ᠸᠠᠩ ᠶᠦᠩ ᠵᠢᠶᠦ᠋ᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ  ᠬᠦᠷᠴᠦ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/3/21
       C:\Users\Administrator\Desktop\1.jpg    
    3 ᠰᠠᠷ᠎ᠠ ᠶᠢᠨ 19 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠦᠩ ᠵᠢᠶᠦ᠋ᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠢᠶ ᠰᠢᠤᠢ ᠳ᠋ᠦᠩ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠸᠠᠩ ᠶᠦᠩ ᠵᠢᠶᠦ᠋ᠨ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 2023 ᠣᠨ ᠤ ᠪᠥᠬᠦ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠭᠤᠤᠯᠳᠠᠯᠭ᠎ᠠ ᠲᠠᠢ ᠠᠵᠢᠯ ᠢ ᠪᠡᠶᠡᠯᠡᠭᠦᠯᠦᠭᠰᠡᠨ ᠪᠠᠶᠢᠳᠠᠯ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠨᠠᠷᠢᠨ ᠣᠶᠢᠯᠠᠭᠠᠭᠰᠠᠨ ᠪᠥᠭᠡᠳ ᠣᠶ ᠰᠢᠭᠤᠶ ᠶᠢᠨ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ ᠠᠵᠢᠯᠯᠠᠭ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠵᠡᠷᠭᠡ ᠠᠵᠢᠯ ᠤᠨ ᠲᠤᠬᠠᠶ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠰᠠᠨᠠᠯ ᠢᠶᠠᠨ ᠰᠣᠯᠢᠯᠴᠠᠪᠠ᠃   ᠸᠠᠩ ᠶᠦᠩ ᠵᠢᠶᠦ᠋ᠨ ᠠᠴᠠ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠥᠩᠭᠡᠷᠡᠭᠰᠡᠨ ᠤ ᠲᠤᠷᠰᠢᠯᠭ᠎ᠠ ᠪᠠᠨ ᠳ᠋ᠦᠩᠨᠡᠵᠦ᠂ ᠣᠳᠣᠬᠠᠨ ᠤ ᠦᠷ᠎ᠡ ᠪᠦᠲᠦᠭᠡᠯ ᠢᠶᠠᠨ ᠪᠠᠬᠢᠵᠢᠭᠦᠯᠵᠦ᠂  ᠰᠡᠶᠢᠷᠡᠭᠵᠢᠭᠰᠡᠨ ᠣᠢ ᠶᠢᠨ ᠬᠦᠢ ᠶᠢ ᠥᠭᠡᠷᠡᠴᠢᠯᠡᠬᠦ᠂ ᠣᠶ ᠰᠢᠭᠤᠶ ᠪᠠ ᠨᠤᠲᠤᠭ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ᠂ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠶ ᠰᠢᠭᠤᠶ ᠶᠢᠨ ᠮᠥᠬᠦ᠂ ᠣᠶ ᠰᠢᠭᠤᠶ ᠶᠢᠨ ᠡᠮ᠂ ᠣᠶ ᠰᠢᠭᠤᠶ ᠶᠢᠨ ᠵᠢᠭᠦᠷᠲᠡᠨ ᠵᠡᠷᠭᠡ ᠣᠶ ᠶᠢᠨ ᠬᠤᠷᠮᠣᠶ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠮᠢ ᠠᠬᠤᠶ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠵᠡᠷᠭᠡ ᠭᠤᠷᠪᠠᠨ ᠦᠷ᠎ᠡ ᠠᠰᠢᠭ ᠢ ᠨᠢᠭᠡᠳᠦᠯᠲᠡᠶ ᠪᠠᠶᠢᠯᠭᠠᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠶ ᠭᠡᠵᠦ ᠵᠢᠭᠠᠨ ᠭᠠᠷᠭᠠᠪᠠ᠃
C:\Users\Administrator\Desktop\2.jpg
     ᠸᠠᠩ ᠶᠦᠩ ᠵᠢᠶᠦ᠋ᠨ ᠠᠴᠠ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ︽ᠬᠢᠬᠦ ᠥᠬᠡᠶ ᠪᠣᠯ ᠪᠣᠯᠬᠤ ᠥᠬᠡᠶ᠂ ᠬᠢᠪᠡᠯ ᠰᠠᠶᠢᠲᠤᠷ ᠬᠢᠬᠦ︾ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠰᠢᠯᠢᠳᠡᠭ ᠤᠯᠠᠮᠵᠢᠯᠠᠯ ᠢ ᠦᠷᠭᠦᠯᠵᠢᠯᠡᠨ ᠪᠠᠳᠠᠷᠠᠭᠤᠯᠵᠤ᠂ ᠬᠤᠷᠴᠢᠨ ᠤ ᠡᠯᠡᠰᠦ ᠶᠢ ᠲᠦᠢᠯᠪᠤᠷᠢᠲᠠᠢ ᠵᠠᠰᠬᠠᠤ ᠳᠠᠶᠢᠯᠠᠯᠳᠤᠭᠠᠨ ᠤ ᠢᠯᠠᠯᠲᠠ ᠶᠢ ᠤᠯᠬᠤ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠶ ᠶᠢ ᠪᠦᠬᠦᠨ ᠢ ᠬᠠᠮᠤᠷᠬᠤ ᠪᠠ ᠣᠶ ᠰᠢᠭᠤᠶ ᠪᠠ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠬᠤᠷᠴᠢᠨ ᠤ ᠡᠯᠡᠰᠦ ᠶᠢ ᠲᠦᠢᠯᠪᠤᠷᠢᠲᠠᠢ ᠵᠠᠰᠬᠠᠤ ᠳᠠᠶᠢᠯᠠᠯᠳᠤᠭᠠᠨ ᠤ ᠢᠯᠠᠯᠲᠠ ᠶᠢ ᠤᠯᠬᠤ ᠲᠠᠯ᠎ᠠ ᠪᠠᠷ ᠬᠦᠴᠦᠨ ᠴᠢᠳᠠᠯ ᠢᠶᠠᠨ ᠡᠷᠭᠦᠵᠦ᠂ ᠵᠢᠳᠬᠦᠯ ᠴᠢᠷᠮᠠᠶᠢᠯᠭ᠎ᠠ ᠪᠠᠨ ᠦᠵᠡᠭᠦᠯᠬᠦ ᠬᠡᠷᠡᠭᠲᠡᠶ  ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号