ᠠᠤᠬᠠᠨ ᠬᠤᠰᠢᠭᠤ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠤᠨ ᠬᠦᠢᠴᠡᠳᠬᠡᠯ ᠲᠤᠭ᠎ᠠ ᠶᠢ 10 ᠲᠦᠮᠡᠨ ᠺᠢᠯᠣᠸᠠᠲ ᠬᠦᠷᠲᠡᠪᠡ
ᠨᠡᠶᠢᠲᠡᠯᠡᠭᠰᠡᠨ ᠴᠠᠭ᠄
2024/3/28
       ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠬᠡᠷᠡᠭᠵᠢᠭᠦᠯᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︽ᠤᠯᠤᠰ ᠤᠨ ᠡᠨᠧᠷᠭᠢ ᠶᠢᠨ ᠲᠣᠪᠴᠢᠶ᠎ᠠ ᠶᠢᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ︿ᠬᠥᠳᠡᠭᠡ ᠲᠣᠰᠬᠤᠨ ᠤ ᠡᠨᠧᠷᠬᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠶᠢ ᠲᠦᠷᠭᠡᠳᠬᠡᠵᠦ ᠬᠥᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠲᠣᠬᠠᠢ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ︽ᠤᠯᠠᠭᠠᠨᠬᠠᠳᠠ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠤᠯᠠᠭᠠᠨᠬᠠᠳᠠ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠢᠨᠵᠧᠨᠧᠷᠢᠩ ᠢ ᠬᠡᠷᠡᠭᠵᠢᠭᠦᠯᠬᠦ ᠲᠤᠬᠠᠶ ᠮᠡᠳᠡᠭᠳᠡᠯ︾ ︵ᠤᠯᠠᠭᠠᠨᠬᠠᠳᠠ ᠬᠥᠭᠵᠢᠭᠦᠯᠦᠯᠲᠡ ᠥᠭᠡᠷᠡᠴᠢᠯᠡᠯᠲᠡ ᠡᠨᠧᠷᠭᠢ ᠥᠰᠥᠭ ︹2020︺ 77 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠤᠬᠠᠨ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠤᠬᠠᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ︽ᠠᠤᠬᠠᠨ ᠬᠤᠰᠢᠭᠤᠨ ᠤ ᠬᠡᠷᠡᠯ ᠴᠡᠨᠡᠭ ᠢᠶᠠᠷ ᠬᠠᠪᠰᠤᠷᠤᠨ ᠲᠡᠳᠬᠦᠬᠦ ᠴᠠᠬᠢᠯᠭᠠᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠤᠲᠠ ᠶᠢᠨ ᠱᠠᠲᠤᠨ ᠤ ᠨᠢᠭᠡᠴᠡ ᠳᠤ ᠨᠢᠭᠡᠨᠲᠡ ᠮᠡᠳᠡᠭᠦᠯᠪᠡ᠃ ᠢᠨᠵᠧᠨᠧᠷᠢᠩ ᠤᠨ ᠶᠡᠷᠦᠩᠬᠡᠶ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 102.47 MWp ᠪᠠᠶᠢᠵᠤ᠂ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠤ ᠪᠠᠭᠲᠠᠭᠠᠮᠵᠢ ᠨᠢ 50.17MWp ᠪᠠᠶᠢᠵᠤ᠂ 2024 ᠣᠨ ᠤ ᠡᠴᠦᠰ ᠪᠣᠯᠬᠤ ᠳᠤ ᠪᠦᠲᠦᠭᠡᠨ ᠪᠠᠶᠢᠭᠤᠯᠵᠤ ᠳᠠᠭᠤᠰᠬᠠᠨ᠂ ᠬᠤᠶᠠᠳᠤᠭᠠᠷ ᠬᠤᠭᠤᠴᠠᠭᠠᠨ ᠤ ᠪᠠᠭᠲᠠᠭᠠᠮᠵᠢ ᠨᠢ 52.3MWp ᠪᠠᠶᠢᠵᠤ᠂ 2025 ᠣᠨ ᠤ ᠡᠴᠦᠰ ᠪᠣᠯᠬᠤ ᠳᠤ ᠪᠦᠲᠦᠭᠡᠨ ᠪᠠᠶᠢᠭᠤᠯᠵᠤ  ᠳᠠᠭᠤᠰᠬᠠᠨ᠎ᠠ᠃ ᠢᠨᠵᠧᠨᠧᠷᠢᠩ ᠤᠨ ᠶᠡᠷᠦᠩᠬᠡᠶ ᠪᠡᠯᠡ ᠣᠷᠣᠭᠤᠯᠤᠯᠲᠠ 3.5 ᠳ᠋ᠦᠩᠰᠢᠭᠤᠷ ᠲᠥᠭᠦᠷᠢᠭ ᠪᠠᠶᠢᠵᠤ᠂ ᠪᠦᠬᠦᠨ ᠢᠶᠠᠷ ᠢᠶᠠᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠪᠣᠯᠤᠨ᠎ᠠ᠃    ᠲᠣᠰ ᠬᠡᠷᠡᠯ ᠴᠡᠨᠡᠭ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ 25 ᠵᠢᠯ ᠤᠨ ᠴᠡᠪᠡᠷ ᠠᠰᠢᠭ ᠬᠤᠨᠵᠢᠪᠣᠷᠢ ᠨᠢ 6.6 ᠳ᠋ᠦᠩᠰᠢᠭᠤᠷ ᠲᠥᠭᠦᠷᠢᠭ ᠲᠤ ᠬᠦᠷᠴᠦ᠂ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠴᠢᠨᠠᠷ ᠰᠠᠶᠢᠲᠠᠶ ᠬᠥᠭᠵᠢᠯᠲᠡ ᠳᠤ ᠪᠦᠲᠦᠮᠵᠢᠲᠡᠶ ᠬᠦᠴᠦᠨ ᠨᠡᠮᠡᠷᠢᠯᠡᠬᠦ ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号