ᠠᠤᠬᠠᠨ ᠬᠤᠰᠢᠭᠤ ᠨᠠᠮ ᠤᠨ ᠠᠵᠢᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/3/22
C:\Users\Administrator\Desktop\1.jpg
    ᠦᠨᠳᠦᠰᠦᠨ ᠱᠠᠲᠤᠨ ᠤ ᠨᠠᠮ ᠤᠨ ᠡᠭᠦᠷ ᠤᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠠᠵᠢᠯ ᠤᠨ ᠠᠵᠢᠯᠲᠠᠨ ᠤ ᠤᠯᠤᠰ ᠲᠥᠷᠥ ᠶᠢᠨ ᠬᠡᠪ ᠴᠢᠨᠠᠷ ᠪᠠ ᠡᠭᠦᠷᠭᠡ ᠲᠤᠰᠢᠶᠠᠯ ᠢᠶᠠᠨ  ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 16 ᠤ ᠡᠳᠦᠷ ᠂ ︽ᠠᠤᠬᠠᠨ ᠬᠤᠰᠢᠭᠤᠨ ᠤ ᠨᠠᠮ ᠤᠨ ᠠᠵᠢᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ  ᠪᠣᠯᠪᠠᠰᠤᠷᠠᠯ ᠤᠨ ᠠᠩᠭᠢ︾ ᠺᠠᠳ᠋ᠷ ᠤᠨ ᠳᠡᠭᠡᠳᠦ ᠰᠤᠷᠭᠠᠭᠤᠯᠢ ᠳᠤ ᠶᠠᠪᠤᠭᠳᠠᠵᠤ᠂ ᠡᠯ᠎ᠡ ᠦᠨᠳᠦᠰᠦᠨ ᠱᠠᠲᠤᠨ ᠤ ᠨᠠᠮ ᠤᠨ ᠠᠵᠢᠯᠳᠠᠨ ᠨᠡᠶᠢᠲᠡ 350 ᠭᠠᠷᠤᠶ ᠬᠦᠮᠦᠰ ᠪᠣᠯᠪᠠᠰᠤᠷᠠᠯ ᠳᠤ ᠣᠷᠣᠯᠴᠠᠪᠠ᠃    ︽ᠣᠨᠣᠯ + ᠬᠡᠷᠡᠭ ᠤᠨ ᠵᠢᠱᠢᠶ᠎ᠡ︾ ᠶᠢᠨ ᠬᠤᠤᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂  ᠪᠣᠯᠪᠠᠰᠤᠷᠠᠯ ᠤᠨ ᠬᠢᠴᠢᠶᠡᠯ ᠢ ᠬᠠᠨᠳᠤᠯᠭᠠᠲᠤ ᠴᠢᠨᠠᠷᠲᠠᠶ ᠪᠠᠷ ᠪᠠᠶᠢᠷᠢᠯᠠᠭᠤᠯᠪᠠ᠃ ᠨᠠᠮ ᠤᠨ ᠭᠡᠰᠢᠭᠦᠨ ᠡᠯᠰᠡᠬᠦ ᠠᠵᠢᠯ ᠤᠨ ᠬᠢᠴᠢᠶᠡᠯ ᠳᠤ ᠴᠢᠭᠯᠡᠭᠦᠯᠦᠨ᠂ ᠡᠳᠦᠷ ᠲᠤᠲᠤᠮ ᠤᠨ ᠨᠠᠮ ᠤᠨ ᠠᠵᠢᠯ ᠤᠨ ᠳᠤᠮᠳᠠ ᠦᠷᠭᠦᠯᠵᠢ ᠲᠣᠬᠢᠶᠠᠯᠳᠤᠳᠠᠭ ᠤᠬᠠᠭᠳᠠᠬᠤᠨ ᠤ ᠵᠥᠷᠢᠶ᠎ᠡ᠂ ᠪᠠᠭᠤᠷᠠᠶ ᠭᠤᠭᠴᠤᠭ᠎ᠠ ᠳᠤ ᠴᠢᠭᠯᠡᠭᠦᠯᠦᠨ ᠲᠥᠭᠡᠷᠢᠭᠳᠡᠯ ᠢ ᠵᠠᠳᠠᠯᠵᠤ᠂ ᠨᠠᠮ ᠤᠨ ᠭᠡᠰᠢᠭᠦᠨ ᠡᠯᠰᠡᠬᠦ ᠲᠠᠰ ᠳᠠᠷᠠᠭᠠᠯᠠᠯ ᠢ ᠤᠯᠠᠮ ᠨᠢᠭᠡ ᠠᠯᠬᠤᠮ ᠵᠢᠷᠤᠮᠵᠢᠭᠤᠯᠪᠠ︔ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠦᠷᠢᠮ ᠤᠨ ᠬᠢᠴᠢᠶᠡᠯ ᠢ ᠴᠢᠩᠭ᠎ᠠ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠭᠤᠷᠪᠠᠨ ᠬᠤᠷᠠᠯ ᠨᠢᠭᠡ ᠬᠢᠴᠢᠶᠡᠯ︾ ᠤᠨ ᠲᠦᠷᠢᠮ ᠤᠨ ᠬᠥᠭᠵᠢᠯᠲᠡ ᠪᠠ ᠦᠢᠯᠡᠳᠦᠯᠭᠡ ᠵᠢᠴᠢ ᠲᠤᠰᠢᠶᠠᠯ ᠠᠴᠠ ᠪᠠᠨ ᠰᠠᠯᠤᠭᠰᠠᠨ ᠭᠠᠴᠠᠭ᠎ᠠ ᠲᠣᠰᠬᠤᠨ ᠤ ᠺᠠᠳ᠋ᠷ ᠤᠨ ᠠᠮᠢᠳᠤᠷᠠᠯ ᠤᠨ ᠨᠥᠬᠦᠪᠥᠷᠢ ᠶᠢ ᠬᠢᠨᠠᠨ ᠵᠥᠪᠰᠢᠶᠡᠷᠡᠬᠦ ᠠᠵᠢᠯ ᠵᠡᠷᠭᠡ ᠲᠠᠯ᠎ᠠ ᠠᠴᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠲᠠᠶᠢᠯᠪᠤᠷᠢᠯᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠬᠤ ᠶᠢᠨ ᠲᠥᠯᠥᠭᠡ ᠰᠠᠭᠤᠷᠢ ᠶᠢ ᠪᠠᠬᠢᠵᠢᠭᠦᠯᠪᠡ︔ ᠪᠠᠲᠤ ᠪᠠᠬᠢ ᠵᠢᠱᠢᠶᠡᠴᠢ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠤᠨ ᠪᠣᠳᠠᠲᠤ ᠶᠠᠪᠤᠳᠠᠯ ᠤᠨ ᠬᠢᠴᠢᠶᠡᠯ ᠢ ᠲᠠᠶᠢᠯᠪᠤᠷᠢᠯᠠᠵᠤ ᠂ ᠨᠠᠢᠮᠠᠨ ᠬᠦᠷᠢᠶ᠎ᠡ ᠴᠠᠷᠠᠭ᠎ᠠ ᠬᠤᠪᠢᠶᠠᠨ ᠠᠳᠠᠯᠢ ᠪᠤᠰᠤ ᠬᠠᠷᠠᠭᠠᠰᠤ ᠠᠴᠠ ᠪᠠᠲᠤ ᠪᠠᠬᠢ ᠵᠢᠱᠢᠶᠡᠴᠢ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠤᠨ ᠪᠠᠷᠢᠮᠵᠢᠶ᠎ᠠ᠂ ᠣᠨᠴᠠᠯᠢᠭ᠂ ᠨᠠᠵᠠᠭᠠᠶ ᠲᠠᠯ᠎ᠠ ᠶᠢᠨ ᠨᠠᠷᠢᠨ ᠬᠠᠭᠤᠳᠠᠰᠤ ᠵᠡᠷᠭᠡ ᠶᠢ ᠲᠠᠶᠢᠯᠪᠤᠷᠢᠯᠠᠵᠤ᠂ ᠬᠢᠴᠢᠶᠡᠯᠯᠡᠬᠦ ᠠᠭᠤᠯᠭ᠎ᠠ ᠨᠢ ᠥᠷᠭᠡᠨ ᠠᠭᠤᠳᠠᠮ ᠪᠠᠶᠢᠵᠤ᠂ ᠪᠣᠳᠠᠲᠠᠶ ᠠᠵᠢᠯ ᠢ ᠥᠷᠨᠢᠭᠦᠯᠬᠦ ᠳᠤ ᠵᠢᠯᠣᠭᠤᠳᠬᠤ ᠴᠢᠨᠠᠷ ᠲᠠᠢ ᠪᠠᠶᠢᠳᠠᠭ᠃    ᠬᠢᠴᠢᠶᠡᠯ ᠳᠡᠭᠡᠷ᠎ᠡ ᠠᠰᠠᠭᠤᠯᠲᠠ ᠭᠠᠷᠭᠠᠬᠤ ᠭᠤᠭᠴᠤᠭ᠎ᠠ ᠶᠢ ᠳᠣᠭᠢᠷᠠᠭᠤᠯᠵᠤ᠂ ᠨᠠᠮ ᠤᠨ ᠠᠵᠢᠯ ᠤᠨ ᠠᠵᠢᠯᠲᠠᠨ ᠤ ᠪᠣᠯᠪᠠᠰᠤᠷᠠᠭᠤᠯᠤᠯ ᠤᠨ ᠦᠷ᠎ᠡ ᠪᠦᠲᠦᠮᠵᠢ ᠶᠢ ᠨᠠᠷᠢᠯᠢᠭ ᠣᠨᠣᠴᠠᠲᠠᠶ ᠪᠠᠷ ᠰᠢᠯᠭᠠᠨ ᠪᠠᠶᠢᠴᠠᠭᠠᠵᠤ᠂ ᠬᠢᠴᠢᠶᠡᠯ ᠤᠨ ᠵᠠᠪᠰᠠᠷ ᠠᠴᠠ ᠠᠰᠠᠭᠤᠯᠲᠠ ᠳᠤ ᠴᠢᠭᠯᠡᠭᠦᠯᠦᠨ ᠢᠯᠡᠷᠡᠭᠦᠯᠦᠭᠰᠡᠨ ᠪᠠᠭᠤᠷᠠᠶ ᠭᠤᠭᠴᠤᠭ᠎ᠠ ᠳᠤ ᠴᠢᠭᠯᠡᠭᠦᠯᠦᠨ ︽ᠴᠡᠭ ᠠᠴᠠ ᠴᠡᠭ ᠲᠤ ᠬᠦᠷᠴᠦ︾ ᠬᠠᠨᠳᠤᠯᠭ᠎ᠠ ᠲᠠᠢ ᠪᠠᠷ ︽ᠬᠢᠴᠢᠶᠡᠯ ᠨᠥᠬᠦᠵᠦ︾᠂ ᠬᠢᠴᠢᠶᠡᠯ ᠤᠨ ᠳᠠᠷᠠᠭ᠎ᠠ ᠨᠢᠭᠡᠳ ᠨᠢᠭᠡ ᠪᠠᠷ ᠮᠠᠳᠠᠭ ᠲᠠᠢ ᠠᠰᠠᠭᠤᠳᠠᠯ ᠢ ᠬᠠᠷᠢᠭᠤᠯᠵᠤ᠂ ᠨᠠᠮ ᠤᠨ ᠠᠵᠢᠯ ᠤᠨ ᠠᠵᠢᠯᠲᠠᠳ ᠢ ᠤᠯᠠᠮ ᠨᠢᠭᠡ ᠠᠯᠬᠤᠮ ᠬᠠᠪᠰᠤᠷᠤᠨ ᠰᠡᠳᠬᠢᠴᠡ ᠶᠢ ᠨᠢ ᠲᠣᠳᠣᠷᠬᠠᠶᠢᠯᠠᠵᠤ᠂ ᠨᠠᠮ ᠤᠨ ᠪᠠᠶᠢᠭᠤᠯᠤᠯᠲᠠ ᠶᠢᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠡᠵᠡᠮᠰᠢᠭᠦᠯᠪᠡ᠃    ᠰᠤᠷᠤᠯᠭ᠎ᠠ ᠲᠡᠭᠦᠰᠬᠦ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠪᠣᠯᠪᠠᠰᠤᠷᠠᠯ ᠤᠨ ᠳ᠋ᠦᠩᠨᠡᠯᠲᠡ ᠬᠢᠵᠦ᠂ ︽ᠭᠤᠷᠪᠠᠨ ᠲᠠᠯ᠎ᠠ ᠶᠢᠨ ᠱᠠᠭᠠᠷᠳᠠᠯᠭ᠎ᠠ︾ ᠶᠢ ᠴᠢᠬᠤᠯᠠᠴᠢᠯᠠᠪᠠ᠃ ᠨᠢᠭᠡ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠵᠢᠷᠤᠮᠵᠢᠭᠤᠯᠤᠨ ᠠᠬᠢᠭᠤᠯᠵᠤ᠂ ︽ᠲᠠᠪᠤᠨ ᠨᠢᠭᠡ︾ ᠶᠢᠨ ᠠᠵᠢᠯ ᠤᠨ ᠲᠣᠭᠲᠠᠴᠠ ᠶᠢ ᠭᠤᠣᠯᠳᠠᠯᠭ᠎ᠠ ᠲᠠᠢ ᠨᠠᠶᠢᠳᠠᠪᠤᠷᠢᠵᠢᠭᠤᠯᠤᠨ᠎ᠠ᠃ ᠬᠤᠶᠠᠷ ᠲᠤ᠂ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠵᠢᠷᠤᠮᠵᠢᠭᠤᠯᠤᠨ ᠠᠬᠢᠭᠤᠯᠵᠤ᠂ ᠭᠤᠣᠯᠳᠠᠭᠤ ︽ᠲᠠᠪᠤᠨ ᠡᠷᠭᠢᠨ ᠬᠠᠷᠠᠬᠤ︾ ᠲᠤᠰᠬᠠᠢ ᠠᠵᠢᠯᠯᠠᠭ᠎ᠠ ᠪᠣᠯᠤᠨ᠎ᠠ᠃ ᠭᠤᠷᠪᠠ ᠳᠤ᠂ ᠨᠠᠮ ᠤᠨ ᠡᠭᠦᠷ ᠢ ᠡᠭᠦᠳᠦᠨ ᠪᠠᠶᠢᠭᠤᠯᠬᠤ ᠶᠢ ᠵᠢᠷᠤᠮᠵᠢᠭᠤᠯᠤᠨ ᠠᠬᠢᠭᠤᠯᠵᠤ᠂ ︽ᠰᠢᠨ ᠵᠧᠦ ᠶᠢᠨ ᠬᠤᠰᠢᠭᠤᠴᠢ︾ ᠪᠠᠷ ᠠᠴᠢᠶᠠᠯᠠᠪᠤᠷᠢ ᠪᠣᠯᠭᠠᠵᠤ᠂ ᠪᠠᠲᠤ ᠴᠢᠩᠭ᠎ᠠ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢ ᠪᠥᠬᠦ ᠲᠠᠯ᠎ᠠ ᠪᠠᠷ ᠡᠭᠦᠳᠦᠨ ᠪᠠᠶᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号