ᠥᠪᠥᠷ ᠮᠣᠩᠭᠤᠯ ᠤᠨ ᠹᠧᠩ ᠲᠠᠢ ᠠᠶ ᠭᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠥᠨᠳᠡᠭᠡᠨ ᠲᠠᠬᠢᠶ᠎ᠠ ᠲᠡᠵᠢᠭᠡᠬᠦ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠲᠤᠬᠠᠶ ᠠᠯᠪᠠᠨ ᠵᠠᠷ  ︵  ᠬᠤᠶᠠᠳᠡᠬᠢ ᠤᠳᠠᠭ᠎ᠠ ᠵᠠᠷᠯᠠᠨ ᠨᠡᠶᠢᠳᠡᠯᠡᠪᠡ︶
ᠨᠡᠶᠢᠲᠡᠯᠡᠭᠰᠡᠨ ᠴᠠᠭ᠄
2024/3/27
      ᠨᠢᠭᠡ᠂ ᠲᠥᠷᠥᠯ ᠵᠦᠢᠯ ᠤᠨ ᠲᠦᠢᠮᠣ ᠪᠠᠶᠢᠳᠠᠯ᠄ ᠥᠪᠥᠷ ᠮᠣᠩᠭᠤᠯ ᠤᠨ ᠹᠧᠩ ᠲᠠᠢ ᠠᠢ ᠭᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 100 ᠲᠦᠮᠡᠨ ᠥᠨᠳᠡᠭᠡᠨ ᠲᠠᠬᠢᠶ᠎ᠠ ᠲᠡᠵᠢᠭᠡᠬᠦ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠮᠠᠨᠢᠬᠠᠨ ᠰᠢᠶᠠᠩ ᠤᠨ ᠼᠣᠣ ᠱᠧᠩ ᠶᠢᠩᠽᠢ ᠲᠣᠰᠬᠤᠨ ᠤ ᠵᠡᠭᠦᠨ ᠡᠮᠦᠨ᠎ᠡ ᠲᠠᠯ᠎ᠠ ᠳᠤ ᠪᠠᠶᠢᠷᠢᠯᠠᠳᠠᠭ᠃ ᠲᠥᠷᠥᠯ ᠵᠦᠢᠯ ᠤᠨ ᠶᠡᠷᠦᠩᠬᠡᠶ ᠪᠡᠯᠡ ᠣᠷᠣᠭᠤᠯᠤᠯᠲᠠ 9000 ᠲᠦᠮᠡᠨ ᠲᠥᠭᠦᠷᠢᠭ᠂ ᠲᠥᠷᠥᠯ ᠵᠦᠢᠯ ᠤᠨ ᠶᠡᠷᠦᠩᠬᠡᠶ ᠡᠵᠡᠯᠡᠬᠦ ᠲᠠᠯᠠᠪᠠᠶ ᠨᠢ ᠪᠠᠷᠤᠭ 221.42 ᠮᠦ ᠪᠣᠯᠤᠨ᠎ᠠ᠃ ᠭᠤᠣᠯᠳᠠᠭᠤ 22 ᠮᠦᠷ ᠪᠠᠷᠢᠮᠵᠢᠶᠠᠵᠢᠭᠰᠠᠨ ᠲᠠᠬᠢᠶᠠᠨ ᠬᠠᠰᠢᠶ᠎ᠠ ᠰᠠᠷᠠᠪᠴᠢ ᠪᠠᠶᠢᠭᠤᠯᠵᠤ᠂ ᠠᠯᠪᠠᠯᠠᠬᠤ ᠠᠮᠢᠳᠤᠷᠠᠯ ᠤᠨ ᠲᠣᠭᠤᠷᠢᠭ᠂ ᠥᠨᠳᠡᠭᠡ ᠬᠠᠳᠠᠭᠠᠯᠠᠬᠤ ᠬᠥᠮᠥᠷᠭᠡ ᠵᠡᠷᠭᠡ ᠬᠠᠳᠠᠭᠠᠯᠠᠵᠤ ᠲᠡᠭᠡᠭᠡᠪᠦᠷᠢᠯᠡᠬᠦ᠂ ᠲᠤᠰᠠᠯᠠᠬᠤ ᠢᠨᠵᠧᠨᠧᠷᠢᠩ ᠢ ᠢᠵᠢ ᠪᠦᠷᠢᠳᠦᠭᠦᠯᠦᠨ ᠪᠠᠶᠢᠭᠤᠯᠤᠨ᠎ᠠ᠃ ᠪᠣᠬᠢᠷ ᠤᠰᠤ ᠶᠢ ᠲᠦᠷ ᠬᠠᠳᠠᠭᠠᠯᠠᠬᠤ ᠲᠠᠲᠠᠭᠠᠯ᠂ ᠬᠦᠴᠢᠯᠲᠥ᠋ᠷᠥᠭᠴᠢ ᠣᠪᠣᠭᠠᠯᠠᠬᠤ ᠪᠣᠷᠳᠣᠭᠤᠷ ᠣᠪᠣᠭᠠᠯᠠᠬᠤ ᠨᠡᠷᠡᠨ ᠭᠡᠷᠡᠯᠲᠦ ᠥᠷᠥᠭᠡ᠂ ᠠᠶᠤᠯᠲᠠᠶ ᠬᠠᠶᠠᠭᠳᠠᠮᠠᠯ ᠪᠣᠳᠠᠰ ᠢ ᠲᠦᠷ ᠬᠠᠳᠠᠭᠠᠯᠠᠬᠤ ᠥᠷᠥᠭᠡ᠂ ᠠᠷᠢᠭᠤᠳᠬᠠᠬᠤ ᠲᠠᠰᠤᠭ ᠵᠡᠷᠭᠡ ᠣᠷᠴᠢᠨ ᠠᠬᠤᠶ ᠶᠢ ᠬᠠᠮᠠᠭᠠᠯᠠᠬᠤ ᠢᠨᠵᠧᠨᠧᠷᠢᠩ ᠢ ᠵᠡᠷᠭᠡ ᠳᠤᠨᠢ ᠪᠥᠲᠥᠭᠡᠨ ᠪᠠᠶᠢᠭᠤᠯᠤᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠵᠢᠯ ᠳᠤ 100  ᠲᠦᠮᠡᠨ ᠥᠨᠳᠡᠭᠡᠨ ᠲᠠᠬᠢᠶ᠎ᠠ ᠲᠡᠵᠢᠭᠡᠵᠦ ᠪᠣᠯᠤᠨ᠎ᠠ ᠃        ᠬᠤᠶᠠᠷ᠂ ᠲᠥᠷᠥᠯ ᠵᠦᠢᠯ ᠤᠨ ᠭᠤᠤᠯ ᠣᠷᠴᠢᠨ ᠲᠣᠭᠤᠷᠢᠨ ᠤ ᠨᠥᠯᠥᠭᠡᠯᠡᠯ᠄ ᠪᠠᠷᠢᠯᠭ᠎ᠠ ᠪᠠᠷᠢᠬᠤ ᠬᠤᠭᠤᠴᠠᠭᠠᠨ ᠳᠤ ᠠᠷᠭ᠎ᠠ ᠬᠡᠮᠵᠢᠶ᠎ᠡ ᠠᠪᠤᠭᠰᠠᠨ ᠤ ᠳᠠᠷᠠᠭ᠎ᠠ ᠡᠭᠦᠰᠦᠭᠰᠡᠨ ᠡᠯ᠎ᠡ ᠲᠥᠷᠥᠯ ᠤᠨ ᠪᠣᠬᠢᠷᠲᠤᠯ ᠪᠣᠳᠠᠰ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠨᠢ ᠮᠠᠰᠢ ᠪᠠᠭ᠎ᠠ ᠪᠠᠶᠢᠵᠤ᠂ ᠪᠠᠷᠢᠯᠭ᠎ᠠ ᠪᠠᠷᠢᠬᠤ ᠬᠤᠭᠤᠴᠠᠭ᠎ᠠ ᠳᠠᠭᠤᠰᠬᠤ ᠶᠢᠨ ᠳᠠᠭᠠᠤ ᠵᠣᠭᠰᠣᠭᠠᠨ᠎ᠠ︔ ᠡᠵᠡᠩᠨᠡᠬᠦ ᠬᠤᠭᠤᠴᠠᠭᠠᠨ ᠳᠤ ᠡᠭᠦᠰᠦᠭᠰᠡᠨ ᠡᠯ᠎ᠡ ᠲᠥᠷᠥᠯ ᠤᠨ ᠪᠣᠬᠢᠷᠲᠤᠯ ᠪᠣᠳᠠᠰ ᠢ ᠠᠷᠭ᠎ᠠ ᠬᠡᠮᠵᠢᠶ᠎ᠡ ᠠᠪᠴᠤ  ᠰᠢᠢᠳᠪᠦᠷᠢᠯᠡᠬᠦ ᠨᠢ ᠴᠥᠮ ᠵᠣᠬᠢᠴᠠᠩᠭᠤᠶ ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠶ᠃        ᠭᠤᠷᠪᠠ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠳ᠋ᠦᠩᠨᠡᠯᠲᠡ᠄ ᠮᠡᠳᠡᠭᠦᠯᠦᠯᠲᠡ ᠶᠢᠨ ᠪᠢᠴᠢᠭ ᠲᠤ ᠵᠢᠭᠰᠠᠭᠠᠭᠰᠠᠨ ᠡᠯ᠎ᠡ ᠵᠦᠢᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠷᠭ᠎ᠠ ᠬᠡᠮᠵᠢᠶ᠎ᠡ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠵᠢᠴᠢ ᠮᠡᠳᠡᠭᠦᠯᠦᠯᠲᠡ ᠶᠢᠨ ᠪᠢᠴᠢᠭ ᠤᠨ ᠰᠠᠨᠠᠭᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠨᠥᠬᠦᠴᠡᠯ ᠳᠣᠣᠷ᠎ᠠ᠂ ᠲᠤᠰ ᠲᠥᠷᠥᠯ ᠵᠦᠢᠯ ᠨᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠠᠴᠠ ᠪᠣᠳᠣᠯᠬᠢᠯᠠᠨ ᠬᠡᠷᠡᠭᠵᠢᠭᠦᠯᠵᠦ ᠪᠣᠯᠣᠨ᠎ᠠ᠃         ᠳᠥᠷᠪᠡ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠮᠡᠳᠡᠭᠦᠯᠦᠯᠲᠡ ᠶᠢᠨ ᠪᠢᠴᠢᠭ ᠢ ᠪᠠᠶᠢᠴᠠᠭᠠᠨ ᠦᠵᠡᠬᠦ ᠠᠷᠭ᠎ᠠ ᠮᠠᠶ᠋ᠢᠭ ᠪᠠ ᠠᠷᠭ᠎ᠠ ᠵᠠᠮ᠄ ᠶᠠᠮᠠᠷᠪᠠ  ᠨᠢᠭᠡᠴᠡ ᠪᠠ ᠬᠤᠪᠢ ᠬᠥᠮᠦᠨ ᠴᠥᠮ ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠳ᠋ᠢᠶᠠᠩᠬᠤᠸᠠ᠂ ᠵᠠᠬᠢᠳᠠᠯ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠲᠥᠭᠡᠨ ᠪᠠᠶᠢᠭᠤᠯᠬᠤ ᠨᠢᠭᠡᠴᠡ ᠪᠤᠶᠤ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠪᠠᠶᠢᠭᠤᠯᠤᠮᠵᠢ ᠳᠤ ᠴᠠᠭᠠᠰᠤᠨ ᠮᠡᠳᠡᠭᠦᠯᠦᠯᠲᠡ ᠶᠢᠨ ᠪᠢᠴᠢᠭ ᠢ ᠪᠠᠶᠢᠴᠠᠭᠠᠨ ᠦᠵᠡᠵᠦ᠂ ᠰᠦᠯᠵᠢᠶᠡᠨ ᠤ ᠬᠠᠶ᠋ᠢᠭ ︵ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕ ︶ ᠤᠨ ᠪᠠᠭᠤᠯᠭᠠᠭᠰᠠᠨ ᠮᠡᠳᠡᠭᠦᠯᠦᠯᠲᠡ ᠶᠢᠨ ᠪᠦᠬᠦ ᠤᠳᠬ᠎ᠠ ᠪᠠᠷ ᠨᠢ ᠬᠤᠪᠢ ᠬᠥᠮᠥᠨ ᠪᠠ ᠪᠦᠯᠬᠦᠮ ᠤᠨ ᠰᠠᠨᠠᠯ ᠢ ᠲᠤᠰᠬᠠᠳᠠᠭ᠂ ᠬᠠᠷᠢᠯᠴᠠᠬᠤ ᠬᠡᠯᠪᠡᠷᠢ ᠨᠢ ᠳᠣᠣᠷᠠᠬᠢ ᠮᠡᠲᠦ᠄        1. ᠪᠥᠲᠥᠭᠡᠨ ᠪᠠᠶᠢᠭᠤᠯᠤᠯᠲᠠ ᠶᠢᠨ ᠨᠢᠭᠡᠴᠡ ᠶᠢᠨ ᠮᠡᠳᠡᠭᠡ ᠵᠠᠩᠭᠢ᠄ ᠥᠪᠥᠷ ᠮᠣᠩᠭᠤᠯ ᠤᠨ ᠹᠧᠩ ᠲᠠᠢ ᠠᠶ ᠭᠧ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠸᠧᠶ ᠲᠠᠭᠠᠭᠠᠮᠠᠯ ︵ 15847342400︶        2. ᠦᠨᠡᠯᠡᠬᠦ ᠠᠵᠢᠯ ᠢ ᠡᠭᠦᠷᠭᠡᠯᠡᠬᠦ ᠣᠷᠴᠢᠨ ᠲᠣᠭᠤᠷᠢᠨ ᠤ ᠨᠥᠯᠥᠭᠡ ᠶᠢ ᠦᠨᠡᠯᠡᠬᠦ ᠪᠠᠶᠢᠭᠤᠯᠤᠮᠵᠢ ᠶᠢᠨ ᠮᠡᠳᠡᠭᠡ ᠵᠠᠩᠭᠢ᠄ ᠤᠯᠠᠭᠠᠨᠬᠠᠳᠠ ᠶᠢᠨ ᠺᠧ ᠯᠢᠨ ᠣᠷᠴᠢᠨ ᠲᠣᠭᠤᠷᠢᠨ ᠤ ᠮᠡᠷᠭᠡᠵᠢᠯ ᠤᠨ ᠯᠠᠪᠯᠠᠯᠲᠠ ᠶᠢᠨ ᠬᠢᠵᠠᠭᠠᠷᠲᠤ ᠺᠣᠮᠫᠠᠨᠢ᠂ ᠶᠠᠩ ᠭᠦᠩ ︵18147609828︶        ᠲᠠᠪᠤ᠂ ᠣᠯᠠᠨ ᠨᠡᠶᠢᠲᠡ ᠶᠢᠨ ᠰᠠᠨᠠᠯ ᠬᠤᠷᠢᠶᠠᠬᠤ        1. ᠲᠠᠲᠠᠪᠤᠷᠢᠯᠠᠬᠤ ᠬᠡᠪᠴᠢᠶ᠎ᠡ᠄ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠮᠠᠨᠢᠬᠠᠨ ᠰᠢᠶᠠᠩ ᠤᠨ ᠼᠤᠤ ᠱᠧᠩ ᠶᠢᠩᠽᠢ ᠲᠣᠰᠬᠤᠨ ᠤ ᠨᠥᠯᠥᠭᠡᠯᠡᠬᠦ ᠬᠡᠪᠴᠢᠶᠡᠨ ᠳᠠᠬᠢ ᠬᠤᠪᠢ ᠬᠥᠮᠦᠨ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠵᠢᠴᠢ ᠲᠣᠰ ᠲᠥᠷᠥᠯ ᠵᠦᠢᠯ ᠢ ᠠᠩᠬᠠᠷᠤᠨ ᠬᠠᠯᠠᠮᠵᠢᠯᠠᠵᠤ ᠪᠠᠶᠢᠭ᠎ᠠ ᠣᠯᠠᠨ ᠨᠡᠶᠢᠲᠡ᠃        2. ᠣᠯᠠᠨ ᠨᠡᠶᠢᠲᠡ ᠶᠢᠨ ᠰᠠᠨᠠᠯ ᠤᠨ ᠬᠦᠰᠦᠨᠦᠭᠲᠦ  ᠶᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕        3. ᠣᠯᠠᠨ ᠨᠡᠶᠢᠲᠡ ᠶᠢᠨ ᠰᠠᠨᠠᠯ ᠳᠤᠷᠠᠳᠬᠤ ᠠᠷᠭ᠎ᠠ ᠮᠠᠶ᠋ᠢᠭ᠄ ᠣᠯᠠᠨ ᠨᠡᠶᠢᠲᠡ ᠪᠠᠷ ᠢᠶᠠᠨ ᠤᠲᠠᠰᠤ᠂ ᠵᠠᠬᠢᠳᠠᠯ ᠴᠢᠮᠡᠭᠡ ᠵᠡᠷᠭᠡ ᠬᠡᠯᠪᠡᠷᠢ ᠪᠠᠷ ᠳᠠᠮᠵᠢᠭᠤᠯᠤᠨ ᠲᠣᠰ ᠲᠥᠷᠥᠯ ᠵᠦᠢᠯ ᠵᠢᠴᠢ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠠᠵᠢᠯ ᠳᠤ ᠰᠠᠨᠠᠯ ᠪᠠ ᠰᠠᠨᠠᠭᠤᠯᠭ᠎ᠠ ᠳᠤᠷᠠᠳᠴᠤ ᠪᠣᠯᠤᠨ᠎ᠠ᠃        ᠵᠢᠷᠭᠤᠭ᠎ᠠ᠂ ᠢᠯᠡ ᠨᠡᠶᠢᠲᠡᠯᠡᠬᠦ ᠴᠠᠭ᠄ ᠲᠣᠰ ᠤᠳᠠᠭᠠᠨ ᠤ ᠢᠯᠡ ᠨᠡᠶᠢᠲᠡᠯᠡᠬᠦ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠬᠠᠷᠢᠭᠤ ᠲᠤᠰᠬᠠᠬᠤ ᠴᠠᠭ ᠢ ᠨᠡᠶᠢᠲᠡᠯᠡᠭᠰᠡᠨ ᠡᠳᠦᠷ ᠠᠴᠠ ᠡᠬᠢᠯᠡᠨ 10 ᠠᠵᠢᠯᠯᠠᠬᠤ ᠡᠳᠦᠷ  ᠪᠣᠯᠤᠨ᠎ᠠ᠃         ᠥᠪᠥᠷ ᠮᠣᠩᠭᠤᠯ ᠤᠨ ᠹᠧᠩ ᠲᠠᠢ ᠠᠢ ᠭᠧ ᠲᠠᠷᠢᠶᠠᠯᠠᠩ ᠤᠨ  ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ                                                   2024 ᠣᠨ ᠤ 3 ᠰᠠᠷ᠎ᠠ ᠶᠢᠨ 25 ᠤ ᠡᠳᠦᠷ 
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号