ᠪᠠᠶᠠᠨᠨᠠᠭᠤᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠰᠢᠨᠵᠢᠯᠡᠨ ᠪᠠᠶᠢᠴᠠᠭᠠᠬᠤ ᠳᠤᠭᠤᠶᠢᠯᠠᠩ ᠤᠨ  ᠬᠢᠨ ᠮᠠᠨ ᠤ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/3/28
    C:\Users\Administrator\Desktop\1.jpg
    3 ᠰᠠᠷ᠎ᠠ ᠶᠢᠨ 27 ᠤ ᠡᠳᠦᠷ᠂ ᠪᠠᠶᠠᠨᠨᠠᠭᠤᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠠᠷᠠᠨᠭᠡᠷᠡᠯ ᠰᠢᠨᠵᠢᠯᠡᠨ ᠪᠠᠶᠢᠴᠠᠭᠠᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠦ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠢ ᠰᠢᠨᠵᠢᠯᠡᠨ ᠪᠠᠶᠢᠴᠠᠭᠠᠪᠠ᠃ ᠤᠯᠠᠭᠠᠨᠬᠠᠳᠠ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᠶᠦᠩ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠦᠸᠧ ᠬᠤᠸᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠰᠢᠶᠤᠤ ᠾᠦᠢ ᠪᠠᠷ᠎ᠠ ᠪᠣᠯᠵᠣ ᠰᠢᠨᠵᠢᠯᠡᠨ ᠪᠠᠶᠢᠴᠠᠭᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠠᠤᠬᠠᠨ ᠤ ᠨᠠᠷᠢᠮᠤ ᠶᠢᠨ ᠮᠦᠽᠧᠶ᠂ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠠᠤᠬᠠᠨ ᠤ ᠺᠠᠳ᠋ᠷ ᠤᠨ ᠳᠡᠭᠡᠳᠦ ᠰᠤᠷᠭᠠᠭᠤᠯᠢ ᠶᠢᠨ ᠰᠠᠨ  ᠱᠢ ᠡᠯ ᠯᠢᠶᠠᠨ ᠱᠠᠨ ᠠᠭᠤᠯᠠ ᠶᠢᠨ ᠠᠮᠢ ᠠᠬᠤᠶ ᠶᠢᠨ ᠵᠠᠰᠠᠯᠲᠠ ᠶᠢᠨ ᠢᠨᠵᠧᠨᠧᠷᠢᠩ ᠤᠨ ᠵᠢᠭᠠᠨ ᠰᠤᠷᠭᠠᠯᠲᠠ ᠶᠢᠨ ᠴᠡᠭ ᠵᠡᠷᠭᠡ ᠭᠠᠵᠠᠷ ᠲᠤ ᠬᠦᠷᠴᠦ᠂ ᠲᠠᠶᠢᠯᠤᠮᠵᠢ ᠶᠢ ᠰᠣᠨᠣᠰᠬᠤ᠂ ᠲᠤᠬᠠᠶ ᠶᠢᠨ ᠭᠠᠵᠠᠷ ᠲᠤᠨᠢ ᠲᠣᠭᠤᠷᠢᠨ ᠦᠵᠡᠬᠦ᠂ ᠪᠢᠴᠢᠭ ᠮᠠᠲ᠋ᠧᠷᠢᠶᠠᠯ ᠢ ᠦᠵᠡᠬᠦ᠂ ᠲᠤᠬᠠᠶ ᠶᠢᠨ ᠲᠠᠯᠠᠪᠤᠷ ᠲᠤ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠂ ᠮᠠᠨ ᠤ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠬᠢ ᠠᠷᠭ᠎ᠠ ᠪᠠ ᠲᠤᠷᠰᠢᠯᠭ᠎ᠠ ᠶᠢ ᠨᠠᠷᠢᠨ ᠣᠶᠢᠯᠠᠭᠠᠪᠠ᠃    ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠠᠵᠢᠯ ᠤᠨ ᠳᠤᠮᠳᠠ ᠣᠯᠤᠭᠰᠠᠨ ᠠᠮᠵᠢᠯᠲᠠ ᠶᠢ ᠳᠡᠭᠡᠳᠦ ᠬᠡᠮᠵᠢᠶ᠎ᠡ ᠪᠠᠷ ᠦᠨᠡᠯᠡᠭᠰᠡᠨ ᠪᠥᠭᠡᠳ ᠠᠤᠬᠠᠨ ᠬᠤᠰᠢᠭᠤ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠡᠨᠡ ᠬᠦ ᠭᠤᠤᠯ ᠰᠢᠵᠢᠮ ᠢᠶᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠭᠤᠤᠯ ᠰᠡᠳᠦᠪ ᠨᠢ ᠢᠯᠡ ᠲᠣᠳᠣ᠂ ᠠᠵᠢᠯ ᠨᠢ ᠪᠣᠳᠠᠲᠠᠶ ᠶᠢ ᠡᠷᠬᠢᠮᠯᠡᠬᠦ᠂ ᠦᠷ᠎ᠡ ᠪᠦᠲᠦᠮᠵᠢ ᠨᠢ ᠢᠯᠡᠷᠬᠡᠶ ᠪᠠᠶᠢᠵᠤ᠂ ᠮᠠᠰᠢ ᠴᠢᠩᠭ᠎ᠠ ᠲᠣᠯᠢᠯᠠᠬᠤ ᠪᠠ ᠵᠢᠱᠢᠶ᠎ᠡ ᠦᠵᠡᠭᠦᠯᠬᠦ ᠦᠢᠯᠡᠳᠦᠯ ᠲᠠᠢ ᠪᠠᠶᠢᠵᠤ᠂ ᠬᠤᠶᠠᠷ ᠭᠠᠵᠠᠷ ᠤᠨ ᠬᠢᠨ ᠨᠡᠪᠲᠡᠷᠡᠯᠴᠡᠭᠡ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠷᠢᠯᠴᠠᠨ ᠰᠤᠷᠤᠯᠴᠠᠵᠤ᠂ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠵᠦ᠂ ᠬᠤᠶᠠᠷ ᠭᠠᠵᠠᠷ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠤᠯᠤᠰ ᠲᠥᠷᠥ ᠶᠢᠨ ᠵᠥᠪᠯᠡᠯᠭᠡᠨ ᠤ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠡᠶ᠃
C:\Users\Administrator\Desktop\2.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号