠳᠡᠭᠦᠯᠬᠦ ᠦᠭᠡᠢ ᠪᠠᠶᠢᠵᠤ ᠪᠣᠯᠬᠤ ᠦᠭᠡᠢ᠂ ᠮᠡᠳᠡᠭᠡ ᠵᠠᠩᠭᠢ ᠶᠢᠨ ᠦᠨᠡᠨ ᠪᠣᠳᠠᠲᠠᠢ ᠵᠥᠪ ᠣᠨᠣᠪᠴᠢᠲᠠᠢ ᠪᠠᠶᠢᠬᠤ ᠶᠢ ᠪᠠᠲᠤᠯᠠᠬᠤ ᠬᠡᠷᠡᠭᠲᠡᠢ︔ ᠭᠤᠷᠪᠠ ᠳᠤ᠂ ᠡᠬᠡ ᠲᠠᠩᠰᠠ ᠶᠢ ᠵᠢᠭᠰᠠᠭᠠᠨ ᠪᠠᠶᠢᠴᠠᠭᠠᠬᠤ ᠶᠢ ᠰᠠᠶᠢᠲᠤᠷ ᠬᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠱᠠᠳᠤ ᠱᠠᠳᠤ ᠪᠠᠷ ᠭᠠᠷ ᠤᠨ ᠦᠰᠦᠭ ᠵᠢᠷᠤᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠲᠦᠷᠪᠡ ᠳᠤ᠂ ᠠᠰᠠᠭᠤᠳᠠᠯ ᠢ ᠢᠯᠡᠷᠡᠭᠦᠯᠵᠦ᠂ ᠵᠤᠷᠰᠢᠯ ᠢᠶᠠᠷ ᠥᠭᠡᠷᠡᠴᠢᠯᠡᠵᠦ᠂ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃
C:\Users\Administrator\Desktop\101.jpg
    ᠲᠠᠷᠠᠭᠠᠴᠢ ᠶᠢᠨ ᠠᠯᠬᠤᠮ ᠳᠤ᠂ ᠠᠤᠬᠠᠨ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠦᠷᠭᠦᠯᠵᠢᠯᠡᠨ ᠪᠦᠷᠢᠨᠰᠢᠬᠦᠯᠵᠦ᠂ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠲᠣᠭᠲᠠᠭᠤᠨ ᠪᠥᠭᠡᠳ ᠣᠷᠳᠣ ᠬᠤᠭᠤᠴᠠᠭᠠᠨ ᠤ ᠪᠦᠲᠦᠮᠵᠢᠲᠡᠶ ᠦᠷ᠎ᠡ ᠠᠰᠢᠭ ᠢ ᠪᠠᠳᠠᠷᠠᠭᠤᠯᠬᠤ ᠶᠢ ᠪᠠᠲᠤᠯᠠᠵᠤ᠂ ᠣᠯᠠᠨ ᠲᠦᠮᠡᠨ ᠤ ᠦᠷᠭᠦᠯᠵᠢᠯᠡᠨ ᠠᠰᠢᠭ ᠣᠷᠣᠯᠭ᠎ᠠ ᠤᠯᠬᠤ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠬᠦ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号