ᠠᠤᠬᠠᠨ ᠬᠤᠰᠢᠭᠤ ᠨᠢ ᠪᠥᠬᠦ ᠤᠯᠤᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/3/26
 C:\Users\Administrator\Desktop\10.jpg   
    ᠣᠶᠢᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠤᠯᠤᠰ ᠤᠨ ᠰᠢᠤᠳᠠᠨ ᠤ ᠲᠣᠪᠴᠢᠶ᠎ᠠ ᠠᠴᠠ ᠪᠥᠬᠦ ᠤᠯᠤᠰ ᠤᠨ 195 ᠰᠢᠶᠠᠨ ᠤ ᠵᠠᠰᠠᠭ ᠵᠠᠬᠢᠷᠭᠠᠨ ᠤ ᠨᠢᠭᠡᠴᠡ ᠶᠢ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢᠶᠠᠷ ᠨᠡᠷᠡᠶᠢᠳᠴᠦ᠂ ᠠᠤᠬᠠᠨ  ᠬᠤᠰᠢᠭᠤ ᠨᠢ ᠨᠡᠷᠡᠰ ᠲᠤ ᠵᠢᠭᠰᠠᠭᠠᠭᠳᠠᠪᠠ᠃    ᠣᠶᠢᠷ᠎ᠠ ᠶᠢᠨ ᠵᠢᠯ ᠠᠴᠠ ᠨᠠᠰᠢ᠂ ᠠᠤᠬᠠᠨ ᠬᠤᠰᠢᠭᠤ ᠰᠢ ᠶᠢᠨ ᠫᠢᠩ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠠᠷᠠᠳ ᠤᠨ ᠠᠮᠢᠳᠤᠷᠠᠯ ᠳᠤ ᠦᠢᠯᠡᠴᠢᠯᠡᠬᠦ᠂ ᠬᠥᠭᠵᠢᠯᠲᠡ ᠳᠤ ᠦᠢᠯᠡᠴᠢᠯᠡᠬᠦ ᠬᠦᠴᠦᠯᠡᠬᠦ ᠴᠡᠭ ᠪᠠ ᠰᠢᠪᠲᠤᠯᠤᠯᠲᠠ ᠶᠢᠨ ᠴᠡᠭ ᠪᠣᠯᠭᠠᠵᠤ᠂ ᠬᠠᠲᠠᠭᠤ ᠠᠷᠭ᠎ᠠ ᠬᠡᠮᠵᠢᠶ᠎ᠡ ᠭᠠᠷᠭᠠᠵᠤ᠂ ᠪᠣᠳᠠᠲᠠᠶ ᠠᠷᠭ᠎ᠠ ᠪᠣᠳᠣᠯᠭ᠎ᠠ ᠬᠡᠷᠡᠭᠯᠡᠵᠦ᠂ ᠶᠠᠰᠤ ᠴᠢᠨᠠᠷ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃ 2018 ᠣᠨ ᠤ 6 ᠰᠠᠷ᠎ᠠ ᠳᠤ᠂ ᠠᠤᠬᠠᠨ ᠬᠤᠰᠢᠭᠤ ᠶᠢ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠬᠤᠶᠠᠳᠤᠭᠠᠷ ᠪᠦᠯᠦᠭ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢᠶᠠᠷ ᠮᠠᠭᠠᠳᠯᠠᠨ ᠲᠣᠭᠲᠠᠭᠠᠪᠠ︔ 2022 ᠣᠨ ᠤ 12 ᠰᠠᠷ᠎ᠠ ᠳᠤ᠂ ᠠᠤᠬᠠᠨ ᠬᠤᠰᠢᠭᠤ ᠶᠢ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠠᠴᠠ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠬᠤ ᠨᠢᠭᠡᠴᠡ ᠪᠠᠷ ᠲᠣᠭᠲᠠᠭᠠᠪᠠ︔ 2023 ᠣᠨ ᠳᠤ᠂ ᠠᠤᠬᠠᠨ ᠬᠤᠰᠢᠭᠤ ᠨᠢ ᠬᠥᠳᠡᠭᠡ ᠲᠣᠰᠬᠤᠨ ᠤ ᠵᠠᠰᠠᠮᠠᠯ ᠵᠠᠮ ᠢ ᠤᠯᠠᠮ ᠨᠢᠭᠡ ᠠᠯᠬᠤᠮ ᠪᠥᠲᠥᠭᠡᠨ ᠪᠠᠶᠢᠭᠤᠯᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠱᠤᠭᠤᠮ ᠢ 6 ᠵᠤᠷᠪᠤᠰ 147 ᠺᠢᠯᠦᠮᠧᠲᠷ ᠢ ᠵᠡᠷᠭᠡᠪᠡᠷ ᠡᠭᠦᠳᠦᠨ ᠪᠠᠶᠢᠭᠤᠯᠵᠤ᠂ ︽ᠰᠠᠭᠠᠳ ᠥᠬᠡᠶ ᠠᠮᠤᠷ ᠲᠦᠪᠰᠢᠨ ᠲᠠᠭᠠᠯᠠᠮᠵᠢᠲᠠᠶ ᠭᠤᠶᠤ ᠰᠠᠶᠢᠬᠠᠨ ᠢᠨᠵᠧᠨᠧᠷᠢᠩ︾ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠰᠣᠷᠭᠤᠭ ᠴᠡᠴᠡᠭ ᠤᠨ ᠶᠡᠭᠡ ᠵᠠᠮ ᠪᠠ ᠬᠠᠮᠤᠭ ᠤᠨ ᠭᠤᠶᠣ ᠬᠥᠳᠡᠭᠡ ᠲᠣᠰᠬᠤᠨ ᠤ ᠵᠠᠮ ᠢ ᠪᠣᠶ ᠪᠣᠯᠭᠠᠪᠠ᠃ 8 ᠰᠠᠷ᠎ᠠ ᠳᠤ᠂ ᠤᠯᠤᠰ ᠤᠨ ᠲᠠᠰ ᠤᠨ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠰᠢᠶᠠᠨ ᠤ ᠲᠤᠬᠠᠶ ᠶᠢᠨ ᠭᠠᠵᠠᠷ ᠲᠤᠨᠢ ᠦᠨᠡᠯᠡᠨ ᠵᠢᠱᠢᠵᠦ ᠰᠢᠯᠭᠠᠨ ᠠᠪᠬᠤ ᠶᠢ ᠤᠷᠤᠭᠰᠢᠲᠠᠶ ᠥᠩᠭᠡᠷᠡᠭᠦᠯᠪᠡ᠃    ᠣᠳᠣᠬᠠᠨ ᠳᠤ᠂ ᠠᠤᠬᠠᠨ ᠬᠤᠰᠢᠭᠤᠨ ᠤ 16 ᠰᠢᠶᠠᠩ ᠪᠠᠯᠭᠠᠰᠤ ᠰᠤᠮᠤ᠂ 225 ᠵᠠᠰᠠᠭ ᠵᠠᠬᠢᠷᠭᠠᠨ ᠤ ᠲᠣᠰᠬᠤᠨ ᠳᠤ ᠪᠦᠬᠦᠨ ᠢᠶᠠᠷ ᠢᠶᠠᠨ ᠪᠠᠷᠤᠭᠰᠢᠨ ᠵᠠᠮ᠂ ᠱᠦᠢᠨᠢ ᠵᠠᠮ ᠨᠡᠪᠲᠡᠷᠡᠭᠦᠯᠵᠦ᠂ ᠰᠠᠭᠠᠳ ᠦᠭᠡᠢ ᠨᠡᠪᠲᠡᠷᠡᠬᠦ ᠨᠣᠷᠮ᠎ᠠ ᠨᠢ 100% ᠳᠤ ᠬᠦᠷᠴᠦ᠂ ᠵᠠᠮ ᠬᠠᠷᠢᠯᠴᠠᠭ᠎ᠠ ᠪᠠᠷ ᠬᠤᠰᠢᠭᠤ ᠪᠠᠨ ᠬᠦᠴᠦᠷᠬᠡᠭᠵᠢᠭᠦᠯᠬᠦ᠂ ᠦᠢᠯᠡᠴᠢᠯᠡᠭᠡ ᠶᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠭᠰᠠᠨ ᠪᠠᠶᠢᠨ᠎ᠠ᠃    ᠠᠤᠬᠠᠨ ᠬᠤᠰᠢᠭᠤ ᠨᠢ ︽ᠳᠥᠷᠪᠡᠨ ᠰᠠᠶᠢᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠠᠵᠢᠯᠯᠠᠭ᠎ᠠ ᠳᠤᠮᠳᠠ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠡᠷᠬᠡ ᠶᠢ ᠰᠢᠯᠵᠢᠭᠦᠯᠦᠨ ᠲᠤᠰᠢᠶᠠᠬᠤ ᠶᠢ ᠤᠷᠢᠳᠠᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠠᠮᠤᠭ ᠤᠨ ᠡᠷᠲᠡ ᠬᠥᠳᠡᠭᠡ ᠲᠣᠰᠬᠤᠨ ᠳᠤ ᠰᠢᠯᠵᠢᠭᠦᠯᠦᠨ ᠲᠤᠰᠢᠶᠠᠭᠰᠠᠨ ᠬᠤᠰᠢᠭᠤ ᠰᠢᠶᠠᠨ ᠪᠠᠶᠢᠵᠤ᠂ ᠤᠤᠯ ᠤᠨ ︽ᠵᠠᠮ  ᠬᠠᠷᠢᠯᠴᠠᠭ᠎ᠠ ᠪᠠᠶᠢᠭᠤᠯᠵᠤ᠂ ᠵᠠᠮ ᠬᠠᠷᠢᠯᠴᠠᠭ᠎ᠠ ᠠᠷᠠᠴᠢᠯᠠᠵᠤ︾ ᠪᠠᠶᠢᠭᠰᠠᠨ ᠠᠴᠠ ︽ᠰᠢᠶᠠᠩ ᠪᠠᠯᠭᠠᠰᠤ ᠪᠠᠶᠢᠭᠤᠯᠵᠤ᠂ ᠰᠢᠶᠠᠩ ᠪᠠᠯᠭᠠᠰᠤ ᠠᠷᠠᠴᠢᠯᠠᠬᠤ︾ ᠪᠣᠯᠭᠠᠨ ᠬᠤᠪᠢᠷᠠᠭᠤᠯᠵᠤ᠂ ᠮᠠᠯᠴᠢᠨ ᠲᠠᠷᠢᠶᠠᠴᠢᠨ ᠤ ᠵᠠᠮ ᠵᠠᠰᠠᠵᠤ ᠠᠷᠠᠴᠢᠯᠠᠬᠤ ᠢᠳᠡᠪᠬᠢᠵᠢᠯ ᠢ ᠬᠥᠭᠵᠢᠭᠡᠵᠦ᠂ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠶᠢ ᠪᠦᠬᠦᠨ ᠢ ᠪᠦᠷᠬᠦᠭᠦᠯᠬᠦ᠂ ᠬᠠᠮᠢᠶᠠᠷᠴᠤ ᠠᠷᠠᠴᠢᠯᠠᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠨᠣᠷᠮ᠎ᠠ ᠪᠠ ᠵᠢᠭᠰᠠᠭᠠᠨ ᠠᠷᠠᠴᠢᠯᠠᠬᠤ ᠨᠣᠷᠮ᠎ᠠ ᠨᠢ ᠴᠥᠮ 100% ᠳᠤ ᠬᠦᠷᠴᠦ᠂ ᠰᠢᠯᠢᠳᠡᠭ ᠰᠠᠶᠢᠨ ᠵᠠᠮ ᠤᠨ ᠨᠣᠷᠮ᠎ᠠ ᠨᠢ 51% ᠳᠤ ᠬᠦᠷᠴᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ︽ᠰᠠᠭᠠᠳ ᠥᠬᠡᠶ ᠠᠮᠤᠷ ᠲᠦᠪᠰᠢᠨ ᠲᠠᠭᠠᠯᠠᠮᠵᠢᠲᠠᠶ ᠭᠤᠶᠤ ᠰᠠᠶᠢᠬᠠᠨ︾ ᠦᠵᠡᠮᠵᠢ ᠶᠢᠨ ᠣᠷᠣᠨ ᠢ ᠪᠥᠬᠦ ᠲᠠᠯ᠎ᠠ ᠪᠠᠷ ᠪᠣᠶ ᠪᠣᠯᠭᠠᠪᠠ᠃
C:\Users\Administrator\Desktop\11.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号