ᠪᠥᠬᠦ ᠬᠤᠰᠢᠭᠤᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠲᠦᠯᠦᠪᠵᠢᠭᠦᠯᠵᠦ ᠨᠥᠭᠡᠴᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/26
C:\Users\Administrator\Desktop\1.jpg   
      3 ᠰᠠᠷ᠎ᠠ ᠶᠢᠨ 25 ᠤ ᠡᠳᠦᠷ᠂ ᠲᠥᠷᠥ ᠶᠢᠨ ᠶᠠᠪᠤᠳᠠᠯ ᠤᠨ ᠬᠤᠷᠢᠶᠠᠨ ᠤ ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠲᠦᠯᠦᠪᠵᠢᠭᠦᠯᠵᠦ ᠨᠥᠭᠡᠴᠡᠯᠡᠬᠦ ᠬᠤᠷᠠᠯ  ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠤ ᠵᠠᠨ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃    ᠬᠤᠷᠠᠯ ᠳᠡᠭᠡᠷ᠎ᠡ᠂ ᠪᠡᠭᠡᠵᠢᠩ ᠤᠨ ᠵᠥᠩ ᠵᠢᠶᠠᠨ ᠤᠯᠤᠰ ᠲᠥᠷᠥ ᠶᠢᠨ ᠰᠤᠳᠤᠯᠭᠠᠨ ᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠲᠤᠰᠬᠠᠶ ᠮᠡᠷᠭᠡᠵᠢᠯᠲᠡᠨ ᠮᠦ ᠵᠧᠨ ᠯᠦᠩ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠭᠤᠤᠯᠳᠠᠯᠭ᠎ᠠ ᠲᠠᠢ ᠮᠤᠵᠢ ᠶᠢᠨ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠢ ᠲᠥᠷᠥᠯ ᠬᠤᠪᠢᠶᠠᠨ ᠴᠢᠩᠭᠠᠳᠬᠠᠬᠤ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ᠳᠡᠭᠡᠳᠦ ᠱᠠᠲᠤᠨ ᠤ ᠪᠠᠯᠠ ᠮᠥᠩᠭᠦ ᠶᠢ ᠮᠡᠳᠡᠭᠦᠯᠬᠦ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠷᠢᠨ ᠲᠠᠶᠢᠯᠪᠤᠷᠢᠯᠠᠪᠠ᠃ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ ᠪᠥᠬᠦ ᠬᠤᠰᠢᠭᠤᠨ ᠤ 1000 ᠲᠦᠮᠡᠨ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ  ᠭᠦᠢᠴᠡᠳᠭᠡᠭᠰᠡᠨ ᠪᠠᠶᠢᠳᠠᠯ ᠢ ᠬᠠᠷᠢᠭᠤ ᠮᠡᠳᠡᠭᠦᠯᠪᠡ᠃    ᠵᠧᠦ ᠵᠠᠨ ᠯᠢ ᠠᠴᠠ᠂ ᠨᠢᠭᠡ ᠳᠤ᠂ ᠲᠦᠷᠦ ᠶᠢᠨ ᠪᠤᠳᠤᠯᠭ᠎ᠠ ᠶᠢᠨ ᠠᠬᠤᠢ ᠪᠠᠶᠢᠳᠠᠯ ᠢ ᠭᠦᠨᠵᠡᠭᠡᠢ ᠡᠵᠡᠮᠳᠡᠵᠦ᠂ ᠣᠳᠣᠬᠠᠨ ᠤ ᠪᠠᠶᠢᠳᠠᠯ ᠢ ᠵᠥᠪ ᠲᠠᠨᠢᠬᠤ ᠬᠡᠷᠡᠭᠲᠡᠢ᠃ ᠬᠤᠶᠠᠷ ᠲᠤ᠂ ᠭᠤᠣᠯ ᠠᠭᠤᠯᠭ᠎ᠠ ᠶᠢ ᠣᠨᠣᠪᠴᠢᠲᠠᠢ ᠡᠵᠡᠮᠳᠡᠵᠦ ᠂ ᠲᠦᠷᠦ ᠶᠢᠨ ᠪᠤᠳᠤᠯᠭ᠎ᠠ ᠪᠢᠴᠢᠭ ᠮᠠᠲ᠋ᠧᠷᠢᠶᠠᠯ ᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠬᠡᠷᠡᠭᠲᠡᠢ᠃ ᠭᠤᠷᠪᠠ ᠳᠤ᠂ ᠬᠠᠷᠢᠭᠤᠴᠠᠯᠭ᠎ᠠ ᠡᠭᠦᠷᠭᠡᠯᠡᠯ ᠢᠶᠠᠨ ᠦᠨᠡᠨ ᠬᠦ ᠴᠢᠩᠭᠠᠳᠬᠠᠵᠤ᠂ ᠠᠵᠢᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠢ ᠭᠡᠵᠦ  ᠱᠠᠭᠠᠷᠳᠠᠪᠠ᠃    ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠡᠯ᠎ᠡ ᠬᠠᠮᠢᠶ᠎ᠠ ᠪᠥᠬᠦᠶ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠪᠠᠭ ᠤᠨ ᠪᠦᠷᠢᠯᠳᠦᠬᠦᠨ ᠪᠠ ᠬᠠᠮᠢᠶ᠎ᠠ ᠪᠥᠬᠦᠶ ᠲᠠᠰᠤᠭ ᠤᠨ ᠠᠵᠢᠯᠲᠠᠳ ᠬᠤᠷᠠᠯ ᠳᠤ ᠣᠷᠣᠯᠴᠠᠵᠠᠶ᠃
C:\Users\Administrator\Desktop\2.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号