ᠰᠧ ᠳ᠋ᠤᠤ ᠸᠠᠨ ᠽᠢ ᠪᠠᠯᠭᠠᠰᠤ 2024 ᠣᠨ ᠤ ᠨᠠᠮ ᠤᠨ ᠪᠠᠶᠢᠭᠤᠯᠤᠯᠲᠠ᠂ ᠠᠵᠤ ᠠᠬᠤᠢ᠂ ᠤᠯᠤᠰ ᠲᠦᠷᠦ ᠬᠠᠤᠯᠢ ᠴᠠᠭᠠᠵᠠ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/25
     ᠣᠷᠴᠢᠮ ᠤᠨ ᠡᠳᠦᠷ᠂ ᠰᠧ ᠳ᠋ᠤᠤ ᠸᠠᠨ ᠽᠢ ᠪᠠᠯᠭᠠᠰᠤ 2024 ᠣᠨ ᠤ ᠨᠠᠮ ᠤᠨ ᠪᠠᠶᠢᠭᠤᠯᠤᠯᠲᠠ᠂ ᠠᠵᠤ ᠠᠬᠤᠢ᠂ ᠤᠯᠤᠰ ᠲᠦᠷᠦ ᠬᠠᠤᠯᠢ ᠴᠠᠭᠠᠵᠠ ᠵᠢᠴᠢ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠵᠤ᠂ 2023 ᠣᠨ ᠤ ᠪᠦᠬᠦ ᠪᠠᠯᠭᠠᠰᠤᠨ ᠤ ᠠᠵᠤ ᠠᠬᠤᠢ ᠶᠢᠨ ᠠᠵᠢᠯ ᠤᠨ ᠣᠯᠤᠭᠰᠠᠨ ᠠᠮᠵᠢᠯᠲᠠ ᠶᠢ ᠪᠦᠬᠦ ᠲᠠᠯ᠎ᠠ ᠪᠠᠷ ᠳ᠋ᠦᠩᠨᠡᠨ ᠡᠷᠭᠢᠴᠡᠭᠦᠯᠵᠦ᠂ 2024 ᠣᠨ ᠤ ᠡᠯ᠎ᠡ ᠵᠦᠢᠯ ᠤᠨ ᠠᠵᠢᠯ ᠤᠨ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠪᠦᠬᠦ ᠪᠠᠯᠭᠠᠰᠤᠨ ᠤ ᠺᠠᠳ᠋ᠷ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠳᠡᠳ᠋ ᠱᠦᠵᠢ᠂ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ᠂ ᠬᠤᠯᠪᠣᠭᠳᠠᠯ ᠪᠥᠬᠦᠶ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠨᠢᠭᠡᠳ ᠨᠢᠭᠡ ᠪᠠᠷ ᠳᠣᠭᠢᠷᠠᠭᠤᠯᠤᠨ ᠪᠠᠶᠢᠷᠢᠯᠠᠭᠤᠯᠵᠤ᠂ 2024 ᠣᠨ ᠤ ᠨᠠᠮ ᠤᠨ ᠪᠠᠶᠢᠭᠤᠯᠤᠯᠲᠠ᠂ ᠣᠯᠠᠨ ᠲᠦᠮᠡᠨ ᠤ ᠪᠦᠯᠬᠦᠮ᠂ ᠤᠯᠤᠰ ᠲᠥᠷᠥ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠵᠡᠷᠭᠡ ᠠᠵᠢᠯ ᠤᠨ ᠡᠭᠦᠷᠭᠡ ᠪᠣᠯᠤᠨ ᠠᠵᠢᠯ ᠤᠨ ᠬᠠᠷᠠᠯᠲᠠ ᠶᠢ ᠲᠣᠳᠣᠷᠬᠠᠶ ᠲᠣᠭᠲᠠᠭᠠᠪᠠ᠃ ᠪᠠᠯᠭᠠᠰᠤᠨ ᠤ ᠨᠠᠮ ᠤᠨ ᠬᠤᠷᠢᠶᠠᠨ ᠤ ᠭᠤᠤᠯ ᠤᠳᠤᠷᠢᠳᠤᠯᠭ᠎ᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ ᠂ ᠠᠮᠢ ᠠᠬᠤᠶ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠪᠠᠲᠤᠯᠠᠭ᠎ᠠ᠂ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠵᠡᠷᠭᠡ ᠲᠤᠯᠤᠭᠠᠨ ᠲᠠᠯ᠎ᠠ ᠪᠠᠷ ᠪᠥᠬᠦ ᠪᠠᠯᠭᠠᠰᠤᠨ ᠤ ᠠᠵᠤ ᠠᠬᠤᠶ ᠶᠢᠨ ᠠᠵᠢᠯ ᠳᠤ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠠᠵᠢᠯᠯᠠᠬᠤ  ᠪᠠᠷ ᠲᠣᠯᠤᠭᠠᠶᠢᠯᠠᠭᠤᠯᠵᠤ᠂ ᠦᠨᠡᠨ ᠢ ᠲᠡᠷᠢᠭᠦᠨ ᠳᠤ ᠲᠠᠯᠪᠢᠵᠤ᠂ ᠲᠦᠷᠭᠡᠨ ᠪᠠᠶᠢᠬᠤ ᠪᠠᠷ ᠭᠤᠣᠯᠳᠠᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠠᠭ ᠢᠮᠠᠭᠲᠠ ᠡᠬᠢᠯᠡᠯᠲᠡ ᠶᠢᠨ ᠠᠵᠢᠯ ᠪᠣᠯ ᠰᠢᠢᠳᠪᠦᠷᠢᠲᠦ ᠳᠠᠶᠢᠯᠠᠯᠳᠤᠭᠠᠨ ᠮᠥᠨ᠂ ᠡᠬᠢᠯᠡᠯᠲᠡ ᠶᠢᠨ ᠠᠵᠢᠯ ᠪᠣᠯ ᠰᠢᠪᠲᠤᠯᠤᠯᠲᠠ ᠶᠢᠨ ᠣᠪᠣᠷ ᠮᠥᠨ᠂ ᠰᠠᠶᠢᠨ ᠡᠬᠢᠯᠡᠯᠲᠡ ᠲᠠᠢ ᠪᠠᠶᠢᠵᠤ᠂ ᠪᠦᠬᠦ ᠵᠢᠯ ᠳᠤ  ᠪᠠᠨ ᠰᠠᠶᠢᠬᠠᠨ ᠪᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠪᠠᠯᠭᠠᠰᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠠᠰᠤᠷᠠᠯᠲᠠ ᠥᠬᠡᠶ  ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号