ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠬᠢᠨ ᠮᠠᠨ ᠤ ᠬᠤᠰᠢᠭᠤᠨ ᠳᠤ ᠢᠷᠡᠵᠦ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/3/26
C:\Users\Administrator\Desktop\h30.jpg
    ᠲᠠᠷᠢᠶᠠᠯᠠᠩ ᠤᠨ ᠮᠠᠰᠢᠨᠴᠢᠯᠠᠯᠲᠠ ᠶᠢᠨ ᠭᠤᠤᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠥᠯᠥᠭᠡ᠂ 3 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠲᠠᠷᠢᠶᠠᠯᠠᠩ ᠤᠨ ᠮᠠᠰᠢᠨ ᠤ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠰᠦᠨ ᠭᠧᠨ ᠰᠥᠩ᠂ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠳᠡᠯᠭᠡᠷᠡᠭᠦᠯᠬᠦ ᠲᠥᠪ ᠤᠨ ᠲᠠᠷᠢᠶᠠᠯᠠᠩ ᠤᠨ ᠮᠠᠰᠢᠨ ᠤ ᠭᠠᠵᠠᠷ ᠤᠨ ᠳᠠᠷᠤᠭ᠎ᠠ ᠰᠢᠶᠤᠤ ᠬᠤᠤ ᠸᠧᠨ᠂ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠲᠠᠷᠢᠶᠠᠯᠠᠩ ᠤᠨ ᠮᠠᠰᠢᠨ ᠤ ᠰᠠᠯᠠᠭᠠᠨ ᠤ ᠳᠠᠷᠤᠭ᠎ᠠ ᠴᠠᠢ ᠬᠦᠶ ᠪᠢᠨ ᠨᠠᠷ ᠮᠠᠨ ᠤ ᠬᠤᠰᠢᠭᠤᠨ ᠳᠤ ᠢᠷᠡᠵᠦ 2021— 2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ᠂ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠬᠤ᠂ ᠲᠠᠷᠢᠶᠠᠨ ᠭᠠᠵᠠᠷ ᠢ ᠭᠦᠨ ᠰᠤᠯᠠᠷᠠᠭᠤᠯᠵᠤ ᠭᠤᠷᠪᠠᠨ ᠵᠦᠢᠯ ᠤᠨ ᠪᠠᠯᠠ ᠮᠥᠩᠭᠦ ᠶᠢ ᠣᠯᠭᠤᠭᠰᠠᠨ ᠪᠠᠶᠢᠳᠠᠯ ᠵᠢᠴᠢ ᠲᠠᠷᠢᠶᠠᠯᠠᠩ ᠤᠨ ᠮᠠᠰᠢᠨ ᠤ ᠠᠶᠤᠯᠭᠦᠶ ᠦᠢᠯᠡᠳᠪᠦᠷᠢᠯᠡᠯ ᠵᠡᠷᠭᠡ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠤᠨ ᠲᠤᠬᠠᠶ ᠲᠤᠬᠠᠶᠢᠯᠠᠭᠰᠠᠨ ᠠᠵᠢᠯ ᠤᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠤᠢ ᠶᠢᠦ ᠬᠦᠶ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ 2021—2023 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠪᠠ ᠬᠡᠷᠡᠭᠯᠡᠭᠡᠨ ᠤ ᠨᠥᠬᠦᠪᠥᠷᠢ᠂ ᠬᠠᠷ᠎ᠠ ᠬᠥᠷᠥᠰᠥ ᠶᠢ ᠬᠠᠮᠠᠭᠠᠯᠠᠬᠤ ᠴᠢᠨᠠᠷᠲᠠᠶ ᠲᠠᠷᠢᠶᠠᠯᠠᠭ᠎ᠠ᠂ ᠲᠠᠷᠢᠶᠠᠨ ᠭᠠᠵᠠᠷ ᠤᠨ ᠭᠦᠨ ᠰᠤᠯᠠᠷᠠᠭᠤᠯᠤᠭᠰᠠᠨ ᠭᠤᠷᠪᠠᠨ ᠵᠦᠢᠯ ᠤᠨ ᠪᠠᠯᠠ ᠮᠥᠩᠭᠦ ᠶᠢ ᠣᠯᠭᠤᠭᠰᠠᠨ ᠪᠠᠶᠢᠳᠠᠯ ᠵᠢᠴᠢ ᠲᠠᠷᠢᠶᠠᠯᠠᠩ ᠤᠨ ᠮᠠᠰᠢᠨ ᠤ ᠠᠶᠤᠯᠭᠦᠶ  ᠦᠢᠯᠡᠳᠪᠦᠷᠢᠯᠡᠯ ᠵᠡᠷᠭᠡ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠰᠢᠭᠤᠨ ᠤ ᠲᠠᠷᠢᠶᠠᠯᠠᠩ ᠤᠨ ᠮᠠᠰᠢᠨᠴᠢᠯᠠᠯᠲᠠ ᠶᠢᠨ ᠬᠠᠮᠢᠶ᠎ᠠ ᠪᠥᠬᠦᠶ ᠠᠵᠢᠯ ᠢ  ᠭᠦᠢᠴᠡᠳ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ 2021—2023 ᠣᠨ ᠵᠢᠴᠢ ᠥᠩᠭᠡᠷᠡᠭᠰᠡᠨ ᠳᠤ ᠡᠯ᠎ᠡ ᠲᠡᠦᠬᠡᠨ ᠣᠨ ᠤ ᠰᠣᠯᠢᠵᠤ ᠥᠭᠬᠦ ᠨᠥᠬᠦᠴᠡᠯ ᠳᠤ ᠨᠡᠶᠢᠴᠡᠬᠦ ᠰᠣᠯᠢᠵᠤ ᠥᠭᠬᠦ ᠲᠠᠷᠢᠶᠠᠯᠠᠩ ᠤᠨ ᠮᠠᠰᠢᠨ ᠤ ᠭᠤᠷᠪᠠᠨ ᠵᠦᠢᠯ ᠤᠨ ᠪᠠᠯᠠ ᠮᠥᠩᠭᠦ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠬᠦ ᠶᠢᠨ ᠬᠠᠮᠲᠤ ᠲᠣᠰ ᠤᠳᠠᠭᠠᠨ ᠤ ᠮᠡᠳᠡᠭᠳᠡᠯ ᠢᠶᠠᠷ ᠠᠵᠠ ᠲᠣᠬᠢᠶᠠᠯ ᠪᠣᠯᠭᠠᠵᠤ᠂ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠬᠦ ᠶᠢᠨ ᠬᠠᠮᠲᠤ᠂ 2024 ᠣᠨ ᠤ 3 ᠰᠠᠷ᠎ᠠ ᠶᠢᠨ ᠰᠡᠭᠦᠯᠴᠢ ᠠᠴᠠ ᠡᠮᠦᠨ᠎ᠡ ᠲᠠᠷᠢᠶᠠᠯᠠᠩ ᠤᠨ ᠮᠠᠰᠢᠨ ᠤ ᠭᠤᠷᠪᠠᠨ ᠵᠦᠢᠯ ᠤᠨ ᠪᠠᠯᠠ ᠮᠥᠩᠭᠦ ᠶᠢ ᠰᠣᠯᠢᠵᠤ ᠥᠭᠬᠦ ᠠᠵᠢᠯ ᠢ ᠪᠦᠬᠦᠨ ᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠠᠷᠢᠭᠤ ᠮᠡᠳᠡᠭᠦᠯᠦᠯᠲᠡ ᠳᠠᠭᠤᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠭᠤᠷᠪᠠᠨᠬᠤᠸᠠ ᠪᠠᠯᠭᠠᠰᠤᠨ ᠤ  ᠬᠤᠩ ᠵᠢᠶᠦ᠋ᠨ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠳᠤ ᠬᠦᠷᠴᠦ ᠲᠠᠷᠢᠶᠠᠯᠠᠩ ᠤᠨ ᠮᠠᠰᠢᠨ ᠤ ᠠᠶᠤᠯᠭᠦᠢ ᠦᠢᠯᠡᠳᠪᠦᠷᠢᠯᠡᠯ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠴᠤ᠂ ᠲᠤᠰ ᠬᠤᠷᠰᠢᠶ᠎ᠠ ᠶᠢᠨ ᠡᠵᠡᠩᠨᠡᠯᠲᠡ ᠶᠢᠨ ᠲᠣᠭᠲᠠᠴᠠ᠂ ᠠᠶᠤᠯᠭᠦᠢ ᠦᠢᠯᠡᠳᠪᠦᠷᠢᠯᠡᠯ᠂ ᠮᠠᠰᠢᠨ ᠪᠠᠭᠠᠵᠢ ᠶᠢ ᠪᠠᠶᠢᠴᠠᠭᠠᠨ ᠵᠠᠰᠠᠬᠤ ᠵᠢᠴᠢ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠷᠰᠢᠶ᠎ᠠ ᠶᠢᠨ ᠬᠥᠭᠵᠢᠯᠲᠡ ᠳᠤ ᠪᠣᠳᠠᠲᠠᠢ ᠰᠠᠨᠠᠭᠤᠯᠭ᠎ᠠ ᠳᠤᠷᠠᠳᠴᠠᠢ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号