ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠪᠢᠴᠢᠭ ᠮᠠᠲ᠋ᠧᠷᠢᠶᠠᠯ | ᠥᠪᠥᠷ ᠵᠠᠰᠠᠭ ᠠᠯᠪᠠᠨ ᠲᠠᠷᠬᠠᠭᠠᠭᠰᠠᠨ ﹇2023﹈ 17 ᠳ᠋ᠤᠭᠠᠷ ᠲᠣᠭᠠᠲᠤ | ᠲᠠᠸᠠᠷ ᠬᠡᠳᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ ᠠᠷᠭ᠎ᠠ | ᠬᠡᠮᠵᠢᠶ᠎ᠡ ᠨᠦᠭᠦᠳ ᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ︽ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ ᠨᠢᠭᠡ ᠠᠯᠬᠤᠮ ᠴᠢᠩᠭᠠᠳᠬᠠᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ﹇2022﹈ 29 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠦᠬᠦ ᠣᠷᠣᠨ ᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠶᠢ ᠤᠯᠠᠮ | ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠤᠯᠪᠣᠭᠳᠠᠯ ᠪᠦᠬᠦᠢ ᠠᠷᠭ᠎ᠠ ᠬᠡᠮᠵᠢᠶ᠎ᠡ ᠶᠢ ᠳᠣᠣᠷᠠᠬᠢ ᠮᠡᠲᠦ | ᠮᠡᠳᠡᠭᠳᠡᠪᠡ᠃ | ᠨᠢᠭᠡ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠪᠦᠬᠦ ᠬᠡᠯᠬᠢᠶᠡᠨ ᠤ ᠵᠠᠰᠠᠯᠲᠠ ᠶᠢ ᠴᠢᠩᠭᠠᠳᠬᠠᠨ᠎ᠠ | ︵ᠨᠢᠭᠡ︶ ᠪᠣᠭᠤᠳᠠᠯᠯᠠᠵᠤ ᠪᠠᠭᠯᠠᠬᠤ ᠬᠦᠷᠢᠶ᠎ᠡ ᠴᠠᠷᠠᠭᠠᠨ ᠳᠠᠬᠢ ᠮᠡᠷᠭᠡᠵᠢᠯ ᠤᠨ ᠰᠢᠨ᠎ᠡ ᠡᠭᠦᠳᠦᠯᠲᠡ ᠶᠢ | ᠴᠢᠩᠭᠠᠳᠬᠠᠨ᠎ᠠ᠃ ᠪᠦᠬᠦ ᠣᠷᠣᠨ ᠤ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ ᠠᠬᠤᠶᠢᠯᠠᠯ ᠤᠨ ᠰᠠᠭᠤᠷᠢ | ᠲᠤᠭ᠎ᠠ ᠶᠢ ᠲᠣᠳᠣᠷᠬᠠᠢ ᠣᠶᠢᠯᠠᠭᠠᠭᠰᠠᠨ ᠰᠠᠭᠤᠷᠢᠨ ᠳᠡᠭᠡᠷ᠎ᠡ᠂ ᠪᠣᠭᠤᠳᠠᠯ ᠪᠠᠭᠯᠠᠭ᠎ᠠ ᠦᠢᠯᠡᠳᠪᠦᠷᠢᠯᠡᠬᠦ ᠠᠵᠤ | ᠠᠬᠤᠶᠢᠯᠠᠯ ᠤᠨ ᠠᠵᠢᠯ ᠲᠥᠷᠥᠯ ᠤᠨ ᠳᠣᠲᠣᠭᠠᠳᠤᠬᠢ ᠵᠢᠷᠤᠭ ᠲᠥᠯᠥᠪᠯᠡᠭᠡ ᠨᠢ ᠵᠦᠢ ᠵᠣᠬᠢᠰᠲᠠᠢ᠂ ᠮᠠᠲ᠋ᠧᠷᠢᠶᠠᠯ | ᠬᠡᠷᠡᠭᠯᠡᠬᠦ ᠨᠢ ᠠᠷᠪᠢᠲᠠᠢ᠂ ᠡᠭᠡᠭᠦᠯᠦᠨ ᠬᠤᠷᠢᠶᠠᠬᠤ ᠳᠤ ᠳᠥᠭᠦᠮ᠂ ᠬᠢᠮᠳᠠ ᠲᠣᠬᠢᠯᠢᠭ ᠪᠠᠶᠢᠬᠤ ᠲᠠᠯ᠎ᠠ ᠪᠠᠷ ᠬᠢ | ᠵᠢᠱᠢᠶ᠎ᠡ ᠦᠵᠡᠭᠦᠯᠬᠦ ᠴᠢᠨᠠᠷ ᠪᠠ ᠬᠥᠲᠥᠯᠥᠨ ᠵᠢᠯᠤᠭᠤᠳᠬᠤ ᠴᠢᠨᠠᠷ ᠲᠠᠢ ᠲᠥᠰᠥᠯ ᠢ ᠦᠨᠳᠦᠰᠦᠯᠡᠵᠦ ᠪᠣᠭᠤᠳᠠᠯ | ᠪᠠᠭᠯᠠᠭ᠎ᠠ ᠶᠢᠨ ᠪᠦᠲᠦᠭᠡᠭᠳᠡᠬᠦᠨ ᠦᠢᠯᠡᠳᠪᠦᠷᠢᠯᠡᠬᠦ᠂ ᠪᠣᠭᠤᠳᠠᠯᠯᠠᠵᠤ ᠪᠠᠭᠯᠠᠬᠤ ᠮᠠᠲ᠋ᠧᠷᠢᠶᠠᠯ ᠵᠢᠴᠢ | ᠦᠢᠯᠡᠳᠪᠦᠷᠢᠯᠡᠯ ᠤᠨ ᠲᠥᠬᠦᠭᠡᠷᠦᠮᠵᠢ ᠰᠤᠳᠤᠯᠤᠨ ᠨᠡᠭᠡᠭᠡᠬᠦ ᠶᠢ ᠨᠢ ᠠᠬᠢᠭᠤᠯᠤᠨ᠎ᠠ᠃ ᠪᠣᠭᠤᠳᠠᠯ ᠪᠠᠭᠯᠠᠭ᠎ᠠ | ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠬᠦ ᠦᠵᠦᠭᠦᠷ ᠠᠴᠠ | ᠳᠥᠭᠦᠮ ᠪᠣᠷᠣᠭᠵᠢᠭᠤᠨ ᠪᠣᠭᠤᠳᠠᠯ ᠪᠠᠭᠯᠠᠭ᠎ᠠ ᠶᠢ ᠳᠡᠯᠭᠡᠷᠡᠭᠦᠯᠵᠦ᠂ ᠠᠷᠪᠢᠯᠠᠨ ᠭᠠᠮᠨᠠᠬᠤ ᠣᠨᠣᠯᠵᠢᠬᠤᠨ ᠢ ᠡᠬᠢ | ᠢᠷᠡᠯᠲᠡ ᠠᠴᠠ ᠨᠢ ᠦᠢᠯᠡᠳᠦᠯᠭᠡᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠲᠠᠸᠠᠷ ᠦᠢᠯᠡᠳᠪᠦᠷᠢᠯᠡᠬᠦ ᠭᠤᠭᠴᠣᠭᠠᠨ ᠳᠤ ᠬᠡᠲᠦ ᠪᠣᠭᠤᠳᠠᠯᠯᠠᠵᠤ ᠪᠠᠭᠯᠠᠬᠤ ᠶᠢ ᠰᠡᠷᠭᠡᠶᠢᠯᠡᠨ᠎ᠡ᠃ | ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠤᠬᠠᠭᠤᠯᠤᠨ | ᠲᠤᠭᠤᠰᠢᠯᠠᠭᠤᠯᠬᠤ ᠠᠵᠢᠯ ᠢ ᠴᠢᠩᠭᠠᠳᠬᠠᠵᠤ᠂ ᠬᠠᠤᠯᠢ ᠬᠡᠷᠡᠭᠵᠢᠭᠦᠯᠦᠯᠲᠡ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠴᠢᠩᠭᠠᠷᠠᠭᠤᠯᠵᠤ᠂ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ | ᠪᠠᠶᠢᠭᠠᠳ ᠬᠡᠲᠦ ᠪᠣᠭᠤᠳᠠᠯᠯᠠᠵᠤ ᠪᠠᠭᠯᠠᠬᠤ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠦᠨ᠎ᠡ᠃ ᠲᠠᠸᠠᠷ ᠤᠨ ᠪᠣᠭᠤᠳᠠᠯ ᠪᠠᠭᠯᠠᠭ᠎ᠠ ᠵᠢᠷᠤᠵᠤ ᠲᠥᠯᠥᠪᠯᠡᠬᠦ᠂ ᠦᠢᠯᠡᠳᠬᠦ ᠪᠠ ᠬᠡᠷᠡᠭᠯᠡᠬᠦ ᠵᠡᠷᠭᠡ | ᠲᠠᠯ᠎ᠠ ᠪᠠᠷ ᠬᠢ ᠮᠡᠳᠡᠭᠡ ᠵᠠᠩᠭᠢ ᠶᠢᠨ ᠲᠡᠮᠳᠡᠭᠯᠡᠯ ᠤᠨ ᠳᠠᠩᠰᠠ ᠡᠪᠬᠡᠮᠡᠯ ᠢ ᠪᠠᠶᠢᠭᠤᠯᠵᠤ᠂ ᠲᠠᠸᠠᠷ ᠦᠢᠯᠡᠳᠪᠦᠷᠢᠯᠡᠬᠦ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠳᠥᠭᠦᠮ ᠪᠣᠷᠣᠭᠵᠢᠭᠤᠨ ᠪᠥᠭᠡᠳ ᠪᠣᠬᠢᠷᠲᠤᠯ ᠦᠭᠡᠢ | ᠪᠣᠭᠤᠳᠠᠯ ᠪᠠᠭᠯᠠᠭ᠎ᠠ ᠶᠢ ᠬᠡᠷᠡᠭᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ | ᠪᠠᠷᠢᠮᠵᠢᠶᠠᠵᠢᠭᠤᠯᠤᠯᠲᠠ ᠶᠢᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠲᠡᠳᠡᠨ ᠤ ᠭᠦᠢᠴᠡᠳᠬᠡᠨ ᠬᠡᠷᠡᠭᠵᠢᠭᠦᠯᠵᠦ ᠪᠠᠶᠢᠭ᠎ᠠ | ᠪᠣᠭᠤᠳᠠᠯ ᠪᠠᠭᠯᠠᠭ᠎ᠠ ᠲᠠᠢ ᠬᠤᠯᠪᠣᠭᠳᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ᠂ ᠲᠠᠨᠢᠯᠴᠠᠭᠤᠯᠬᠤ ᠴᠢᠨᠠᠷᠲᠠᠢ | ᠪᠠᠷᠢᠮᠵᠢᠶ᠎ᠠ᠂ ᠪᠦᠯᠬᠦᠮ ᠨᠡᠶᠢᠲᠡ ᠶᠢᠨ ᠪᠠᠷᠢᠮᠵᠢᠶ᠎ᠠ ᠪᠤᠶᠤ ᠠᠵᠤ ᠠᠬᠤᠶᠢᠯᠠᠯ ᠤᠨ ᠪᠠᠷᠢᠮᠵᠢᠶᠠᠨ ᠤ ᠳ᠋ᠤᠭᠠᠷᠯᠠᠯ ᠪᠠ | ᠨᠡᠷᠡᠶᠢᠳᠦᠯ ᠢ ᠨᠢ ᠬᠠᠤᠯᠢ ᠶᠣᠰᠣᠭᠠᠷ ᠢᠯᠡ ᠪᠣᠯᠭᠠᠵᠤ᠂ ᠱᠠᠭᠠᠷᠳᠠᠯᠭ᠎ᠠ ᠶᠣᠰᠣᠭᠠᠷ ᠢᠯᠡ ᠪᠣᠯᠭᠠᠭᠰᠠᠨ ᠦᠭᠡᠢ ᠪᠤᠶᠤ | ᠪᠦᠲᠦᠭᠡᠭᠳᠡᠬᠦᠨ ᠨᠢ ᠪᠠᠷᠢᠮᠵᠢᠶ᠎ᠠ ᠱᠠᠭᠠᠷᠳᠠᠯᠭ᠎ᠠ ᠳᠤ ᠥᠯᠥ ᠨᠡᠶᠢᠴᠡᠭᠰᠡᠨ ᠠᠵᠤ ᠠᠬᠤᠶᠢᠯᠠᠯ ᠠᠴᠠ ᠬᠠᠤᠯᠢ ᠶᠣᠰᠣᠭᠠᠷ | ᠬᠠᠷᠢᠭᠤᠴᠠᠯᠭ᠎ᠠ ᠨᠡᠬᠡᠮᠵᠢᠯᠡᠨ᠎ᠡ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠮᠴᠢᠯᠡᠭᠡᠨ ᠤ ᠪᠠᠶᠢᠭᠤᠯᠤᠮᠵᠢ᠂ | ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ | ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢᠨ ᠤᠬᠠᠭᠤᠯᠤᠨ ᠲᠤᠭᠤᠰᠢᠯᠠᠭᠤᠯᠬᠤ ᠠᠵᠢᠯ ᠢ ᠴᠢᠩᠭᠠᠳᠬᠠᠵᠤ᠂ | ᠡᠮᠴᠢᠯᠡᠭᠡᠨ ᠤ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ ᠪᠠᠶᠢᠭᠠᠳ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠪᠠ | ᠤᠵᠢᠭ ᠡᠪᠡᠳᠴᠢᠨ ᠵᠡᠷᠭᠡ ᠠᠳᠠᠯᠢ ᠪᠤᠰᠤ ᠠᠬᠤᠢ ᠪᠠᠶᠢᠳᠠᠯ ᠪᠠ ᠲᠥᠷᠥᠯ ᠬᠡᠯᠪᠡᠷᠢ ᠳᠤ ᠬᠠᠨᠳᠤᠭᠤᠯᠤᠨ ᠪᠣᠳᠠᠲᠠᠢ ᠳᠤ | ᠨᠡᠶᠢᠴᠡᠭᠰᠡᠨ ᠡᠮ ᠤᠨ ᠵᠦᠢᠯ ᠤᠨ ᠪᠣᠭᠤᠳᠠᠯ ᠪᠠᠭᠯᠠᠭ᠎ᠠ ᠶᠢᠨ ᠬᠡᠪ ᠪᠠᠷᠢᠮᠵᠢᠶᠠᠨ ᠤ ᠱᠠᠭᠠᠷᠳᠠᠯᠭ᠎ᠠ ᠶᠢ ᠳᠤᠷᠠᠳᠤᠨ | ᠭᠠᠷᠭᠠᠵᠤ᠂ ᠡᠮ ᠤᠨ ᠵᠦᠢᠯ ᠦᠢᠯᠡᠳᠪᠦᠷᠢᠯᠡᠬᠦ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠡᠮ ᠤᠨ | ᠵᠦᠢᠯ ᠤᠨ ᠪᠣᠭᠤᠳᠠᠯ ᠪᠠᠭᠯᠠᠭ᠎ᠠ ᠶᠢᠨ ᠬᠡᠪ ᠪᠠᠷᠢᠮᠵᠢᠶ᠎ᠠ ᠶᠢ ᠰᠢᠯᠢᠳᠡᠭᠵᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠡᠷᠡᠭᠦᠯ ᠬᠠᠮᠠᠭᠠᠯᠠᠯ ᠪᠠ ᠡᠷᠡᠭᠦᠯ ᠮᠡᠨᠳᠦ ᠶᠢᠨ ᠵᠥᠪᠯᠡᠯ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠪᠣᠷᠣᠯᠠᠭᠤᠯᠤᠨ ᠬᠤᠳᠠᠯᠳᠤᠬᠤ ᠠᠴᠠ ᠵᠠᠶᠢᠯᠠᠰᠬᠢᠨ᠎ᠡ᠃ | ᠪᠣᠷᠣᠯᠠᠭᠤᠯᠤᠨ ᠬᠤᠳᠠᠯᠳᠤᠬᠤ ᠭᠤᠭᠴᠣᠭᠠᠨ ᠳᠠᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠦᠢᠯᠡ ᠶᠢ ᠬᠢᠨᠠᠨ | ᠪᠠᠶᠢᠴᠠᠭᠠᠬᠤ ᠪᠠᠨ ᠴᠢᠩᠭᠠᠳᠬᠠᠵᠤ᠂ ᠬᠡᠲᠦ ᠪᠣᠭᠤᠳᠠᠯᠯᠠᠵᠤ ᠪᠠᠭᠯᠠᠭᠰᠠᠨ ᠲᠠᠸᠠᠷ ᠢ ᠬᠠᠤᠯᠢ ᠠᠴᠠ ᠵᠥᠷᠢᠴᠡᠨ | ᠪᠣᠷᠣᠯᠠᠭᠤᠯᠵᠤ ᠬᠤᠳᠠᠯᠳᠤᠭᠰᠠᠨ ᠦᠢᠯᠡ ᠠᠵᠢᠯᠯᠠᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠬᠡᠵᠦ ᠲᠣᠷᠭᠠᠨ᠎ᠠ᠃ | ᠲᠠᠸᠠᠷ ᠪᠣᠷᠣᠯᠠᠭᠤᠯᠤᠭᠴᠢ ᠬᠢᠭᠡᠳ ᠲᠠᠸᠠᠷ ᠦᠢᠯᠡᠳᠪᠦᠷᠢᠯᠡᠬᠦ ᠠᠵᠤ ᠠᠬᠤᠶᠢᠯᠠᠯ ᠤᠨ ᠳᠡᠭᠡᠳᠦ ᠳᠣᠣᠷᠠᠳᠤ | ᠬᠡᠯᠬᠢᠶ᠎ᠡ ᠪᠠᠷ ᠢᠶᠠᠨ ᠬᠠᠮᠵᠢᠯᠴᠠᠨ ᠪᠠᠶᠢᠵᠤ ᠪᠣᠬᠢᠷᠳᠤᠯ ᠦᠭᠡᠢ᠂ ᠳᠥᠭᠦᠮ ᠪᠣᠷᠣᠭᠵᠢᠭᠤᠨ ᠢᠶᠠᠷ ᠪᠣᠭᠤᠳᠠᠯᠯᠠᠵᠤ | ᠪᠠᠭᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠳᠤ ᠨᠢ ᠵᠣᠷᠢᠭᠵᠢᠭᠤᠯᠤᠯ ᠦᠵᠡᠭᠦᠯᠦᠨ᠎ᠡ᠃ ︵ᠥᠪᠡᠷᠲᠡᠭᠡᠨ | ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠡᠵᠡᠩᠨᠡᠭᠴᠢᠳ ᠲᠤ | ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠠ | ᠪᠠᠷᠢᠮᠵᠢᠶ᠎ᠠ ᠶᠢ ᠤᠯᠠᠮ ᠨᠢᠭᠡ ᠠᠯᠬᠤᠮ ᠤᠬᠠᠭᠤᠯᠵᠤ᠂ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ | ᠱᠠᠭᠠᠷᠳᠠᠯᠭ᠎ᠠ ᠨᠢᠭᠡᠳᠦᠯᠲᠡᠢ ᠪᠠᠶᠢᠬᠤ ᠶᠢ ᠠᠬᠢᠭᠤᠯᠤᠨ ᠪᠡᠶᠡᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠮᠧᠢ ᠲᠤᠸᠠᠨ ᠵᠡᠷᠭᠡ | ᠭᠠᠳᠠᠭᠰᠢ ᠪᠠᠨ ᠬᠤᠳᠠᠯᠳᠤᠬᠤ ᠲᠠᠪᠴᠠᠩ ᠢ ᠰᠢᠮᠳᠠᠭᠤᠯᠵᠤ ᠪᠠᠶᠢᠭᠠᠳ ᠲᠠᠪᠴᠠᠩ ᠤᠨ ᠳᠦᠷᠢᠮ ᠢᠶᠠᠨ | ᠲᠡᠭᠦᠯᠳᠡᠷᠵᠢᠭᠦᠯᠦᠨ᠂ ︽ᠬᠤᠭᠤᠯᠠᠨ ᠤ ᠰᠠᠪᠠ ᠬᠡᠷᠡᠭᠰᠡᠯ ᠦᠯᠦ ᠬᠡᠷᠡᠭᠰᠡᠬᠦ︾ ᠰᠣᠩᠭᠤᠯᠲᠠ ᠶᠢ ᠲᠣᠬᠢᠷᠠᠭᠤᠯᠤᠨ | ᠨᠡᠭᠡᠭᠡᠨ᠎ᠡ᠃ ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ | ᠢᠳᠡᠭᠡᠨ ᠤᠮᠳᠠᠭᠠᠨ ᠡᠵᠡᠩᠨᠡᠭᠴᠢᠳ ᠢ ᠰᠢᠮᠳᠠᠭᠤᠯᠤᠨ ᠵᠢᠯᠤᠭᠤᠳᠴᠤ ᠪᠠᠶᠢᠭᠠᠳ ᠭᠠᠳᠠᠭᠰᠢ ᠪᠠᠨ ᠬᠤᠳᠠᠯᠳᠤᠬᠤ | ᠪᠣᠭᠤᠳᠠᠯ ᠪᠠᠭᠯᠠᠭ᠎ᠠ ᠶᠢᠨ ᠲᠦᠷᠦᠯ ᠬᠡᠯᠪᠡᠷᠢ ᠶᠢ ᠨᠢ ᠲᠣᠳᠣᠷᠬᠠᠢ ᠲᠣᠭᠲᠠᠭᠠᠯᠭᠠᠬᠤ ᠶᠢᠨ ᠬᠠᠮᠲᠤ ᠬᠠᠤᠯᠢ ᠶᠣᠰᠣᠭᠠᠷ | ᠦᠨ᠎ᠡ ᠬᠠᠩᠰᠢ ᠶᠢ ᠨᠢ ᠢᠯᠡ ᠬᠠᠳᠠᠭᠤᠯᠤᠨᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠣᠷᠳᠣᠨ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠲᠠᠸᠠᠷ ᠢ ᠲᠤᠰᠢᠶᠠᠨ ᠥᠭᠬᠦ ᠭᠤᠭᠴᠣᠭᠠᠨ ᠳᠠᠬᠢ ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ | ᠪᠠᠭᠠᠰᠬᠠᠬᠤ ᠪᠠᠨ ᠠᠬᠢᠭᠤᠯᠤᠨ᠎ᠠ᠃ ᠢᠯᠡᠭᠡᠨ ᠬᠦᠷᠭᠡᠬᠦ ᠠᠵᠤ ᠠᠬᠤᠶᠢᠯᠠᠯ ᠢ ᠰᠢᠮᠳᠠᠭᠤᠯᠤᠨ ᠵᠢᠯᠤᠭᠤᠳᠴᠤ ᠪᠠᠶᠢᠭᠠᠳ | ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠠᠵᠢᠯᠯᠠᠭᠠᠨ ᠤ ᠵᠢᠷᠤᠮᠵᠢᠯ ᠢ ᠨᠢ ᠪᠠᠶᠢᠭᠤᠯᠤᠨ ᠪᠦᠷᠢᠨᠰᠢᠭᠦᠯᠵᠦ᠂ | ᠠᠵᠢᠯ ᠡᠷᠬᠢᠯᠡᠭᠰᠡᠳ ᠲᠤ ᠪᠣᠭᠤᠳᠠᠯᠯᠠᠵᠤ ᠪᠠᠭᠯᠠᠬᠤ ᠲᠠᠯ᠎ᠠ ᠪᠠᠷ ᠬᠢ ᠵᠢᠷᠣᠮᠵᠢᠭᠤᠨ ᠪᠣᠯᠪᠠᠰᠤᠷᠠᠯ ᠬᠦᠷᠲᠡᠭᠡᠬᠦ ᠪᠠᠨ | ᠴᠢᠩᠭᠠᠳᠬᠠᠨ᠎ᠠ᠃ ᠢᠯᠡᠭᠡᠨ ᠬᠦᠷᠭᠡᠬᠦ ᠠᠵᠤ ᠠᠬᠤᠶᠢᠯᠠᠯ ᠤᠨ ᠰᠢᠤᠳᠠᠨ ᠤ ᠵᠦᠢᠯ ᠲᠦᠷᠭᠡᠨ ᠢᠯᠡᠭᠡᠯᠲᠡ ᠶᠢᠨ | ᠵᠦᠢᠯ ᠤᠨ ᠪᠣᠭᠤᠳᠠᠯ ᠪᠠᠭᠯᠠᠭ᠎ᠠ ᠶᠢᠨ ᠠᠵᠢᠯᠯᠠᠭᠠᠨ ᠤ ᠵᠢᠷᠤᠮᠵᠢᠯ ᠢ ᠪᠦᠷᠢᠳᠬᠡᠨ ᠳᠠᠩᠰᠠᠯᠠᠵᠣ ᠬᠠᠮᠢᠶᠠᠷᠬᠤ ᠠᠵᠢᠯ ᠢ | ᠥᠷᠨᠢᠭᠦᠯᠦᠨ᠎ᠡ᠃ ᠢᠯᠡᠭᠡᠨ ᠬᠦᠷᠭᠡᠬᠦ ᠠᠵᠤ ᠠᠬᠤᠶᠢᠯᠠᠯ ᠤᠨ ᠤᠷᠴᠢᠯᠳᠤᠭᠤᠯᠤᠨ ᠬᠡᠷᠡᠭᠯᠡᠵᠦ ᠪᠣᠯᠬᠤ᠂ ᠡᠭᠡᠭᠦᠯᠦᠨ | ᠬᠤᠷᠢᠶᠠᠬᠤ ᠳᠤ ᠳᠥᠭᠦᠮ᠂ ᠵᠠᠳᠠᠷᠠᠮᠠᠬᠠᠢ ᠣᠷᠣᠯᠠᠬᠤ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠬᠡᠷᠡᠭᠯᠡᠬᠦ ᠶᠢ ᠨᠢ | ᠵᠣᠷᠢᠭᠵᠢᠭᠤᠯᠵᠤ᠂ ᠬᠦᠨᠳᠦᠴᠡ ᠪᠠᠭᠠᠲᠠᠢ ᠳᠠᠭᠠᠭᠠᠴᠠ ᠶᠡᠬᠡᠲᠡᠢ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭᠠᠲᠤ | ᠴᠠᠭᠠᠰᠤᠨ ᠬᠠᠶᠢᠷᠴᠠᠭ᠂ ᠴᠠᠪᠠᠤ ᠦᠭᠡᠢ ᠴᠠᠭᠠᠰᠤᠨ ᠬᠠᠶᠢᠷᠴᠠᠭ ᠢ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ | ᠰᠦᠯᠢᠶᠥᠦ ᠴᠢᠭᠵᠢᠶᠡᠰᠦ ᠶᠢᠨ ᠵᠦᠢᠯ ᠢ ᠬᠡᠷᠡᠭᠯᠡᠬᠦ ᠶᠢ ᠨᠢ ᠪᠠᠭᠠᠰᠬᠠᠨ᠎ᠠ᠃ ︵ᠥᠪᠥᠷ ᠮᠣᠩᠭᠤᠯ ᠤᠨ ᠰᠢᠤᠳᠠᠨ ᠤ | ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠦᠷᠭᠡᠨ ᠢᠯᠡᠭᠡᠯᠲᠡ ᠶᠢᠨ | ᠪᠣᠭᠤᠳᠠᠯ ᠪᠠᠭᠯᠠᠭ᠎ᠠ ᠶᠢᠨ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢᠯᠡᠭᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠦᠷᠭᠡᠨ | ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠪᠣᠬᠢᠷᠳᠤᠯ ᠦᠭᠡᠢ ᠪᠦᠲᠦᠭᠡᠭᠳᠡᠬᠦᠨ ᠤ ᠭᠡᠷᠡᠴᠢᠯᠡᠭᠡ ᠬᠢᠬᠦ ᠶᠢ ᠠᠬᠢᠭᠤᠯᠤᠨ᠎ᠠ | ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠨ᠎ᠠ︶ ᠢᠯᠡᠭᠡᠨ ᠬᠦᠷᠭᠡᠬᠦ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠪᠣᠬᠢᠷᠳᠤᠯ ᠦᠭᠡᠢ | ᠭᠡᠷᠡᠴᠢᠯᠡᠭᠡ ᠪᠠᠷ ᠪᠠᠲᠤᠯᠠᠭᠳᠠᠭᠰᠠᠨ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠪᠦᠲᠦᠭᠡᠭᠳᠡᠬᠦᠨ ᠢ | ᠤᠷᠢᠳ ᠢᠶᠠᠷ ᠬᠤᠳᠠᠯᠳᠤᠨ ᠠᠪᠴᠤ ᠬᠡᠷᠡᠭᠯᠡᠭᠦᠯᠦᠨ᠎ᠡ᠃ ︵ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ ᠬᠠᠷᠢᠭᠤᠴᠠᠨ᠎ᠠ︶ ᠡᠯᠧᠺᠲᠷᠣᠨ ᠬᠤᠳᠠᠯᠳᠤᠭᠠᠨ ᠤ ᠲᠠᠪᠴᠠᠩᠲᠤ ᠠᠵᠤ ᠠᠬᠤᠶᠢᠯᠠᠯ ᠢ ᠦᠷᠭᠦᠯᠵᠢᠯᠡᠨ | ᠬᠥᠲᠥᠯᠥᠨ ᠵᠢᠯᠤᠭᠤᠳᠴᠤ ᠪᠠᠶᠢᠭᠠᠳ ᠪᠣᠭᠤᠳᠠᠯᠯᠠᠵᠤ ᠪᠠᠭᠯᠠᠬᠤ ᠭᠤᠭᠴᠣᠭᠠᠨ ᠳᠤ ᠪᠠᠷᠢᠮᠵᠢᠶᠠᠵᠢᠭᠤᠯᠤᠨ | ᠠᠵᠢᠯᠯᠠᠭᠤᠯᠵᠤ᠂ ᠬᠤᠪᠠᠨᠴᠢᠷ ᠲᠠᠶᠢᠫ ᠬᠡᠷᠡᠭᠯᠡᠬᠦ ᠶᠢ ᠪᠠᠭᠠᠰᠬᠠᠵᠤ᠂ ᠬᠠᠭᠠᠷᠠᠵᠤ ᠬᠡᠮᠬᠡᠷᠡᠬᠦ ᠵᠦᠢᠯ ᠠᠴᠠ ᠪᠤᠰᠤᠳ ᠢ | ᠳᠠᠬᠢᠵᠤ ᠬᠤᠶᠠᠳᠠᠭᠢ ᠤᠳᠠᠭ᠎ᠠ ᠪᠣᠭᠤᠳᠠᠯᠯᠠᠨ ᠪᠠᠭᠯᠠᠬᠤ ᠦᠭᠡᠢ ᠪᠣᠯᠭᠠᠨ᠎ᠠ᠃ ︵ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠬᠠᠷᠢᠭᠤᠴᠠᠨ᠎ᠠ︶ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ | ᠬᠢᠭᠡᠳ ᠢᠯᠡᠭᠡᠨ ᠬᠦᠷᠭᠡᠬᠦ᠂ ᠦᠢᠯᠡᠳᠪᠦᠷᠢᠯᠡᠬᠦ ᠠᠵᠤ ᠠᠬᠤᠶᠢᠯᠠᠯ ᠵᠡᠷᠭᠡ ᠶᠢᠨ ᠳᠡᠭᠡᠳᠦ ᠳᠣᠣᠷᠠᠳᠤ ᠬᠡᠯᠬᠢᠶ᠎ᠡ ᠪᠠᠷ ᠢᠶᠠᠨ | ᠬᠠᠮᠵᠢᠯᠴᠠᠬᠤ ᠶᠢ ᠦᠷᠭᠦᠯᠵᠢᠯᠡᠨ ᠠᠬᠢᠭᠤᠯᠵᠤ᠂ ᠪᠦᠲᠦᠭᠡᠭᠳᠡᠬᠦᠨ ᠤ ᠪᠣᠭᠤᠳᠠᠯ ᠪᠠᠭᠯᠠᠭ᠎ᠠ᠂ ᠪᠣᠷᠣᠯᠠᠭᠤᠯᠤᠯᠲᠠ ᠶᠢᠨ | ᠪᠣᠭᠤᠳᠠᠯ ᠪᠠᠭᠯᠠᠭ᠎ᠠ ᠪᠠ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢ ᠨᠢᠭᠡ ᠴᠣᠭᠴᠠᠵᠢᠭᠤᠯᠬᠤ ᠶᠢ | ᠠᠬᠢᠭᠤᠯᠤᠨ᠂ ᠡᠯᠧᠺᠲᠷᠣᠨ ᠬᠤᠳᠠᠯᠳᠤᠭᠠᠨ ᠤ ᠲᠦᠷᠭᠡᠨ ᠢᠯᠡᠭᠡᠯᠲᠡ ᠶᠢᠨ ᠵᠦᠢᠯ ᠢ ᠤᠤᠯ ᠪᠣᠭᠤᠳᠠᠯ ᠪᠠᠭᠯᠠᠭ᠎ᠠ ᠪᠠᠷ | ᠨᠢ ᠰᠢᠭᠤᠳ ᠶᠠᠪᠤᠭᠤᠯᠬᠤ᠂ ᠳᠡᠭᠡᠳᠦ ᠬᠡᠯᠬᠢᠶ᠎ᠡ ᠲᠡᠶᠢᠰᠢ ᠪᠠᠨ ᠤᠷᠢᠳᠠᠴᠢ ᠪᠣᠭᠤᠳᠠᠯᠯᠠᠵᠤ ᠪᠠᠭᠯᠠᠬᠤ ᠦᠢᠯᠡᠴᠢᠯᠡᠭᠡᠨ | ᠬᠠᠩᠭᠠᠬᠤ ᠵᠡᠷᠭᠡ ᠠᠷᠭ᠎ᠠ ᠮᠠᠶ᠋ᠢᠭ ᠢ ᠳᠡᠯᠭᠡᠷᠡᠭᠦᠯᠦᠨ᠎ᠡ᠃ ᠢᠯᠡᠭᠡᠨ ᠬᠦᠷᠭᠡᠬᠦ ᠠᠵᠤ ᠠᠬᠤᠶᠢᠯᠠᠯ ᠬᠢᠭᠡᠳ ᠡᠯᠧᠺᠲᠷᠣᠨ | ᠬᠤᠳᠠᠯᠳᠤᠭᠠᠨ ᠤ ᠲᠠᠪᠴᠠᠩ ᠤᠨ ᠬᠠᠮᠵᠢᠯᠴᠠᠭ᠎ᠠ ᠶᠢ ᠵᠣᠷᠢᠭᠵᠢᠭᠤᠯᠤᠨ᠂ ᠬᠡᠷᠡᠭᠯᠡᠭᠴᠢᠳ ᠲᠤ ᠪᠣᠬᠢᠷᠳᠤᠯ ᠦᠭᠡᠢ | ᠪᠣᠭᠤᠳᠠᠯ ᠪᠠᠭᠯᠠᠭᠠᠲᠤ ᠪᠦᠲᠦᠭᠡᠭᠳᠡᠬᠦᠨ ᠤ ᠰᠣᠩᠭᠤᠯᠲᠠ ᠶᠢ ᠴᠤᠭᠭᠠᠷ ᠬᠠᠩᠭᠠᠬᠤ ᠶᠢᠨ ᠬᠠᠮᠲᠤ᠂ ᠨᠡᠶᠢᠲᠡ | ᠬᠤᠪᠢ ᠪᠠᠷ ᠤᠷᠮᠠᠰᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠥᠲᠥᠯᠥᠨ ᠵᠢᠯᠤᠭᠤᠳᠴᠤ ᠬᠡᠷᠡᠭᠯᠡᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠲᠠᠪᠤ︶ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠪᠠ ᠰᠢᠢᠳᠪᠦᠷᠢᠯᠡᠬᠦ ᠶᠢ | ᠴᠢᠩᠭᠠᠳᠬᠠᠨ᠎ᠠ᠃ ᠵᠠᠬ᠎ᠠ ᠳᠡᠯᠭᠡᠭᠦᠷᠴᠢᠯᠡᠭᠰᠡᠨ ᠬᠤᠳᠠᠯᠳᠤᠭᠠᠴᠢᠨ ᠤᠷᠢᠬᠤ ᠵᠡᠷᠭᠡ ᠠᠷᠭ᠎ᠠ ᠮᠠᠶ᠋ᠢᠭ ᠢᠶᠠᠷ | ᠲᠤᠰᠬᠠᠶᠢᠵᠢᠭᠰᠠᠨ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠳ ᠢ ᠲᠠᠲᠠᠨ ᠣᠷᠣᠭᠤᠯᠬᠤ ᠶᠢ ᠵᠣᠷᠢᠭᠵᠢᠭᠤᠯᠵᠤ᠂ | ᠬᠤᠲᠠ ᠶᠢᠨ ᠨᠢᠭᠡ ᠮᠥᠴᠡ ᠶᠢᠨ ᠬᠡᠪᠴᠢᠶᠡᠨ ᠳᠤ ᠭᠦᠢᠴᠡᠳᠬᠡᠬᠦ ᠠᠷᠠᠳ ᠲᠤ ᠳᠥᠭᠦᠮ ᠦᠵᠡᠭᠦᠯᠬᠦ ᠠᠵᠤ | ᠠᠮᠢᠳᠤᠷᠠᠯ ᠤᠨ ᠲᠣᠭᠤᠷᠢᠭ ᠤᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ | ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠴᠡᠭ ᠤᠨ ᠨᠡᠶᠢᠭᠡᠮ ᠲᠣᠭᠤᠷᠢᠭ ᠲᠤ ᠣᠷᠣᠵᠤ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠪᠣᠳᠠᠰ ᠤᠳ ᠢ ᠡᠭᠡᠭᠦᠯᠦᠨ ᠬᠤᠷᠢᠶᠠᠬᠤ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠭᠤᠣᠯᠳᠠᠯᠭ᠎ᠠ ᠪᠣᠯᠬᠤ ᠬᠠᠷᠢᠯᠴᠠᠬᠤ ᠠᠵᠤ ᠠᠬᠤᠶᠢᠯᠠᠯ | ᠲᠠᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠲᠥᠷᠥᠯ ᠤᠨ ᠣᠳᠣᠬᠢ ᠪᠠᠶᠢᠳᠠᠯ ᠢ ᠮᠥᠷᠳᠡᠨ ᠵᠠᠳᠠᠯᠤᠨ᠎ᠠ᠃ | ︵ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠬᠤ ᠠᠵᠢᠯ ᠢ ᠠᠬᠢᠭᠤᠯᠤᠨ᠂ ᠠᠮᠢᠳᠤᠷᠠᠯ ᠤᠨ | ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠬᠦ ᠲᠣᠭᠲᠠᠯᠴᠠᠭ᠎ᠠ ᠶᠢ ᠪᠦᠷᠢᠨᠰᠢᠭᠦᠯᠵᠦ᠂ ᠠᠮᠢᠳᠤᠷᠠᠯ ᠤᠨ ᠬᠤᠭ | ᠨᠣᠪᠰᠢ ᠶᠢᠨ ᠡᠬᠢ ᠢᠷᠡᠯᠲᠡ ᠠᠴᠠ ᠨᠢ ᠲᠥᠷᠥᠯ ᠬᠤᠪᠢᠶᠠᠬᠤ ᠯᠤᠭ᠎ᠠ ᠲᠣᠬᠢᠷᠠᠯᠴᠠᠭᠰᠠᠨ ᠲᠥᠷᠥᠯ ᠬᠤᠪᠢᠶᠠᠨ | ᠴᠤᠭᠯᠠᠭᠤᠯᠬᠤ ᠪᠡᠯᠡᠳᠬᠡᠮᠵᠢ ᠪᠠ ᠲᠥᠷᠥᠯ ᠬᠤᠪᠢᠶᠠᠨ ᠵᠥᠭᠡᠭᠡᠪᠦᠷᠢᠯᠡᠬᠦ ᠲᠥᠬᠦᠭᠡᠷᠦᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠬᠠᠶᠠᠭᠳᠠᠮᠠᠯ ᠪᠣᠭᠤᠳᠠᠯᠯᠠᠵᠤ ᠪᠠᠭᠯᠠᠭᠰᠠᠨ ᠪᠣᠳᠠᠰ ᠢ ᠡᠭᠡᠭᠦᠯᠦᠨ ᠬᠤᠷᠢᠶᠠᠵᠤ ᠴᠡᠪᠡᠷᠯᠡᠨ | ᠵᠥᠭᠡᠭᠡᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠣᠨ᠎ᠡ᠃ ︵ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠬᠤᠶᠠᠷ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠤᠨ᠎ᠠ | ︵ᠵᠢᠷᠭᠤᠭ᠎ᠠ︶ ᠠᠵᠢᠯ ᠲᠦᠷᠦᠯ ᠤᠨ ᠬᠠᠮᠢᠶᠠᠷᠤᠯᠲᠠ ᠪᠠᠨ ᠴᠢᠩᠭᠠᠳᠬᠠᠨ᠎ᠠ᠃ ᠲᠠᠸᠠᠷ ᠦᠢᠯᠡᠳᠪᠦᠷᠢᠯᠡᠬᠦ᠂ | ᠪᠣᠷᠣᠯᠠᠭᠤᠯᠬᠤ᠂ ᠲᠤᠰᠢᠶᠠᠨ ᠥᠭᠬᠦ ᠵᠡᠷᠭᠡ ᠭᠤᠭᠴᠣᠭᠠᠨ ᠳᠠᠬᠢ ᠡᠵᠡᠩᠨᠡᠭᠴᠢ ᠶᠢ ᠰᠢᠮᠳᠠᠭᠤᠯᠵᠤ ᠪᠠᠶᠢᠭᠠᠳ ᠬᠡᠳᠤ | ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠲᠦᠷᠭᠡᠨ | ᠢᠯᠡᠭᠡᠯᠲᠡ ᠶᠢᠨ ᠡᠯ᠎ᠡ ᠭᠤᠭᠴᠣᠭᠠᠨ ᠳᠠᠬᠢ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠡᠷᠴᠢᠮ ᠢᠶᠠᠨ ᠴᠢᠩᠭᠠᠷᠠᠭᠤᠯᠤᠨ᠂ ᠬᠦᠨᠳᠦ ᠲᠡᠮᠦᠷᠯᠢᠭ ᠪᠠ ᠣᠨᠴᠠᠭᠠᠢ | ᠪᠣᠳᠠᠰ ᠤᠨ ᠪᠠᠷᠢᠮᠵᠢᠶ᠎ᠠ ᠠᠴᠠ ᠬᠡᠲᠦᠷᠡᠭᠰᠡᠨ ᠪᠣᠭᠤᠳᠠᠯᠯᠠᠵᠤ ᠪᠠᠭᠯᠠᠬᠤ ᠤᠭᠤᠲᠠ᠂ ᠬᠡᠲᠦ ᠪᠣᠭᠤᠳᠠᠯᠯᠠᠵᠤ ᠪᠠᠭᠯᠠᠬᠤ ᠪᠠ | ᠲᠠᠪᠠ ᠪᠠᠷ ᠪᠣᠭᠤᠳᠠᠯᠯᠠᠵᠤ ᠪᠠᠭᠯᠠᠬᠤ ᠬᠤᠶᠠᠷ ᠲᠤᠰᠬᠠᠢ ᠵᠠᠰᠠᠯᠲᠠ ᠶᠢ ᠦᠷᠭᠦᠯᠵᠢᠯᠡᠨ ᠥᠷᠨᠢᠭᠦᠯᠦᠨ᠎ᠡ᠃ ᠢᠯᠡᠭᠡᠨ | ᠬᠦᠷᠭᠡᠬᠦ ᠠᠵᠤ ᠠᠬᠤᠶᠢᠯᠠᠯ ᠤᠳ ᠢ ᠰᠢᠮᠳᠠᠭᠤᠯᠵᠤ ᠪᠠᠶᠢᠭᠠᠳ ᠵᠥᠪᠯᠡᠯᠴᠡᠭᠡᠷ ᠲᠣᠭᠲᠠᠭᠰᠠᠨ ᠬᠡᠷᠡᠭᠯᠡᠭᠴᠢ ᠳᠤ | ᠥᠪᠡᠰᠦᠪᠡᠨ ᠪᠣᠭᠤᠳᠠᠯ ᠪᠠᠭᠯᠠᠭ᠎ᠠ ᠪᠡᠯᠡᠳᠬᠡᠬᠦ ᠶᠢ ᠪᠢᠴᠢᠭ ᠢᠶᠠᠷ ᠮᠡᠳᠡᠭᠳᠡᠬᠦ ᠡᠭᠦᠷᠭᠡ ᠶᠢ ᠨᠢ ᠭᠦᠢᠴᠡᠳᠬᠡᠯᠭᠡᠵᠦ᠂ | ᠪᠣᠭᠤᠳᠠᠯ ᠪᠠᠭᠯᠠᠭ᠎ᠠ ᠶᠢᠨ ᠬᠡᠮᠵᠢᠶ᠎ᠡ ᠶᠢ ᠨᠢ ᠪᠠᠭᠠᠰᠬᠠᠬᠤ᠂ ᠪᠠᠷᠢᠮᠵᠢᠶᠠᠵᠢᠭᠤᠯᠬᠤ᠂ ᠤᠷᠴᠢᠯᠳᠤᠭᠤᠯᠬᠤ ᠵᠡᠷᠭᠡ | ᠱᠠᠭᠠᠷᠳᠠᠯᠭ᠎ᠠ ᠶᠢ ᠢᠯᠡᠭᠡᠯᠲᠡ ᠶᠢᠨ ᠵᠦᠢᠯ ᠢ ᠬᠦᠯᠢᠶᠡᠨ ᠠᠪᠬᠤ ᠦᠢᠯᠡᠴᠢᠯᠡᠭᠡᠨ ᠤ ᠵᠥᠪᠯᠡᠯᠴᠡᠭᠡᠷ ᠲᠤ ᠪᠠᠨ | ᠣᠷᠤᠭᠤᠯᠬᠤ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠠᠵᠤ ᠠᠬᠤᠶᠢᠯᠠᠯ ᠤᠳ ᠢ ᠰᠢᠮᠳᠠᠭᠤᠯᠵᠤ | ᠪᠠᠶᠢᠭᠠᠳ ᠳᠠᠬᠢᠨ ᠳᠠᠪᠲᠠᠨ ᠬᠡᠷᠡᠭᠯᠡᠵᠦ ᠪᠣᠯᠬᠤ᠂ ᠡᠭᠡᠭᠦᠯᠦᠨ ᠬᠤᠷᠢᠶᠠᠵᠤ ᠠᠰᠢᠭᠯᠠᠬᠤ ᠳᠤ ᠠᠮᠠᠷᠬᠠᠨ ᠪᠣᠭᠤᠳᠠᠯ | ᠪᠠᠭᠯᠠᠭ᠎ᠠ ᠶᠢ ᠡᠩ ᠲᠡᠷᠢᠭᠦᠨ ᠳᠤ ᠬᠡᠷᠡᠭᠯᠡᠭᠦᠯᠦᠨ᠂ ᠬᠦᠢᠲᠡᠨ ᠬᠡᠯᠬᠢᠶᠡᠨ ᠳᠤ ᠣᠷᠴᠢᠯᠳᠤᠭᠤᠯᠤᠨ ᠬᠡᠷᠡᠭᠯᠡᠵᠦ ᠪᠣᠯᠬᠤ | ᠪᠣᠬᠢᠷᠳᠤᠯ ᠦᠭᠡᠢ ᠳᠠᠮᠵᠢᠭᠤᠯᠬᠤ ᠬᠠᠶᠢᠷᠴᠠᠭ ᠢ ᠬᠡᠷᠡᠭᠯᠡᠭᠦᠯᠦᠨ᠎ᠡ᠃ ᠤᠯᠤᠰ ᠤᠨ ᠬᠡᠳᠦ ᠪᠣᠭᠤᠳᠠᠯᠯᠠᠵᠤ ᠪᠠᠭᠯᠠᠬᠤ ᠶᠢ | ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠬᠠᠭᠤᠯᠭ᠎ᠠ ᠬᠢᠵᠦ ᠪᠣᠯᠪᠠᠰᠤᠷᠠᠯ ᠬᠦᠷᠲᠡᠭᠡᠬᠦ | ᠡᠷᠴᠢᠮ ᠢᠶᠠᠨ ᠴᠢᠩᠭᠠᠷᠠᠭᠤᠯᠤᠨ᠂ ᠠᠵᠤ ᠠᠬᠤᠶᠢᠯᠠᠯ ᠤᠳ ᠢ ᠪᠣᠭᠤᠳᠠᠯ ᠪᠠᠭᠯᠠᠭ᠎ᠠ ᠶᠢᠨ ᠡᠵᠡᠯᠡᠬᠦᠨ ᠬᠦᠨᠳᠦᠴᠡ ᠶᠢ | ᠪᠠᠭᠤᠷᠠᠭᠤᠯᠵᠤ᠂ ᠪᠣᠭᠤᠳᠠᠯᠯᠠᠵᠤ ᠪᠠᠭᠯᠠᠬᠤ ᠥᠪᠡᠷ ᠤᠨ ᠦᠷᠲᠡᠭ ᠢᠶᠠᠨ ᠠᠷᠪᠢᠯᠠᠭᠤᠯᠬᠤ ᠪᠠᠷ ᠬᠥᠲᠥᠯᠥᠨ | ᠵᠢᠯᠤᠭᠤᠳᠴᠤ᠂ ᠤᠯᠤᠰ ᠤᠨ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠦᠯᠦ | ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠳᠤ ᠬᠠᠨᠳᠤᠭᠤᠯᠤᠨ ᠰᠠᠨᠠᠭᠤᠯᠤᠮᠵᠢ ᠥᠭᠬᠦ᠂ ᠰᠡᠷᠡᠮᠵᠢᠯᠡᠭᠦᠯᠭᠦ᠂ ᠪᠣᠯᠵᠣᠨ | ᠬᠡᠯᠡᠯᠴᠡᠬᠦ ᠵᠡᠷᠭᠡ ᠵᠠᠰᠠᠭ ᠵᠠᠬᠢᠷᠭᠠᠨ ᠤ ᠵᠢᠯᠤᠭᠤᠳᠬᠤ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ︵ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠦᠢᠯᠡᠳᠪᠦᠷᠢᠯᠡᠯ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ | ᠪᠠᠭᠯᠠᠬᠤ ᠶᠢ ᠬᠢᠵᠠᠭᠠᠷᠯᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠬᠠᠮᠢᠶ᠎ᠠ ᠪᠦᠬᠦᠢ ᠪᠠᠷᠢᠮᠵᠢᠶ᠎ᠠ ᠶᠢ ᠤᠬᠠᠭᠤᠯᠬᠤ | ᠡᠷᠴᠢᠮ ᠢᠶᠠᠨ ᠴᠢᠩᠭᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ ᠬᠠᠷᠢᠭᠤᠴᠠᠨ᠎ᠠ︶ | ︵ᠳᠣᠯᠤᠭ᠎ᠠ︶ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠷᠠᠭᠤᠯᠤᠨ᠎ᠠ᠃ ᠦᠨᠳᠦᠰᠦᠨ | ᠱᠠᠲᠤᠨ ᠤ ᠬᠠᠤᠯᠢ ᠬᠡᠷᠡᠭᠵᠢᠭᠦᠯᠦᠭᠴᠢᠳ ᠲᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ | ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶᠠᠨ ᠤ ᠪᠣᠯᠪᠠᠰᠤᠷᠠᠯ ᠬᠦᠷᠲᠡᠭᠡᠬᠦ ᠪᠠᠨ ᠴᠢᠩᠭᠠᠷᠠᠭᠤᠯᠵᠤ᠂ ᠬᠠᠤᠯᠢ | ᠬᠡᠷᠡᠭᠵᠢᠭᠦᠯᠬᠦ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠬᠡᠲᠦ ᠪᠣᠭᠤᠳᠠᠯᠯᠠᠵᠤ ᠪᠠᠭᠯᠠᠭᠰᠠᠨ ᠢ ᠰᠤᠭᠤᠴᠢᠨ | ᠪᠠᠶᠢᠴᠠᠭᠠᠵᠤ ᠰᠢᠯᠭᠠᠨ ᠪᠠᠶᠢᠴᠠᠭᠠᠬᠤ ᠪᠠᠨ ᠴᠢᠩᠭᠠᠳᠬᠠᠵᠤ᠂ ᠶᠧᠪᠡᠩ ᠵᠡᠷᠭᠡ ᠪᠡᠯᠡᠭ ᠰᠡᠯᠲᠡ ᠦᠢᠯᠡᠳᠪᠦᠷᠢᠯᠡᠨ | ᠪᠣᠷᠣᠯᠠᠭᠤᠯᠬᠤ ᠠᠵᠤ ᠠᠬᠤᠶᠢᠯᠠᠯ ᠤᠨ ᠪᠠᠷᠢᠮᠵᠢᠶ᠎ᠠ ᠶᠢ ᠬᠡᠷᠡᠭᠵᠢᠭᠦᠯᠦᠭᠰᠡᠨ ᠪᠠᠶᠢᠳᠠᠯ ᠳᠤ ᠰᠤᠭᠤᠴᠢᠨ ᠪᠠᠶᠢᠴᠠᠭᠠᠯᠲᠠ | ᠬᠢᠵᠦ᠂ ᠬᠠᠤᠯᠢ ᠬᠡᠷᠡᠭᠵᠢᠭᠦᠯᠵᠦ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠴᠢᠬᠤᠯᠠ ᠴᠠᠭ | ᠤᠯᠠᠷᠢᠯ᠂ ᠭᠤᠣᠯᠳᠠᠯᠭ᠎ᠠ ᠪᠣᠯᠬᠤ ᠠᠵᠢᠯ ᠲᠥᠷᠥᠯ ᠪᠠ ᠴᠢᠬᠤᠯᠠ ᠪᠦᠬᠦᠢ ᠦᠢᠯᠡᠳᠪᠦᠷᠢᠯᠡᠨ ᠡᠵᠡᠩᠨᠡᠬᠦ ᠠᠵᠤ | ᠠᠬᠤᠶᠢᠯᠠᠯ ᠤᠳ ᠲᠤ ᠴᠢᠭᠯᠡᠭᠦᠯᠦᠨ᠂ ᠶᠧᠪᠡᠩ᠂ ᠽᠦᠩᠽᠢ᠂ ᠴᠠᠢ᠂ ᠡᠷᠡᠭᠦᠯᠵᠢᠯ ᠤᠨ ᠢᠳᠡᠭᠡᠨ ᠤ ᠵᠦᠢᠯᠡᠰ᠂ ᠵᠠᠰᠠᠯ | ᠴᠢᠮᠡᠭᠯᠡᠯ ᠤᠨ ᠡᠳ᠋ ᠵᠡᠷᠭᠡ ᠭᠤᠣᠯ ᠪᠣᠯᠬᠤ ᠲᠠᠸᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠬᠡᠲᠦ ᠪᠣᠭᠤᠳᠠᠯᠯᠠᠵᠤ | ᠪᠠᠭᠯᠠᠭᠰᠠᠨ ᠲᠠᠸᠠᠷ ᠢ ᠦᠢᠯᠡᠳᠪᠦᠷᠢᠯᠡᠵᠦ ᠪᠣᠷᠣᠯᠠᠭᠤᠯᠤᠭᠰᠠᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠬᠡᠯᠬᠢᠶᠡᠰᠦᠲᠦ ᠴᠢᠨᠠᠷᠲᠠᠢ᠂ ᠳᠠᠯᠳᠠ ᠴᠢᠨᠠᠷᠲᠠᠢ | ᠬᠡᠷᠡᠭ ᠤᠳ ᠢ ᠭᠦᠨ ᠠᠭᠤᠳᠠᠯᠵᠤ ᠨᠠᠷᠢᠨ ᠪᠠᠶᠢᠴᠠᠭᠠᠬᠤ ᠬᠡᠷᠡᠭᠲᠡᠢ᠃ ᠬᠤᠨᠤᠭ ᠪᠠᠭᠤᠳᠠᠯ᠂ ᠬᠤᠭᠤᠯᠠᠨ ᠭᠡᠷ | ᠵᠡᠷᠭᠡ ᠶᠢᠨ ᠳᠡᠭᠡᠳᠦ ᠳᠡᠰ ᠤᠨ ᠵᠠᠬᠢᠶᠠᠯᠠᠭᠰᠠᠨ ᠪᠡᠯᠡᠭ ᠰᠡᠯᠲᠡ ᠬᠠᠩᠭᠠᠬᠤ ᠶᠠᠪᠤᠴᠠ ᠳᠠᠬᠢ ᠬᠡᠳᠦ ᠪᠣᠭᠤᠳᠠᠯᠯᠠᠵᠤ | ᠪᠠᠭᠯᠠᠬᠤ ᠦᠢᠯᠡ ᠠᠵᠢᠯᠯᠠᠭ᠎ᠠ ᠵᠢᠴᠢ ᠰᠣᠶᠣᠯ ᠤᠨ ᠡᠭᠦᠳᠦᠨ ᠪᠦᠲᠦᠭᠡᠯᠭᠡ ᠶᠢᠨ ᠨᠡᠷ᠎ᠡ ᠪᠠᠷ ᠲᠠᠸᠠᠷ ᠬᠡᠳᠦ | ᠪᠣᠭᠤᠳᠠᠯᠯᠠᠵᠤ ᠪᠠᠭᠯᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠡᠯᠧᠺᠲᠷᠣᠨ ᠬᠤᠳᠠᠯᠳᠤᠭᠠᠨ ᠤ ᠲᠠᠪᠴᠠᠩᠲᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠤᠨ ᠴᠢᠩᠭᠠᠳᠬᠠᠵᠤ᠂ ᠲᠡᠳᠡᠨ ᠢ ᠰᠢᠮᠳᠠᠭᠤᠯᠵᠤ ᠪᠠᠶᠢᠭᠠᠳ ᠲᠠᠪᠴᠠᠩ ᠳᠠᠬᠢ ᠡᠵᠡᠩᠨᠡᠭᠴᠢ ᠶᠢᠨ ᠭᠤᠣᠯ | ᠴᠣᠭᠴᠠᠲᠤ ᠬᠢᠷᠢ ᠬᠡᠮ ᠪᠠ ᠲᠠᠸᠠᠷ ᠤᠨ ᠮᠡᠳᠡᠭᠡ ᠵᠠᠩᠭᠢ ᠶᠢᠨ ᠬᠢᠨᠠᠨ ᠬᠠᠷᠭᠤᠭᠤᠯᠤᠯᠲᠠ ᠪᠠᠨ ᠴᠢᠩᠭᠠᠳᠬᠠᠯᠭᠠᠬᠤ ᠶᠢᠨ | ᠬᠠᠮᠲᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠢᠳᠡᠪᠬᠢᠲᠡᠢ ᠬᠠᠮᠵᠢᠯᠴᠠᠭᠤᠯᠤᠨ᠎ᠠ᠃ | ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠨᠢᠭᠡ ᠴᠣᠭᠴᠠᠵᠢᠭᠤᠯᠤᠨ ᠬᠢᠨᠠᠨ ᠬᠠᠮᠢᠶᠠᠷᠬᠤ ᠶᠢ | ᠪᠠᠷᠢᠮᠲᠠᠯᠠᠨ᠂ ᠡᠯᠧᠺᠲᠷᠣᠨ ᠬᠤᠳᠠᠯᠳᠤᠭᠠᠨ ᠤ ᠠᠷᠭ᠎ᠠ ᠵᠠᠮ ᠢᠶᠠᠷ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ | ᠪᠣᠷᠣᠯᠠᠭᠤᠯᠬᠤ ᠲᠠᠯ᠎ᠠ ᠪᠠᠷ ᠬᠢ ᠪᠠᠶᠢᠩᠭᠤᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠦᠯᠵᠢᠶᠡᠨ ᠳᠤ ᠬᠡᠳᠤ ᠪᠣᠭᠤᠳᠠᠯᠯᠠᠵᠤ ᠪᠠᠭᠯᠠᠭᠰᠠᠨ ᠲᠠᠸᠠᠷ | ᠪᠣᠷᠣᠯᠠᠭᠤᠯᠤᠨ ᠬᠤᠳᠠᠯᠳᠤᠵᠤ ᠪᠠᠶᠢᠭ᠎ᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ | ᠪᠠᠶᠢᠴᠠᠭᠠᠨ ᠰᠢᠢᠳᠪᠦᠷᠢᠯᠡᠨ᠎ᠡ᠃ ᠬᠡᠷᠡᠭᠯᠡᠭᠴᠢᠳ ᠤᠨ ᠵᠠᠭᠠᠯᠳᠤᠬᠤ ᠵᠠᠮ ᠮᠥᠷ ᠢ ᠰᠢᠯᠤᠭᠤᠳᠬᠠᠨ᠂ ᠰᠦᠯᠵᠢᠶᠡᠨ ᠳᠠᠬᠢ | ᠪᠠ ᠰᠦᠯᠵᠢᠶᠡᠨ ᠤ ᠭᠠᠳᠠᠭᠤᠷᠬᠢ ᠡᠯ᠎ᠡ ᠲᠥᠷᠥᠯ ᠤᠨ ᠰᠦᠪᠡᠭᠴᠢ ᠶᠢ ᠭᠦᠢᠴᠡᠳ ᠠᠭᠤᠳᠠᠯᠵᠤ᠂ ᠬᠡᠷᠡᠭᠯᠡᠭᠴᠢᠳ ᠤᠨ | ᠲᠤᠰᠬᠠᠯ ᠶᠡᠭᠡ ᠪᠠᠶᠢᠭ᠎ᠠ ᠲᠣᠪᠣᠶᠢᠮ᠎ᠠ ᠠᠰᠠᠭᠤᠳᠠᠯ ᠤᠳ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠠᠵᠤ ᠠᠬᠤᠶᠢᠯᠠᠯ ᠤᠨ ᠪᠣᠭᠤᠳᠠᠯ ᠪᠠᠭᠯᠠᠭ᠎ᠠ ᠶᠢᠨ ᠬᠤᠯᠪᠣᠭᠳᠠᠯ ᠪᠦᠬᠦᠢ ᠪᠠᠷᠢᠮᠵᠢᠶ᠎ᠠ ᠶᠢ ᠢᠯᠡ ᠪᠠᠷ ᠬᠡᠷᠡᠭᠵᠢᠭᠦᠯᠦᠭᠰᠡᠨ | ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠬᠢᠬᠦ ᠶᠢ ᠴᠢᠩᠭᠠᠳᠬᠠᠨ᠎ᠠ᠃ ᠴᠠᠭ ᠲᠤ ᠨᠢ | ᠲᠣᠬᠢᠷᠠᠭᠤᠯᠵᠤ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠨᠡᠶᠢᠭᠡᠮ ᠳᠤ ᠢᠯᠡᠷᠡᠭᠦᠯᠦᠨ ᠨᠡᠶᠢᠲᠡᠯᠡᠨ᠎ᠡ᠃ ︵ | ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠯ᠎ᠡ ᠠᠶᠢᠮᠠᠭ ᠬᠤᠲᠠ ᠶᠢ ᠵᠢᠯᠤᠭᠤᠳᠴᠤ | ᠪᠠᠶᠢᠭᠠᠳ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠯᠭᠠᠵᠦ᠂ ᠱᠠᠩᠨᠠᠵᠤ ᠵᠠᠯᠬᠠᠭᠠᠬᠤ ᠠᠷᠭ᠎ᠠ ᠬᠡᠮᠵᠢᠶ᠎ᠡ ᠶᠢ | ᠰᠤᠳᠤᠯᠤᠨ ᠲᠣᠭᠲᠠᠭᠠᠵᠤ᠂ ᠠᠰᠠᠭᠤᠳᠠᠯ ᠢᠶᠠᠨ ᠴᠡᠭᠴᠡᠯᠡᠨ ᠵᠠᠯᠠᠷᠠᠭᠤᠯᠬᠤ ᠶᠢ ᠰᠢᠮᠳᠠᠭᠤᠯᠵᠤ᠂ ᠲᠡᠷᠢᠭᠦᠨ ᠤ ᠬᠢ ᠶᠢ | ᠨᠢ ᠨᠡᠪᠲᠡᠷᠡᠭᠦᠯᠦᠨ ᠰᠠᠶᠢᠰᠢᠶᠠᠨ᠎ᠠ᠃ ︵ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ᠎ᠠ︶ ᠡᠯ᠎ᠡ ᠠᠶᠢᠮᠠᠭ ᠬᠤᠲᠠ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ | ᠨᠢᠭᠡᠴᠢ ᠶᠢᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠵᠦ ᠪᠠᠶᠢᠭ᠎ᠠ ᠠᠵᠢᠯ ᠤᠨ ᠠᠬᠢᠴᠠ ᠳᠤ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠪᠠ ᠳ᠋ᠦᠩᠨᠡᠯᠲᠡ ᠬᠢᠵᠦ᠂ ᠤᠯᠤᠰ ᠤᠨ ᠨᠢᠭᠡᠳᠦᠯᠲᠡᠢ | ᠪᠠᠶᠢᠷᠢᠯᠠᠭᠤᠯᠤᠯᠲᠠ ᠶᠢ ᠦᠨᠳᠦᠰᠦᠯᠡᠨ ᠨᠡᠶᠢᠭᠡᠮ ᠤᠨ ᠬᠠᠨᠤᠮᠵᠢ ᠶᠢᠨ ᠬᠡᠮᠵᠢᠶᠡᠨ ᠤ ᠪᠠᠶᠢᠴᠠᠭᠠᠯᠲᠠ ᠶᠢ ᠵᠣᠬᠢᠶᠠᠨ | ᠪᠠᠶᠢᠭᠤᠯᠵᠤ ᠥᠷᠨᠢᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠠᠴᠠ ᠬᠠᠷᠢᠭᠤᠴᠠᠨ᠎ᠠ︶ ᠲᠦᠷᠭᠡᠨ ᠢᠯᠡᠭᠡᠯᠲᠡ ᠶᠢᠨ ᠬᠡᠲᠦ ᠪᠣᠭᠤᠳᠠᠯᠯᠠᠵᠤ ᠪᠠᠭᠯᠠᠬᠤ ᠶᠢᠨ ᠬᠠᠤᠯᠢ | ᠬᠡᠷᠡᠭᠵᠢᠭᠦᠯᠬᠦ ᠪᠠᠶᠢᠴᠠᠭᠠᠯᠲᠠ ᠶᠢ ᠪᠠᠶᠢᠩᠭᠤᠵᠢᠭᠰᠠᠨ ᠪᠠᠶᠢᠴᠠᠭᠠᠯᠲᠠ ᠶᠢᠨ ᠠᠭᠤᠯᠭ᠎ᠠ ᠳᠤ ᠣᠷᠣᠭᠤᠯᠤᠨ᠂ ︽ᠬᠤᠶᠠᠷ ᠢ | ᠰᠤᠭᠤᠴᠢᠬᠤ᠂ ᠨᠢᠭᠡ ᠶᠢ ᠢᠯᠡ ᠪᠠᠶᠢᠯᠭᠠᠬᠤ︾ ᠵᠠᠷᠴᠢᠮ ᠶᠣᠰᠣᠭᠠᠷ᠂ ᠢᠯᠡᠭᠡᠨ ᠬᠦᠷᠭᠡᠬᠦ ᠠᠵᠤ ᠠᠬᠤᠶᠢᠯᠠᠯ | ᠪᠦᠭᠦᠨ ᠳᠤ ᠣᠨ ᠤ ᠥᠪᠡᠷ ᠢ ᠪᠠᠨ ᠪᠠᠶᠢᠴᠠᠭᠠᠬᠤ ᠪᠠ ᠰᠤᠭᠤᠴᠢᠨ ᠪᠠᠶᠢᠴᠠᠭᠠᠬᠤ ᠠᠵᠢᠯ ᠢ ᠬᠠᠮᠤᠷᠠᠭᠤᠯᠤᠨ | ᠪᠡᠶᠡᠯᠡᠭᠦᠯᠵᠦ᠂ ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠳᠤ ᠬᠤᠯᠪᠣᠭᠳᠠᠭᠰᠠᠨ ᠡᠯ᠎ᠡ ᠲᠥᠷᠥᠯ ᠤᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ︵ᠥᠪᠥᠷ | ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ᠲᠤᠯᠭᠠᠭᠤᠷᠢᠯᠠᠵᠤ ᠪᠠᠲᠤᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ | ︵ᠨᠠᠢᠮᠠ︶ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠤᠨ ᠲᠤᠭᠤᠰᠢᠯᠠᠭᠤᠯᠬᠤ | ᠠᠵᠢᠯ ᠢ ᠴᠢᠩᠭᠠᠳᠬᠠᠨ᠎ᠠ᠃ ︽ᠬᠡᠨ ᠬᠠᠤᠯᠢ ᠬᠡᠷᠡᠭᠵᠢᠭᠦᠯᠪᠡᠯ ᠲᠡᠷᠡ ᠬᠠᠤᠯᠢ ᠴᠠᠭᠠᠵᠠ ᠶᠢᠨ ᠮᠡᠳᠡᠯᠭᠡ ᠶᠢ | ᠲᠦᠭᠡᠮᠡᠯᠵᠢᠭᠦᠯᠬᠦ︾ ᠬᠠᠤᠯᠢ ᠲᠦᠭᠡᠮᠡᠯᠵᠢᠭᠦᠯᠬᠦ ᠬᠠᠷᠢᠭᠤᠴᠠᠯᠭᠠᠲᠤ ᠳᠦᠷᠢᠮ ᠤᠨ ᠱᠠᠭᠠᠷᠳᠠᠯᠭ᠎ᠠ ᠶᠣᠰᠣᠭᠠᠷ᠂ | ︽ᠪᠥᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠣᠷᠴᠢᠯ ᠠᠵᠤ ᠠᠬᠤᠢ ᠶᠢ ᠠᠬᠢᠭᠤᠯᠬᠤ ᠬᠠᠤᠯᠢ︾ ︽ | ᠪᠥᠬᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠣᠷᠴᠢᠨ | ᠲᠣᠭᠤᠷᠢᠨ ᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠬᠠᠤᠯᠢ︾ ︽ᠪᠥᠭᠦᠳᠡ ᠨᠠᠶᠢᠷᠠᠮᠳᠠᠬᠤ ᠳᠤᠮᠳᠠᠲᠤ | ᠠᠷᠠᠳ ᠤᠯᠤᠰ ᠤᠨ ᠪᠠᠷᠢᠮᠵᠢᠶᠠᠵᠢᠭᠤᠯᠤᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ | ᠤᠯᠤᠰ ᠤᠨ ᠦᠨ᠎ᠡ ᠬᠠᠩᠰᠢ ᠶᠢᠨ ᠬᠠᠤᠯᠢ︾ ︽ᠲᠦᠷᠭᠡᠨ ᠢᠯᠡᠭᠡᠯᠲᠡ ᠶᠢᠨ ᠲᠦᠷ ᠬᠡᠷᠡᠭᠵᠢᠭᠦᠯᠬᠦ ᠳᠦᠷᠢᠮ︾ ᠵᠡᠷᠭᠡ | ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠤᠨ ᠲᠤᠭᠤᠰᠢᠯᠠᠭᠤᠯᠬᠤ ᠡᠷᠴᠢᠮ ᠢᠶᠠᠨ ᠴᠢᠩᠭᠠᠷᠠᠭᠤᠯᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢᠨ ᠬᠢᠨ ᠤ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠤᠬᠠᠢ ᠬᠠᠤᠯᠢ | ᠴᠠᠭᠠᠵᠠ ᠶᠢᠨ ᠤᠬᠠᠮᠰᠠᠷ᠂ ᠨᠡᠶᠢᠭᠡᠮ ᠨᠡᠶᠢᠲᠡ ᠶᠢᠨ ᠬᠢᠨ ᠤ ᠡᠷᠬᠡ ᠠᠰᠢᠭ ᠢᠶᠠᠨ ᠬᠠᠮᠠᠭᠠᠯᠠᠬᠤ ᠤᠬᠠᠮᠰᠠᠷ ᠢ ᠨᠢ | ᠳᠡᠭᠡᠭᠰᠢᠯᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ | ᠬᠠᠤᠯᠢ ᠴᠠᠭᠠᠵᠠ ᠶᠢᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ | ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠵᠡᠷᠭᠡ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠬᠠᠮᠢᠶ᠎ᠠ ᠪᠦᠬᠦᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠎ᠡ᠃ ᠤᠯᠤᠰ ᠤᠨ ᠢᠳᠡᠰᠢᠨ | ᠲᠠᠷᠢᠶᠠᠯᠠᠩ ᠤᠨ ᠪᠦᠲᠦᠭᠡᠭᠳᠡᠬᠦᠨ ᠤ ᠲᠦᠷᠭᠡᠨ ᠢᠯᠡᠭᠡᠯᠲᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠢᠳᠡᠭᠡᠨ ᠤ | ᠵᠦᠢᠯ ᠪᠠ ᠵᠠᠰᠠᠯ ᠴᠢᠮᠡᠭᠯᠡᠯ ᠤᠨ ᠡᠳ᠋ ᠵᠡᠷᠭᠡ ᠶᠢᠨ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠠᠯᠪᠠᠳᠠᠯᠭ᠎ᠠ ᠶᠢᠨ | ᠴᠢᠨᠠᠷᠲᠠᠢ ᠪᠠᠷᠢᠮᠵᠢᠶ᠎ᠠ᠂ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠨᠡᠪᠲᠡᠷᠬᠡᠢ ᠳᠦᠷᠢᠮ ᠤᠨ | ᠪᠠᠷᠢᠮᠵᠢᠶ᠎ᠠ ᠶᠢ ᠲᠣᠭᠲᠠᠭᠠᠭᠰᠠᠨ ︵ᠵᠠᠰᠠᠪᠤᠷᠢ ᠣᠷᠣᠭᠤᠯᠤᠭᠰᠠᠨ︶ ᠪᠠᠶᠢᠳᠠᠯ ᠢ ᠦᠨᠳᠦᠰᠦᠯᠡᠨ᠂ ᠡᠯ᠎ᠡ ᠬᠠᠮᠢᠶ᠎ᠠ ᠪᠦᠬᠦᠢ | ᠪᠠᠷᠢᠮᠵᠢᠶ᠎ᠠ ᠶᠢ ᠲᠤᠭᠤᠰᠢᠯᠠᠭᠤᠯᠤᠨ ᠬᠡᠷᠡᠭᠵᠢᠭᠦᠯᠬᠦ ᠪᠠᠨ ᠴᠢᠩᠭᠠᠳᠬᠠᠬᠤ ᠬᠡᠷᠡᠭᠲᠡᠢ᠃ ︵ᠥᠪᠡᠷᠲᠡᠭᠡᠨ ᠵᠠᠰᠠᠬᠤ | ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ | ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠥᠪᠥᠷ ᠮᠣᠩᠭᠤᠯ ᠤᠨ ᠰᠢᠤᠳᠠᠨ ᠤ ᠬᠠᠮᠢᠶᠠᠷᠤᠯᠲᠠ ᠶᠢᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠣᠨ ᠤ ᠲᠥᠰᠥᠪ | ᠲᠣᠬᠢᠷᠠᠭᠤᠯᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ᠂ ᠲᠦᠷᠭᠡᠨ ᠢᠯᠡᠭᠡᠯᠲᠡ ᠶᠢᠨ ᠬᠡᠲᠦ ᠪᠣᠭᠤᠳᠠᠯᠯᠠᠵᠤ | ᠪᠠᠭᠯᠠᠬᠤ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯ ᠢ ᠤᠷᠤᠭᠰᠢᠲᠠᠢ ᠡᠮᠬᠢ ᠵᠢᠷᠤᠮ ᠲᠠᠢ ᠪᠠᠷ | ᠥᠷᠨᠢᠭᠦᠯᠬᠦ ᠶᠢ ᠪᠠᠲᠤᠯᠠᠬᠤ ᠳᠤ ᠬᠡᠷᠡᠭᠯᠡᠨ᠎ᠡ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠡᠯ᠎ᠡ | ᠠᠶᠢᠮᠠᠭ ᠬᠤᠲᠠ ᠶᠢ ᠵᠢᠭᠠᠨ ᠵᠢᠯᠤᠭᠤᠳᠴᠤ ᠪᠠᠶᠢᠭᠠᠳ ᠬᠠᠶᠠᠭᠳᠠᠮᠠᠯ ᠪᠣᠭᠤᠳᠠᠯ ᠪᠠᠭᠯᠠᠭ᠎ᠠ ᠶᠢᠨ ᠪᠣᠳᠠᠰ ᠢ ᠡᠬᠢ | ᠪᠠᠶᠠᠯᠢᠭᠵᠢᠭᠤᠯᠬᠤ ᠪᠠ ᠤᠷᠴᠢᠯᠳᠤᠭᠤᠯᠤᠨ ᠠᠰᠢᠭᠯᠠᠬᠤ ᠲᠥᠷᠥᠯ ᠵᠦᠢᠯ ᠤᠨ ᠨᠥᠭᠡᠴᠡ ᠶᠢ ᠴᠢᠩᠭᠠᠳᠬᠠᠵᠤ᠂ | ᠲᠥᠪ ᠤᠨ ᠲᠥᠰᠥᠪ ᠲᠠᠬᠢ ᠪᠡᠯᠡ ᠮᠥᠩᠭᠦᠨ ᠤ ᠣᠷᠤᠭᠤᠯᠤᠯᠲᠠ ᠬᠢᠬᠦ ᠬᠠᠨᠳᠤᠰᠢ ᠶᠢ ᠦᠨᠳᠦᠰᠦᠯᠡᠨ᠂ ᠳᠡᠮᠵᠢᠯᠭᠡ | ᠣᠯᠬᠤ ᠪᠠᠷ ᠢᠳᠡᠪᠬᠢᠲᠡᠢ ᠴᠢᠷᠮᠠᠶᠢᠨ᠎ᠠ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠬᠠᠷᠢᠭᠤᠴᠠᠨ᠎ᠠ︶ ᠵᠠᠰᠠᠭ ᠤᠨ ᠣᠷᠳᠣᠨ ᠤ ᠪᠣᠬᠢᠷᠳᠤᠯ ᠦᠭᠡᠢ ᠶᠢᠨ ᠬᠤᠳᠠᠯᠳᠤᠨ | ᠠᠪᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠯ᠎ᠡ ᠬᠤᠳᠠᠯᠳᠤᠨ ᠠᠪᠤᠭᠴᠢ ︽ᠲᠠᠸᠠᠷ ᠤᠨ ᠪᠣᠭᠤᠳᠠᠯ | ᠪᠠᠭᠯᠠᠭ᠎ᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ︵ᠲᠤᠷᠰᠢᠨ | ᠬᠡᠷᠡᠭᠵᠢᠭᠦᠯᠬᠦ︶︾ ︽ᠲᠦᠷᠭᠡᠨ ᠢᠯᠡᠭᠡᠯᠲᠡ ᠶᠢᠨ ᠪᠣᠭᠤᠳᠠᠯ ᠪᠠᠭᠯᠠᠭ᠎ᠠ ᠶᠢᠨ ᠵᠠᠰᠠᠭ ᠤᠨ ᠣᠷᠳᠣᠨ ᠤ ᠬᠤᠳᠠᠯᠳᠤᠨ | ᠠᠪᠬᠤ ᠬᠡᠷᠡᠭᠴᠡᠭᠡ ᠱᠠᠭᠠᠷᠳᠠᠯᠭ᠎ᠠ ᠶᠢᠨ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠶᠢ ᠴᠢᠩᠭ᠎ᠠ ᠵᠢᠷᠤᠮᠯᠠᠨ | ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠶᠢᠨ ᠬᠥᠲᠥᠯᠥᠨ ᠵᠢᠯᠤᠭᠤᠳᠬᠤ ᠦᠢᠯᠡᠳᠦᠯ ᠢ ᠨᠢ ᠪᠠᠳᠠᠷᠠᠭᠤᠯᠤᠨ᠎ᠠ᠃ ︵ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠵᠡᠷᠭᠡ ᠰᠠᠯᠠᠭ᠎ᠠ ᠮᠥᠴᠢᠷ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ ᠤᠯᠤᠰ ᠤᠨ ᠭᠤᠣᠯᠳᠠᠯᠭ᠎ᠠ ᠪᠣᠯᠬᠤ ᠰᠤᠳᠤᠯᠤᠨ ᠨᠡᠭᠡᠭᠡᠬᠦ | ᠲᠥᠯᠥᠪᠯᠡᠭᠡ ᠶᠢᠨ ᠲᠥᠷᠥᠯ ᠵᠦᠢᠯ ᠢ ᠢᠳᠡᠪᠬᠢᠲᠡᠢ ᠭᠤᠶᠤᠴᠢᠯᠠᠨ ᠮᠡᠳᠡᠭᠦᠯᠬᠦ ᠶᠢ ᠵᠣᠬᠢᠶᠠᠨ ᠪᠠᠶᠢᠭᠤᠯᠵᠤ᠂ ᠲᠦᠷᠭᠡᠨ | ᠢᠯᠡᠭᠡᠯᠲᠡ ᠶᠢᠨ ᠪᠣᠭᠤᠳᠠᠯ ᠪᠠᠭᠯᠠᠭ᠎ᠠ ᠶᠢ ᠪᠣᠬᠢᠷᠳᠤᠯ ᠦᠭᠡᠢ ᠪᠠᠷ ᠵᠢᠷᠤᠵᠤ ᠲᠥᠯᠥᠪᠯᠡᠬᠦ ᠪᠠ ᠡᠨᠧᠷᠭᠢ ᠶᠢᠨ | ᠬᠤᠷᠣᠭᠳᠠᠯ ᠪᠠᠭ᠎ᠠ ᠣᠶᠤᠨᠯᠢᠭ ᠪᠠᠷᠠᠭᠠᠨ ᠤ ᠭᠦᠢᠯᠭᠡᠭᠡ ᠪᠠᠷ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠶᠢᠨ ᠬᠢ | ᠮᠡᠷᠭᠡᠵᠢᠯ ᠤᠨ ᠰᠤᠳᠤᠯᠤᠨ ᠨᠡᠭᠡᠭᠡᠬᠦ ᠠᠵᠢᠯ ᠢ ᠳᠡᠮᠵᠢᠨ᠎ᠡ᠃ ︵ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ ᠬᠠᠷᠢᠭᠤᠴᠠᠨ᠎ᠠ︶ | ︵ᠠᠷᠪᠠᠨ ᠨᠢᠭᠡ︶ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠨ᠎ᠠ᠃ ᠬᠠᠮᠢᠶ᠎ᠠ ᠪᠦᠬᠦᠢ | ᠠᠵᠢᠯ ᠲᠥᠷᠥᠯ ᠤᠨ ᠨᠡᠶᠢᠭᠡᠮᠯᠢᠭ ᠢ ᠰᠢᠮᠳᠠᠭᠤᠯᠤᠨ ᠵᠢᠯᠤᠭᠤᠳᠴᠤ ᠪᠠᠶᠢᠭᠠᠳ ᠠᠵᠢᠯ ᠲᠥᠷᠥᠯ ᠳᠤ ᠭᠦᠨᠵᠡᠭᠡᠶᠢᠷᠡᠬᠦ᠂ | ᠠᠵᠤ ᠠᠬᠤᠶᠢᠯᠠᠯ ᠳᠤ ᠦᠢᠯᠡᠴᠢᠯᠡᠬᠦ᠂ ᠨᠡᠶᠢᠯᠡᠮᠡᠯ ᠬᠦᠴᠦᠨ ᠢᠶᠠᠨ ᠨᠢᠭᠲᠠᠷᠠᠭᠤᠯᠬᠤ ᠳᠠᠬᠢ ᠣᠨᠴᠠᠭᠠᠢ ᠳᠠᠪᠠᠭᠤᠯᠢᠭ | ᠲᠠᠯ᠎ᠠ ᠪᠠᠨ ᠭᠦᠢᠴᠡᠳ ᠪᠠᠳᠠᠷᠠᠭᠤᠯᠤᠨ᠂ ᠠᠵᠢᠯ ᠲᠥᠷᠥᠯ ᠤᠨ ᠳᠣᠲᠣᠭᠠᠳᠤᠬᠢ ᠦᠢᠯᠡᠳᠪᠦᠷᠢᠯᠡᠬᠦ᠂ ᠪᠣᠷᠣᠯᠠᠭᠤᠯᠬᠤ | ᠵᠡᠷᠭᠡ ᠠᠵᠤ ᠠᠬᠤᠶᠢᠯᠠᠯ ᠤᠨ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠬᠠᠤᠯᠢ ᠴᠠᠭᠠᠵᠠ ᠬᠠᠤᠯᠢ | ᠲᠣᠭᠲᠠᠭᠠᠯ ᠪᠠ ᠪᠠᠷᠢᠮᠵᠢᠶ᠎ᠠ ᠶᠢᠨ ᠤᠬᠠᠭᠤᠯᠤᠨ ᠲᠤᠭᠤᠰᠢᠯᠠᠭᠤᠯᠬᠤ᠂ ᠪᠣᠯᠪᠠᠰᠤᠷᠠᠯ ᠬᠦᠷᠲᠡᠭᠡᠬᠦ ᠠᠵᠢᠯ ᠢ | ᠴᠢᠩᠭᠠᠳᠬᠠᠵᠤ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠠᠸᠠᠷ ᠤᠨ ᠳᠥᠭᠦᠮ ᠪᠣᠷᠣᠭᠵᠢᠭᠤᠨ | ᠪᠣᠭᠤᠳᠠᠯᠯᠠᠵᠤ ᠪᠠᠭᠯᠠᠬᠤ ᠲᠠᠯ᠎ᠠ ᠪᠠᠷ ᠬᠢ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠵᠢᠷᠤᠮᠵᠢᠯ ᠢ ᠠᠯᠬᠤᠮ | ᠠᠯᠬᠤᠮ ᠢᠶᠠᠷ ᠪᠣᠢ ᠪᠣᠯᠭᠠᠨ᠎ᠠ᠃ ᠬᠠᠮᠢᠶ᠎ᠠ ᠪᠦᠬᠦᠢ ᠠᠵᠢᠯ ᠲᠥᠷᠥᠯ ᠤᠨ ᠨᠡᠶᠢᠭᠡᠮᠯᠢᠭ ᠨᠢ ᠠᠵᠢᠯ ᠲᠥᠷᠥᠯ ᠤᠨ | ᠳᠣᠲᠣᠭᠠᠳᠤᠬᠢ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠢᠵᠠᠭᠠᠷᠯᠠᠬᠤ ᠲᠠᠯ᠎ᠠ ᠶᠢᠨ ᠪᠠᠶᠢᠴᠠᠭᠠᠨ ᠰᠤᠳᠤᠯᠤᠯᠲᠠ ᠶᠢ | ᠭᠦᠨᠵᠡᠭᠡᠢ ᠥᠷᠨᠢᠭᠦᠯᠵᠦ᠂ ᠬᠠᠮᠢᠶ᠎ᠠ ᠪᠦᠬᠦᠢ ᠪᠠᠶᠢᠳᠠᠯ ᠢ ᠨᠢᠭᠲᠠ ᠡᠵᠡᠮᠰᠢᠨ᠂ ᠬᠠᠮᠢᠶ᠎ᠠ ᠪᠦᠬᠦᠢ ᠠᠵᠢᠯ ᠲᠥᠷᠥᠯ ᠤᠨ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠣᠨᠣᠪᠴᠢᠲᠠᠢ ᠪᠠᠷ ᠲᠤᠭ᠎ᠠ ᠪᠠᠷᠢᠮᠲᠠ ᠶᠢᠨ | ᠮᠡᠳᠡᠭᠡ ᠵᠠᠩᠭᠢ ᠬᠠᠩᠭᠠᠵᠤ᠂ ᠨᠡᠶᠢᠭᠡᠮ ᠳᠤ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠬᠤᠷᠢᠭᠯᠠᠨ ᠵᠣᠭᠰᠣᠭᠠᠭᠰᠠᠨ | ᠮᠡᠳᠡᠭᠦᠯᠦᠯᠲᠡ ᠶᠢ ᠨᠡᠶᠢᠲᠡᠯᠡᠨ᠂ ᠠᠵᠢᠯ ᠲᠥᠷᠥᠯ ᠤᠨ ᠬᠦᠷᠢᠶ᠎ᠡ ᠴᠠᠷᠠᠭᠠᠨ ᠳᠠᠬᠢ ᠲᠠᠸᠠᠷ ᠬᠡᠲᠦ ᠪᠣᠭᠤᠳᠠᠯᠯᠠᠵᠤ | ᠪᠠᠭᠯᠠᠬᠤ ᠪᠠᠨ ᠬᠢᠵᠠᠭᠠᠷᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠪᠠ ᠪᠠᠷᠢᠮᠵᠢᠶ᠎ᠠ ᠶᠢ ᠨᠠᠶᠢᠳᠠᠪᠤᠷᠢᠵᠢᠭᠤᠯᠤᠭᠰᠠᠨ | ᠵᠢᠴᠢ ᠳᠥᠭᠦᠮ ᠪᠣᠷᠣᠭᠵᠢᠭᠤᠨ ᠪᠣᠭᠤᠳᠠᠯ ᠪᠠᠭᠯᠠᠭ᠎ᠠ ᠶᠢ ᠳᠡᠯᠭᠡᠷᠡᠭᠦᠯᠦᠨ ᠬᠡᠷᠡᠭᠯᠡᠭᠰᠡᠨ ᠪᠠᠶᠢᠳᠠᠯ ᠢ ᠨᠡᠶᠢᠲᠡᠯᠡᠨ᠎ᠡ᠃ ︵ | ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ᠂ ᠬᠠᠮᠢᠶ᠎ᠠ ᠪᠦᠬᠦᠢ ᠠᠵᠢᠯ | ᠲᠥᠷᠥᠯ ᠤᠨ ᠨᠡᠶᠢᠭᠡᠮᠯᠢᠭ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠᠨ ᠴᠢᠩᠭᠠᠳᠬᠠᠨ᠎ᠠ | ︵ᠠᠷᠪᠠᠨ ᠬᠤᠶᠠᠷ︶ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠨ᠎ᠠ᠃ ᠰᠠᠯᠠᠭ᠎ᠠ ᠮᠥᠴᠢᠷ ᠤᠨ | ᠬᠤᠭᠤᠷᠤᠨᠳᠤᠬᠢ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠵᠥᠪᠳᠡᠯᠴᠡᠬᠦ ᠲᠣᠭᠲᠠᠴᠠ ᠶᠢ | ᠪᠠᠶᠢᠭᠤᠯᠤᠨ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠠᠵᠢᠯ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ᠃ ᠲᠠᠸᠠᠷ ᠬᠡᠲᠦ ᠪᠣᠭᠤᠳᠠᠯᠯᠠᠵᠤ ᠪᠠᠭᠯᠠᠬᠤ ᠶᠢ ᠵᠠᠰᠠᠭᠰᠠᠨ ᠠᠵᠢᠯ ᠤᠨ | ᠠᠬᠢᠴᠠ ᠪᠠᠨ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠤᠳ ᠲᠤ ᠴᠢᠭᠯᠡᠭᠦᠯᠦᠨ ᠳᠠᠷᠠᠭᠠᠴᠢ ᠶᠢᠨ ᠠᠯᠬᠤᠮ ᠤᠨ | ᠭᠤᠣᠯᠳᠠᠯᠭ᠎ᠠ ᠪᠣᠯᠬᠤ ᠠᠵᠢᠯ ᠢᠶᠠᠨ ᠬᠠᠷᠠᠯᠲᠠ ᠬᠠᠨᠳᠤᠯᠭ᠎ᠠ ᠲᠠᠢ ᠪᠠᠷ ᠰᠤᠳᠤᠯᠤᠨ ᠪᠠᠶᠢᠷᠢᠯᠠᠭᠤᠯᠵᠤ᠂ ᠴᠢᠬᠤᠯᠠ ᠶᠡᠭᠡ | ᠠᠰᠠᠭᠤᠳᠠᠯ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠢ ᠳᠤ ᠨᠢ | ᠮᠡᠳᠡᠭᠦᠯᠦᠨ᠎ᠡ᠃ ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠠᠴᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠠᠷᠪᠠᠨ ᠭᠤᠷᠪᠠ︶ ᠬᠠᠷᠢᠶᠠᠲᠤ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠭᠠᠵᠠᠷ ᠣᠷᠣᠨ ᠤ ᠪᠠᠨ ᠲᠠᠸᠠᠷ | ᠬᠡᠲᠦ ᠪᠣᠭᠤᠳᠠᠯᠯᠠᠵᠤ ᠪᠠᠭᠯᠠᠬᠤ ᠳᠤ ᠵᠠᠰᠠᠯᠲᠠ ᠬᠢᠬᠦ ᠠᠵᠢᠯ ᠢ ᠶᠡᠷᠦᠩᠬᠡᠢ ᠬᠠᠷᠢᠭᠤᠴᠠᠵᠤ᠂ ᠥᠪᠡᠷᠲᠡᠭᠡᠨ ᠵᠠᠰᠠᠬᠤ | ᠣᠷᠣᠨ ᠤ ᠶᠡᠷᠦᠩᠬᠡᠢ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠨ᠂ ᠵᠣᠬᠢᠶᠠᠨ ᠪᠠᠶᠢᠭᠤᠯᠵᠤ | ᠤᠳᠤᠷᠢᠳᠬᠤ ᠪᠠᠨ ᠴᠢᠩᠭᠠᠳᠬᠠᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠲᠠᠸᠠᠷ ᠬᠡᠲᠦ ᠪᠣᠭᠤᠳᠠᠯᠯᠠᠵᠤ | ᠪᠠᠭᠯᠠᠬᠤ ᠳᠤ ᠵᠠᠰᠠᠯᠲᠠ ᠬᠢᠬᠦ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ | ᠨᠠᠶᠢᠳᠠᠪᠤᠷᠢᠵᠢᠭᠤᠯᠤᠨ᠎ᠠ᠃ ︵ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠬᠠᠷᠢᠭᠤᠴᠠᠨ᠎ᠠ︶ | ︵ᠠᠷᠪᠠᠨ ᠳᠥᠷᠪᠡ︶ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠨ᠎ᠠ᠃ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠪᠠ ᠰᠣᠨᠢᠨ ᠮᠡᠳᠡᠭᠡᠨ ᠤ ᠵᠠᠭᠤᠴᠢᠯᠠᠭᠤᠷ ᠢ ᠵᠢᠯᠤᠭᠤᠳᠴᠤ ᠪᠠᠶᠢᠭᠠᠳ ᠲᠠᠸᠠᠷ ᠬᠡᠲᠦ ᠪᠣᠭᠤᠳᠠᠯᠯᠠᠵᠤ | ᠪᠠᠭᠯᠠᠬᠤ ᠶᠢ ᠬᠢᠵᠠᠭᠠᠷᠯᠠᠬᠤ ᠪᠠᠷᠢᠮᠵᠢᠶ᠎ᠠ ᠪᠠ ᠲᠥᠷᠥ ᠶᠢᠨ ᠪᠣᠳᠣᠯᠭ᠎ᠠ ᠶᠢ ᠶᠡᠭᠡ ᠪᠠᠷ ᠤᠬᠠᠭᠤᠯᠤᠨ ᠲᠠᠶᠢᠯᠤᠮᠵᠢ ᠬᠢᠵᠦ᠂ | ᠪᠣᠬᠢᠷᠳᠤᠯ ᠦᠭᠡᠢ ᠠᠷᠪᠢᠴᠢ ᠭᠠᠮᠲᠠᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃ ᠨᠡᠶᠢᠲᠡᠯᠢᠭ ᠠᠷᠭ᠎ᠠ ᠬᠢᠳᠡᠯ | ᠂ ᠲᠡᠷᠢᠭᠦᠨ ᠤ ᠨᠢᠭᠡᠴᠢ ᠪᠠ ᠬᠤᠪᠢ ᠬᠥᠮᠥᠨ ᠢ ᠢᠳᠡᠪᠬᠢᠲᠡᠢ ᠮᠡᠳᠡᠭᠡᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ | ᠠᠰᠠᠭᠤᠳᠠᠯ ᠤᠳ ᠢ ᠳᠡᠰ ᠳᠠᠷᠠᠭᠠᠯᠠᠯ ᠶᠣᠰᠣᠭᠠᠷ ᠴᠠᠭ ᠲᠤ ᠨᠢ ᠲᠣᠬᠢᠷᠠᠭᠤᠯᠵᠤ ᠢᠯᠡᠷᠡᠭᠦᠯᠦᠨ ᠢᠯᠡᠴᠢᠯᠡᠵᠦ᠂ | ᠨᠡᠶᠢᠭᠡᠮ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠣᠷᠴᠢᠨ ᠠᠬᠤᠢ ᠶᠢ ᠪᠣᠢ ᠪᠣᠯᠭᠠᠨ᠎ᠠ᠃ ᠡᠯ᠎ᠡ ᠱᠠᠲᠤᠨ ᠤ | ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠢᠯ ᠦᠢᠯᠡᠰ ᠤᠨ ᠨᠢᠭᠡᠴᠢ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠳ ᠲᠦᠷᠦᠭᠦᠯᠡᠨ ᠰᠠᠨᠠᠭᠠᠴᠢᠯᠠᠭ᠎ᠠ ᠠᠴᠠ ᠪᠠᠨ ᠬᠡᠲᠦ ᠪᠣᠭᠤᠳᠠᠯᠯᠠᠵᠤ ᠪᠠᠭᠯᠠᠭᠰᠠᠨ | ᠲᠠᠸᠠᠷ ᠢ ᠡᠰᠡᠷᠭᠦᠴᠡᠨ ᠬᠤᠷᠢᠭᠯᠠᠬᠤ ᠬᠡᠷᠡᠭᠲᠡᠢ᠃ ︵ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠣᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ | 2023 ᠣᠨ ᠤ 2 ᠳ᠋ᠤᠭᠠᠷ ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ | | | |