ᠠᠣᠬᠠᠨ ᠬᠤᠰᠢᠭᠤᠨ ᠤ ᠶᠢᠨ ᠴᠠᠩ ᠭᠸᠦ ᠯᠢᠶᠠᠩ ᠪᠠᠯᠭᠠᠰᠤ᠄ ︽ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ︾  ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ
ᠨᠡᠶᠢᠲᠡᠯᠡᠭᠰᠡᠨ ᠴᠠᠭ᠄
2024/3/25
     ᠣᠶᠢᠷ᠎ᠠ ᠶᠢᠨ ᠵᠢᠯ᠂ ᠶᠢᠨ ᠴᠠᠩ ᠭᠧᠤ ᠯᠢᠶᠠᠩ ᠪᠠᠯᠭᠠᠰᠤᠨ ᠤ ᠴᠡᠷᠢᠭ  ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠨᠠᠮ ᠤᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠬᠤ᠂ ᠬᠠᠪᠰᠤᠷᠤᠨ ᠲᠡᠳᠬᠦᠵᠦ ᠲᠤᠰᠠᠯᠠᠬᠤ ᠶᠢ ᠴᠢᠩᠭᠠᠳᠬᠠᠬᠤ᠂ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠠᠴᠠ ᠭᠠᠷᠳᠠᠵᠤ᠂ ︽ᠴᠡᠷᠢᠭ ᠠᠴᠠ ᠬᠠᠯᠠᠭᠳᠠᠭᠰᠠᠳ ᠤᠨ ᠭᠡᠷ ᠪᠦᠯᠢ︾  ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠬᠠᠷᠢᠶ᠎ᠠ ᠣᠷᠣᠨ ᠤ ᠪᠠᠨ ᠴᠡᠷᠢᠭ ᠠᠴᠠ ᠬᠠᠯᠠᠭᠳᠠᠭᠰᠠᠳ ᠲᠤ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ  ᠦᠢᠯᠡᠴᠢᠯᠡᠨ᠎ᠡ᠃        ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠳᠤ ᠺᠣᠮᠫᠢᠦ᠋ᠲ᠋ᠧᠷ᠂ ᠬᠠᠭᠤᠯᠪᠤᠷᠢᠯᠠᠬᠤ ᠮᠠᠰᠢᠨ᠂ ᠳᠠᠷᠤᠮᠠᠯᠯᠠᠬᠤ ᠮᠠᠰᠢᠨ ᠵᠡᠷᠭᠡ  ᠲᠦᠬᠦᠭᠡᠷᠦᠮᠵᠢ ᠳᠣᠭᠢᠷᠠᠭᠤᠯᠵᠤ᠂ ᠴᠡᠷᠢᠭ ᠠᠴᠠ ᠬᠠᠯᠠᠭᠳᠠᠭᠰᠠᠳ ᠲᠤ ᠲᠥᠷᠥ ᠶᠢᠨ ᠪᠣᠳᠣᠯᠭ᠎ᠠ ᠶᠢᠨ ᠯᠠᠪᠯᠠᠭ᠎ᠠ ᠥᠭᠬᠦ᠂ ᠮᠡᠳᠡᠭᠡ ᠵᠠᠩᠭᠢ ᠴᠤᠭᠯᠠᠭᠤᠯᠬᠤ᠂ ᠲᠤᠬᠠᠶᠢᠯᠠᠭᠰᠠᠨ ᠠᠵᠢᠯ ᠢ ᠭᠦᠢᠴᠡᠳᠭᠡᠬᠦ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡ ᠬᠠᠩᠭᠠᠨ᠎ᠠ ᠃ ᠲᠤᠰᠬᠠᠶ ᠳᠠᠩᠰᠠ ᠡᠪᠬᠡᠮᠡᠯ ᠤᠨ ᠬᠤᠷᠭᠤ ᠲᠣᠬᠢᠷᠠᠭᠤᠯᠵᠤ᠂ ᠲᠤᠰᠬᠠᠶ ᠬᠥᠮᠦᠨ ᠵᠢᠭᠠᠨ ᠲᠣᠭᠲᠠᠭᠠᠵᠤ ᠪᠢᠴᠢᠭ ᠮᠠᠲ᠋ᠧᠷᠢᠶᠠᠯ ᠢ ᠴᠤᠭᠯᠠᠭᠤᠯᠬᠤ᠂ ᠡᠮᠬᠢᠯᠡᠬᠦ ᠪᠠ ᠳᠠᠩᠰᠠ ᠡᠪᠬᠡᠮᠡᠯ ᠳᠤ ᠣᠷᠣᠭᠤᠯᠬᠤ ᠠᠵᠢᠯ ᠢ ᠬᠠᠷᠢᠭᠤᠴᠠᠭᠤᠯᠵᠤ᠂ ᠳᠠᠩᠰᠠ ᠡᠪᠬᠡᠮᠡᠯ ᠤᠨ ᠪᠦᠷᠢᠨ ᠪᠦᠲᠦᠨ᠂ ᠣᠨᠣᠪᠴᠢᠲᠠᠶ᠂ ᠠᠮᠤᠷ ᠲᠦᠪᠰᠢᠨ ᠪᠠ ᠪᠦᠲᠦᠮᠵᠢᠲᠡᠶ ᠠᠰᠢᠭᠯᠠᠯᠲᠠ ᠶᠢ ᠦᠨᠡᠨᠬᠦ ᠪᠠᠲᠤᠯᠠᠨ᠎ᠠ᠃ ᠲᠤᠰᠬᠠᠶ ᠠᠵᠢᠯᠲᠠᠨ ᠲᠣᠬᠢᠷᠠᠭᠤᠯᠵᠤ ᠬᠠᠷᠢᠶ᠎ᠠ ᠣᠷᠣᠨ ᠤ ᠪᠠᠨ ᠳᠣᠲᠣᠷᠠᠬᠢ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ  ᠬᠠᠷᠢᠭᠤᠴᠠᠭᠤᠯᠤᠨ᠎ᠠ ᠃        ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠨ᠎ᠡ᠃ ᠪᠠᠶᠢᠩᠭᠤ ᠶᠢᠨ ᠴᠢᠨᠠᠷᠲᠠᠶ ᠬᠠᠷᠢᠯᠴᠠᠵᠤ ᠰᠤᠷᠪᠤᠯᠵᠢᠯᠠᠬᠤ ᠳᠦᠷᠢᠮ ᠢ ᠪᠠᠷᠢᠮᠲᠠᠯᠠᠵᠤ᠂ ᠡᠷᠦᠬᠡ ᠳᠤ ᠣᠷᠣᠬᠤ᠂ ᠴᠠᠬᠢᠯᠭᠠᠨ ᠬᠤᠯᠪᠣᠭ᠎ᠠ᠂ ᠸᠢᠴᠠᠲ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠴᠢᠬᠤᠯᠠ ᠵᠠᠩᠭᠢᠯᠠᠭ᠎ᠠ ᠶᠢᠨ ᠴᠡᠭ ᠲᠤ ᠪᠣᠯᠭᠤᠭᠠᠨ ᠲᠣᠬᠤᠨᠢᠭᠤᠯᠵᠤ᠂ ᠲᠡᠳᠡᠨ ᠳᠤ ᠲᠣᠬᠤᠨᠢᠭᠤᠯᠬᠤ ᠵᠠᠬᠢᠳᠠᠯ᠂ ᠲᠣᠬᠤᠨᠢᠭᠤᠯᠬᠤ ᠮᠥᠩᠭᠦ ᠬᠦᠷᠭᠡᠵᠦ᠂ ᠬᠠᠷᠢᠶᠠᠲᠤ ᠣᠷᠣᠨ ᠤ ᠴᠡᠷᠢᠭ ᠠᠴᠠ ᠬᠠᠯᠠᠭᠳᠠᠭᠰᠠᠳ ᠵᠢᠴᠢ ᠠᠰᠠᠷᠠᠨ ᠬᠠᠷᠠᠭᠠᠯᠵᠠᠬᠤ ᠡᠲᠡᠭᠡᠳ ᠶᠢᠨ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠬᠦᠷᠲᠡᠭᠡᠬᠦ ᠶᠢ ᠦᠨᠡᠨᠬᠦ ᠪᠠᠲᠤᠯᠠᠵᠤ᠂ ᠠᠯᠪᠠᠨ ᠴᠡᠷᠢᠭ ᠤᠨ ᠭᠡᠷ ᠪᠦᠯᠢ ᠪᠠ ᠴᠡᠷᠢᠭ ᠠᠴᠠ ᠬᠠᠯᠠᠭᠳᠠᠭᠰᠠᠳ ᠤᠨ ︽ ᠡᠴᠦᠰ ᠤᠨ ᠨᠢᠭᠡ  ᠺᠢᠯᠦᠮᠧᠲᠷ︾ ᠢ  ᠨᠡᠪᠲᠡᠷᠡᠭᠦᠯᠦᠨ᠎ᠡ᠃        ᠦᠢᠯᠡᠴᠢᠯᠡᠭᠡᠨ ᠤ ᠠᠷᠭ᠎ᠠ ᠪᠠᠷᠢᠯ ᠳᠤ ᠰᠢᠨ᠎ᠡ ᠶᠢ ᠡᠭᠦᠳᠦᠨ᠎ᠡ᠃ ᠪᠠᠯᠭᠠᠰᠤᠨ ᠤ ᠵᠠᠰᠠᠭ ᠤᠨ ᠣᠷᠳᠣᠨ ᠤ ᠠᠵᠢᠯ ᠤᠨ ᠣᠨᠴᠠᠯᠢᠭ ᠵᠢᠴᠢ ᠳᠠᠪᠠᠭᠤᠯᠢᠭ ᠲᠠᠢ ᠤᠶᠠᠯᠳᠤᠭᠤᠯᠤᠨ᠂ ᠴᠡᠷᠢᠭ ᠠᠴᠠ ᠬᠠᠯᠠᠭᠳᠠᠭᠰᠠᠳ ᠤᠨ ᠲᠤᠤᠷᠴᠢᠯᠠᠭᠰᠠᠨ ᠦᠢᠯᠡᠴᠢᠯᠡᠭᠡᠨ ᠤ ᠠᠵᠢᠯ ᠤᠨ ᠲᠣᠭᠲᠠᠴᠠ ᠶᠢ ᠪᠠᠶᠢᠭᠤᠯᠵᠤ᠂ ᠬᠠᠷᠢᠭᠤᠴᠠᠯᠭ᠎ᠠ ᠡᠭᠦᠷᠭᠡᠯᠡᠭᠴᠢ᠂ ᠬᠠᠷᠢᠯᠴᠠᠬᠤ ᠡᠲᠡᠭᠡᠳ ᠢ ᠲᠣᠳᠣᠷᠬᠠᠶᠢᠯᠠᠵᠤ᠂ ᠦᠢᠯᠡᠴᠢᠯᠡᠭᠡ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠲᠣᠰᠬᠤᠨ ᠤ ᠰᠦᠯᠵᠢᠶᠡᠨ ᠤ ᠬᠤᠯᠪᠣᠭᠠᠴᠢᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠰᠦᠯᠵᠢᠶᠡᠨ ᠤ ᠠᠵᠢᠯᠲᠠᠨ ᠤ ᠥᠪᠡᠷᠮᠢᠴᠡ ᠦᠢᠯᠡᠴᠢᠯᠡᠭᠡᠨ ᠤ ᠳᠠᠪᠠᠭᠤᠯᠢᠭ ᠢ ᠪᠠᠳᠠᠷᠠᠭᠤᠯᠤᠨ᠂ ᠬᠠᠷᠢᠶᠠᠲᠤ ᠣᠷᠣᠨ  ᠳᠤ ᠰᠠᠭᠤᠭ᠎ᠠ ᠴᠡᠷᠢᠭ ᠠᠴᠠ ᠬᠠᠯᠠᠭᠳᠠᠭᠰᠠᠳ ᠵᠢᠴᠢ ᠠᠯᠪᠠᠨ ᠴᠡᠷᠢᠭ ᠤᠨ ᠭᠡᠷ ᠪᠦᠯᠢ ᠶᠢᠨ ᠬᠢᠨ ᠳᠤ ᠬᠤᠪᠢᠶᠠᠷᠢ ᠲᠣᠣᠷᠵᠢᠯ ᠤᠨ ᠬᠠᠮᠢᠶᠠᠷᠤᠯᠲᠠ ᠶᠠᠪᠤᠭᠤᠯᠵᠤ᠂ ᠴᠡᠷᠢᠭ  ᠠᠴᠠ ᠬᠠᠯᠠᠭᠳᠠᠭᠰᠠᠳ ᠨᠢᠭᠡᠪᠦᠷᠢ ᠳᠤ ᠴᠥᠮ ᠬᠤᠯᠪᠣᠭ᠎ᠠ ᠲᠠᠢ ᠪᠠᠶᠢᠬᠤ ᠶᠢ ᠦᠨᠡᠨᠬᠦ  ᠪᠠᠲᠤᠯᠠᠨ᠎ᠠ᠃        ᠳᠠᠷᠠᠭᠠᠴᠢ ᠶᠢᠨ ᠠᠯᠬᠤᠮ ᠳᠤ᠂ ᠶᠢᠨ ᠴᠠᠩ ᠭᠸᠤ ᠯᠢᠶᠠᠩ ᠪᠠᠯᠭᠠᠰᠤᠨ ᠤ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠦᠷᠳᠡᠭᠡ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠴᠢᠨᠠᠷ᠂ ᠪᠠᠲᠤᠯᠠᠭ᠎ᠠ ᠶᠢᠨ ᠴᠢᠨᠠᠷ᠂ ᠦᠷᠭᠦᠯᠵᠢᠯᠡᠬᠦ ᠴᠢᠨᠠᠷ ᠵᠡᠷᠭᠡ ᠡᠳᠦᠷ ᠳᠤᠳᠤᠮ ᠤᠨ ᠦᠢᠯᠡᠴᠢᠯᠡᠭᠡᠨ ᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠡᠷᠢᠭ ᠠᠴᠠ ᠬᠠᠯᠠᠭᠳᠠᠭᠰᠠᠳ ᠢ ᠲᠠᠭᠠᠯᠠᠮᠵᠢᠲᠠᠢ᠂ ᠠᠯᠪᠠ ᠬᠠᠭᠠᠵᠤ ᠪᠠᠶᠢᠭ᠎ᠠ ᠴᠡᠷᠢᠭ ᠢ ᠳᠤᠯᠠᠭᠠᠴᠠᠭᠤᠯᠵᠤ᠂ ᠴᠡᠷᠢᠭ ᠤᠨ ᠭᠡᠷ ᠪᠦᠯᠢ ᠶᠢ ᠰᠠᠨᠠᠭ᠎ᠠ ᠠᠮᠤᠷ ᠪᠠᠶᠢᠯᠭᠠᠵᠤ᠂ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠲᠤ ᠰᠠᠶᠢᠲᠤᠷ ᠦᠢᠯᠡᠴᠢᠯᠡᠵᠦ᠂ ᠰᠠᠶᠢᠲᠤᠷ ᠪᠠᠲᠤᠯᠠᠵᠤ᠂ ᠥᠷᠭᠡᠨ ᠤᠯᠠᠨ ᠴᠡᠷᠢᠭ ᠠᠴᠠ ᠬᠠᠯᠠᠭᠳᠠᠭᠰᠠᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ  ᠨᠡᠮᠡᠭᠳᠡᠭᠦᠯᠦᠨ᠎ᠡ᠃ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号