ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠷᠭᠠᠨᠢᠭ ᠦᠢᠯᠡᠳᠬᠦᠨ ᠤ ᠭᠡᠷᠡᠴᠢᠯᠡᠯ ᠤᠨ ᠬᠢᠨᠠᠯᠲᠠ ᠬᠠᠮᠢᠶᠠᠷᠤᠯᠲᠠ ᠶᠢᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠪᠡ
ᠨᠡᠶᠢᠲᠡᠯᠡᠭᠰᠡᠨ ᠴᠠᠭ᠄
2024/3/27
 C:\Users\Administrator\Desktop\1.jpg
    ᠪᠥᠬᠦ ᠬᠤᠰᠢᠭᠤᠨ ᠤ ᠣᠷᠭᠠᠨᠢᠭ ᠦᠢᠯᠡᠳᠬᠦᠨ ᠤ ᠭᠡᠷᠡᠴᠢᠯᠡᠯ ᠤᠨ ᠠᠵᠢᠯᠯᠠᠭ᠎ᠠ ᠶᠢᠨ ᠵᠢᠷᠤᠮᠵᠢᠯᠳᠤ ᠴᠢᠨᠠᠷ ᠪᠠ ᠪᠦᠳᠦᠮᠵᠢᠳᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠷᠭᠠᠨᠢᠭ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠠᠤᠬᠠᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠳ᠋ᠦᠩ ᠬᠤᠸᠠ᠂ ᠬᠤᠪᠢᠳᠠᠨ ᠬᠠᠮᠢᠶᠠᠷᠴᠤ ᠪᠥᠬᠦᠶ ᠲᠣᠪᠴᠢᠶᠠᠨ ᠳᠠᠷᠤᠭ᠎ᠠ ᠸᠠᠩ ᠴᠤᠤ ᠵᠢᠴᠢ ᠬᠠᠮᠢᠶ᠎ᠠ ᠪᠥᠬᠦᠶ ᠲᠠᠰᠤᠭ ᠭᠠᠵᠠᠷ ᠤᠨ ᠬᠢᠨ ᠬᠠᠷᠢᠶᠠᠲᠤ ᠣᠷᠣᠨ ᠤ ᠪᠠᠨ ᠣᠷᠭᠠᠨᠢᠭ ᠦᠢᠯᠡᠳᠬᠦᠨ ᠤ ᠭᠡᠷᠡᠴᠢᠯᠡᠯ ᠤᠨ ᠦᠨᠡᠮᠯᠡᠯ ᠤᠯᠬᠤ ᠵᠣᠬᠢᠶᠠᠨ ᠪᠠᠶᠢᠭᠤᠯᠤᠯᠲᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠪᠠ᠃    ᠲᠣᠰ ᠤᠳᠠᠭᠠᠨ ᠤ ᠪᠠᠶᠢᠴᠠᠭᠠᠯᠲᠠ ᠳᠤ ᠦᠨᠡᠮᠯᠡᠯ ᠣᠯᠤᠭᠰᠠᠨ ᠠᠵᠤ ᠠᠬᠤᠶᠢᠯᠠᠯ ᠤᠨ ᠬᠢᠷᠢ ᠬᠡᠮ ᠤᠨ ᠭᠡᠷᠡᠴᠢᠯᠡᠯ ᠂ ᠭᠡᠷᠡᠴᠢᠯᠡᠯ ᠤᠨ ᠦᠨᠡᠮᠯᠡᠯ᠂ ᠣᠷᠭᠠᠨᠢᠭ ᠭᠡᠷᠡᠴᠢᠯᠡᠯ ᠤᠨ ᠲᠡᠮᠳᠡᠭ ᠢ ᠬᠡᠷᠡᠭᠯᠡᠬᠦ ᠡᠬᠡ ᠲᠠᠩᠰᠠ ᠶᠢ ᠭᠤᠤᠯᠳᠠᠯᠭ᠎ᠠ ᠲᠠᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠪᠣᠭᠤᠳᠠᠯ ᠪᠠᠭᠯᠠᠭ᠎ᠠ᠂ ᠣᠷᠣᠭᠤᠯᠤᠯᠲᠠ ᠶᠢᠨ ᠪᠣᠳᠠᠰ ᠤᠨ ᠬᠥᠮᠥᠷᠭᠡ᠂ ᠠᠵᠤ ᠠᠬᠤᠶᠢᠯᠠᠯ ᠤᠨ ᠬᠥᠮᠥᠷᠭᠡ ᠳᠤ ᠬᠠᠳᠠᠭᠠᠯᠠᠵᠤ ᠪᠠᠶᠢᠭ᠎ᠠ ᠦᠢᠯᠡᠳᠬᠦᠨ ᠪᠠ ᠪᠣᠭᠤᠳᠠᠯ ᠪᠠᠭᠯᠠᠭ᠎ᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ᠂ ᠡᠯ᠎ᠡ ᠠᠵᠤ ᠠᠬᠤᠶᠢᠯᠠᠯ ᠢ ᠣᠷᠭᠠᠨᠢᠭ ᠦᠢᠯᠡᠳᠬᠦᠨ ᠤ ᠶᠠᠰᠤ ᠴᠢᠨᠠᠷ ᠤᠨ ᠬᠠᠮᠢᠶᠠᠷᠤᠯᠲᠠ ᠶᠢᠨ ᠰᠢᠰᠲ᠋ᠧᠮ ᠤᠨ ᠪᠢᠴᠢᠭ ᠮᠠᠲ᠋ᠧᠷᠢᠶᠠᠯ ᠪᠠ ᠡᠯ᠎ᠡ ᠵᠦᠢᠯ ᠤᠨ ᠠᠵᠢᠯᠯᠠᠬᠤ ᠲᠦᠷᠢᠮ ᠢ ᠴᠢᠩᠭ᠎ᠠ ᠵᠢᠷᠤᠮᠯᠠᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠥᠷᠨᠢᠭᠦᠯᠵᠦ᠂ ᠡᠯ᠎ᠡ ᠵᠦᠢᠯ ᠤᠨ ᠲᠡᠮᠳᠡᠭᠯᠡᠯ ᠢ ᠨᠠᠷᠢᠨ ᠬᠢᠨᠠᠮᠠᠭᠠᠶ᠂ ᠴᠠᠭ ᠲᠤᠬᠠᠶ ᠳᠤᠨᠢ ᠲᠠᠭᠯᠠᠵᠤ᠂ ᠡᠯ᠎ᠡ ᠭᠤᠭᠴᠤᠭ᠎ᠠ ᠶᠢ ᠴᠥᠮ ᠦᠨᠡᠨ ᠪᠣᠳᠠᠲᠠᠶ᠂ ᠪᠦᠷᠢᠨ ᠪᠦᠲᠦᠨ ᠲᠡᠮᠳᠡᠭᠯᠡᠵᠦ᠂ ᠦᠢᠯᠡᠳᠪᠦᠷᠢᠯᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠪᠥᠬᠦ ᠶᠠᠪᠤᠴᠠ ᠶᠢ ᠮᠥᠷᠳᠡᠵᠦ ᠪᠣᠯᠬᠤ ᠶᠢ ᠱᠠᠭᠠᠷᠳᠠᠪᠠ᠃    ᠲᠤᠰᠬᠠᠶ ᠵᠦᠢᠯ ᠤᠨ ᠪᠠᠶᠢᠴᠠᠭᠠᠯᠲᠠ ᠶᠢ ᠥᠷᠨᠢᠭᠦᠯᠬᠦ ᠶᠢᠨ ᠬᠠᠮᠲᠤ᠂ ᠬᠠᠤᠯᠢ ᠬᠡᠷᠡᠭᠵᠢᠭᠦᠯᠬᠦ ᠠᠵᠢᠯᠲᠠᠨ ᠪᠠᠰᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠣᠷᠭᠠᠨᠢᠭ ᠦᠢᠯᠡᠳᠬᠦᠨ ᠤ ᠭᠡᠷᠡᠴᠢᠯᠡᠯ ᠤᠨ ᠮᠡᠳᠡᠯᠭᠡ ᠶᠢᠨ ᠤᠬᠠᠭᠤᠯᠭ᠎ᠠ ᠶᠢ ᠴᠢᠩᠭᠠᠳᠬᠠᠵᠤ᠂ ᠣᠷᠭᠠᠨᠢᠭ ᠦᠢᠯᠡᠳᠬᠦᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠷᠭᠠᠨᠢᠭ ᠦᠢᠯᠡᠳᠬᠦᠨ ᠤ ᠬᠡᠷᠡᠭᠯᠡᠭᠡᠨ ᠤ ᠢᠲᠡᠭᠡᠯ ᠢ ᠨᠡᠮᠡᠭᠳᠡᠭᠦᠯᠵᠦ᠂ ᠣᠷᠭᠠᠨᠢᠭ ᠦᠢᠯᠡᠳᠬᠦᠨ ᠤ ᠭᠡᠷᠡᠴᠢᠯᠡᠯ ᠤᠨ ᠵᠠᠬ᠎ᠠ ᠳᠡᠯᠭᠡᠭᠦᠷ ᠤᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠢ ᠠᠬᠢᠭᠤᠯᠪᠠ᠃
C:\Users\Administrator\Desktop\2.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号