ᠮᠠᠨ ᠤ ᠬᠤᠰᠢᠭᠤᠨ ᠤ ᠠᠲᠠᠷᠰᠢᠭᠰᠠᠨ ᠭᠠᠵᠠᠷ ᠤᠨ ᠵᠢᠷᠤᠭ ᠤᠨ ᠲᠣᠯᠪᠤ ᠶᠢᠨ ᠬᠢᠨᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ
ᠨᠡᠶᠢᠲᠡᠯᠡᠭᠰᠡᠨ ᠴᠠᠭ᠄
2024/3/26
C:\Users\Administrator\Desktop\h20.jpg   
    ᠮᠠᠨ ᠤ ᠬᠤᠰᠢᠭᠤᠨ ᠤ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠ ᠶᠠᠰᠤ ᠴᠢᠨᠠᠷ ᠤᠨ ᠬᠠᠮᠠᠭᠠᠯᠠᠯᠲᠠ ᠶᠢ ᠪᠥᠬᠦ ᠲᠠᠯ᠎ᠠ ᠪᠠᠷ ᠠᠬᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠨ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠵᠦ᠂ ᠭᠠᠵᠠᠷ ᠰᠢᠷᠣᠶ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ 2023 ᠣᠨ ᠤ 9 ᠰᠠᠷ᠎ᠠ ᠠᠴᠠ ᠡᠬᠢᠯᠡᠨ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠠᠮᠤ ᠲᠣᠰᠣ ᠲᠠᠷᠢᠮᠠᠯ ᠤᠨ ᠮᠡᠷᠭᠡᠵᠢᠯ ᠤᠨ ᠥᠷᠲᠡᠭᠡ ᠶᠢᠨ ᠠᠵᠢᠯᠲᠠᠳ ᠪᠥᠬᠦ ᠬᠤᠰᠢᠭᠤᠨ ᠤ ᠠᠲᠠᠷᠰᠢᠭᠰᠠᠨ ᠭᠠᠵᠠᠷ ᠢ ᠬᠢᠨᠠᠨ ᠬᠠᠷᠭᠤᠭᠤᠯᠬᠤ ᠠᠵᠢᠯ ᠢ ᠥᠷᠨᠢᠭᠦᠯᠵᠦ᠂ ᠣᠳᠣᠬᠠᠨ ᠪᠣᠯᠲᠠᠯ᠎ᠠ᠂ ᠮᠠᠨ ᠤ ᠬᠤᠰᠢᠭᠤᠨ ᠤ ᠠᠲᠠᠷᠰᠢᠭᠰᠠᠨ ᠭᠠᠵᠠᠷ ᠤᠨ ᠵᠢᠷᠤᠭ ᠤᠨ ᠲᠣᠯᠪᠤ ᠶᠢ ᠬᠢᠨᠠᠨ ᠪᠠᠶᠢᠴᠠᠭᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠲᠣᠰ ᠤᠳᠠᠭ᠎ᠠ ᠠᠲᠠᠷᠰᠢᠭᠰᠠᠨ ᠭᠠᠵᠠᠷ ᠤᠨ ᠵᠢᠷᠤᠭ ᠤᠨ ᠪᠠᠶᠢᠳᠠᠯ ᠢ ᠪᠠᠶᠢᠴᠠᠭᠠᠨ ᠣᠶᠢᠯᠠᠭᠠᠬᠤ ᠲᠠᠯᠠᠪᠠᠶ ᠶᠢ 17.79 ᠲᠦᠮᠡᠨ ᠮᠥ ᠪᠡᠶᠡᠯᠡᠭᠦᠯᠵᠦ᠂ ᠵᠢᠷᠤᠭ ᠤᠨ ᠲᠣᠯᠪᠤ ᠶᠢ 2.27 ᠲᠦᠮᠡᠨ ᠬᠤᠪᠢ ᠬᠢᠨᠠᠨ ᠬᠠᠷᠭᠤᠭᠤᠯᠪᠠ᠃    ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠢ ᠠᠲᠠᠷᠰᠢᠭᠰᠠᠨ ᠭᠠᠵᠠᠷ ᠤᠨ ᠵᠢᠷᠤᠭ ᠤᠨ ᠲᠣᠯᠪᠤ ᠶᠢ ᠬᠢᠨᠠᠨ ᠪᠠᠶᠢᠴᠠᠭᠠᠬᠤ ᠠᠵᠢᠯ ᠢ ᠭᠤᠤᠯᠳᠠᠯᠭ᠎ᠠ ᠲᠠᠢ ᠠᠵᠢᠯ ᠪᠣᠯᠭᠠᠵᠤ᠂ ᠠᠵᠢᠯᠲᠠᠳ ᠬᠢᠨᠠᠨ ᠬᠠᠷᠭᠤᠭᠤᠯᠬᠤ ᠡᠭᠦᠷᠭᠡ ᠪᠠᠨ ᠭᠠᠷᠳᠠᠭᠰᠠᠨ ᠤ ᠳᠠᠷᠠᠭ᠎ᠠ᠂ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠠᠵᠢᠯ ᠢ ᠠᠬᠢᠭᠤᠯᠬᠤ ᠬᠤᠷᠠᠯ ᠬᠤᠷᠠᠯᠳᠤᠵᠤ᠂ ᠠᠲᠠᠷᠰᠢᠭᠤᠯᠤᠭᠰᠠᠨ ᠭᠠᠵᠠᠷ ᠤᠨ ᠵᠢᠷᠤᠭ ᠤᠨ ᠲᠣᠯᠪᠤ ᠶᠢ ᠬᠢᠨᠠᠨ ᠪᠠᠶᠢᠴᠠᠭᠠᠬᠤ ᠠᠵᠢᠯ ᠢ ᠪᠠᠶᠢᠷᠢᠯᠠᠭᠤᠯᠤᠨ ᠳᠣᠭᠢᠷᠠᠭᠤᠯᠬᠤ ᠶᠢᠨ ᠬᠠᠮᠲᠤ ᠲᠤᠰᠬᠠᠶ ᠬᠥᠮᠦᠰ ᠢ ᠳᠣᠭᠢᠷᠠᠭᠤᠯᠤᠨ ᠪᠥᠬᠦ ᠬᠤᠰᠢᠭᠤᠨ ᠤ ᠵᠢᠷᠤᠭ ᠤᠨ ᠲᠣᠯᠪᠤ ᠶᠢ ᠬᠢᠨᠠᠨ ᠬᠠᠷᠭᠤᠭᠤᠯᠬᠤ ᠠᠬᠢᠴᠠ ᠪᠠ ᠶᠠᠰᠤ ᠴᠢᠨᠠᠷ ᠢ ᠳᠠᠭᠠᠵᠤ᠂ ᠲᠣᠰ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠪᠠ᠃    ᠠᠵᠢᠯ ᠢᠶᠠᠨ ᠪᠦᠲᠦᠮᠵᠢᠲᠡᠶ ᠥᠷᠨᠢᠭᠦᠯᠬᠦ ᠶᠢᠨ ᠲᠥᠯᠥᠭᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠯ᠎ᠡ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠢ ᠢᠳᠡᠪᠬᠢᠲᠡᠶ ᠵᠣᠬᠢᠶᠠᠨ ᠪᠠᠶᠢᠭᠤᠯᠵᠤ  ᠪᠣᠯᠪᠠᠰᠤᠷᠠᠯ ᠥᠷᠨᠢᠭᠦᠯᠬᠦ ᠶᠢᠨ ᠬᠠᠮᠲᠤ ᠡᠯ᠎ᠡ ᠰᠢᠶᠠᠩ ᠪᠠᠯᠭᠠᠰᠤᠨ ᠳᠤ ᠬᠦᠷᠴᠦ ᠵᠥᠭᠡᠯᠡᠨ ᠲᠣᠨᠤᠭ ᠳᠡᠩᠰᠡᠯᠡᠨ ᠬᠡᠷᠡᠭᠯᠡᠬᠦ ᠶᠠᠪᠤᠴᠠ᠂ ᠪᠣᠳᠠᠲᠠᠶ ᠠᠵᠢᠯᠯᠠᠭ᠎ᠠ ᠵᠡᠷᠭᠡ ᠳᠤ ᠴᠢᠭᠯᠡᠭᠦᠯᠦᠨ ᠨᠢᠭᠤᠷᠳᠠᠨ ᠵᠢᠯᠣᠭᠤᠳᠴᠤ᠂ ᠡᠯ᠎ᠡ ᠰᠢᠶᠠᠩ ᠪᠠᠯᠭᠠᠰᠤ ᠶᠢ ᠠᠲᠠᠷᠰᠢᠭᠤᠯᠤᠭᠰᠠᠨ ᠭᠠᠵᠠᠷ ᠤᠨ ᠲᠠᠯᠠᠪᠠᠶ᠂ ᠣᠷᠣᠨ ᠪᠠᠶᠢᠷᠢ᠂ ᠲᠠᠷᠬᠠᠯᠲᠠ᠂ ᠰᠢᠯᠲᠠᠭᠠᠨ ᠵᠡᠷᠭᠡ ᠶᠢ ᠲᠤᠬᠠᠶ ᠶᠢᠨ ᠭᠠᠵᠠᠷ ᠲᠤᠨᠢ ᠬᠢᠨᠠᠨ ᠬᠠᠷᠭᠤᠭᠤᠯᠬᠤ ᠶᠢᠨ ᠬᠠᠮᠲᠤ ᠬᠢᠨᠠᠨ ᠬᠠᠷᠭᠤᠭᠤᠯᠤᠭᠰᠠᠨ ᠦᠷ᠎ᠡ ᠳ᠋ᠦᠩ ᠢᠶᠠᠨ ᠳᠡᠭᠡᠭᠰᠢ ᠮᠡᠳᠡᠭᠦᠯᠬᠦ ᠬᠡᠷᠡᠭᠲᠡᠶ ᠭᠡᠵᠦ ᠱᠠᠭᠠᠷᠳᠠᠪᠠ᠃    ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠣᠷᠣᠨ ᠨᠤᠲᠤᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠲᠠᠷᠰᠢᠭᠰᠠᠨ ᠭᠠᠵᠠᠷ ᠤᠨ ᠡᠭᠦᠰᠦᠭᠰᠡᠨ ᠰᠢᠯᠲᠠᠭᠠᠨ ᠵᠢᠴᠢ ᠲᠠᠷᠢᠶᠠᠯᠠᠬᠤ ᠨᠥᠬᠦᠴᠡᠯ ᠢ ᠨᠠᠷᠢᠨ ᠬᠢᠨᠠᠮᠠᠭᠠᠶ ᠵᠠᠳᠠᠯᠬᠤ ᠶᠢᠨ ᠬᠠᠮᠲᠤ ᠤᠬᠠᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠲᠠᠷᠢᠶᠠᠴᠢᠳ ᠤᠨ ᠦᠵᠡᠯ ᠰᠠᠨᠠᠭ᠎ᠠ ᠲᠠᠨᠢᠯᠲᠠ ᠶᠢ ᠳᠡᠭᠡᠭᠰᠢᠯᠡᠭᠦᠯᠦᠨ᠂ ᠠᠲᠠᠷᠰᠢᠭᠰᠠᠨ ᠭᠠᠵᠠᠷ ᠢ ᠵᠠᠰᠠᠬᠤ ᠠᠵᠢᠯ ᠳᠤ ᠰᠠᠭᠤᠷᠢ ᠶᠢ ᠰᠠᠶᠢᠲᠤᠷ ᠲᠠᠯᠪᠢᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号