ᠭᠤᠷᠪᠠᠨᠬᠤᠸᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ  ᠬᠠᠮᠠᠭᠠᠯᠠᠨ᠎ᠠ
ᠨᠡᠶᠢᠲᠡᠯᠡᠭᠰᠡᠨ ᠴᠠᠭ᠄
2024/3/4
    ᠣᠶᠢᠷ᠎ᠠ ᠳᠤ᠂ ᠭᠤᠷᠪᠠᠨᠬᠤᠸᠠ ᠪᠠᠯᠭᠠᠰᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠪᠦᠬᠦᠨ ᠢᠶᠠᠷ ᠢᠶᠠᠨ ᠰᠤᠷᠭᠠᠭᠤᠯᠢ ᠳᠠᠭᠠᠨ ᠪᠤᠴᠠᠵᠤ ᠰᠤᠷᠭᠠᠭᠤᠯᠢ ᠡᠬᠢᠯᠡᠪᠡ᠃ ᠭᠤᠷᠪᠠᠨᠬᠤᠸᠠ ᠪᠠᠯᠭᠠᠰᠤ ᠤᠷᠢᠳᠴᠢᠯᠠᠨ ᠲᠥᠯᠥᠪᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ᠂ ᠰᠤᠷᠭᠠᠭᠤᠯᠢ  ᠴᠤᠭᠯᠠᠬᠤ ᠪᠠ ᠰᠤᠷᠭᠠᠭᠤᠯᠢ ᠲᠠᠷᠬᠠᠬᠤ ᠴᠠᠭ ᠤᠨ ︽  ᠰᠤᠷᠭᠠᠭᠤᠯᠢ ᠶᠢ ᠬᠠᠮᠠᠭᠠᠯᠠᠬᠤ ᠠᠵᠢᠯ ᠤᠨ ᠪᠠᠶᠢᠷᠢ︾᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠢ ᠲᠣᠭᠤᠷᠢᠨ ᠴᠠᠭᠳᠠᠵᠤ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ ᠤ ᠤᠬᠠᠭᠤᠯᠭ᠎ᠠ ᠬᠢᠬᠦ ᠵᠡᠷᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ  ᠪᠣᠯᠭᠠᠨ᠎ᠠ᠃    ᠰᠤᠷᠭᠠᠭᠤᠯᠢ ᠡᠬᠢᠯᠡᠭᠰᠡᠨ ᠠᠩᠬᠠᠨ ᠤ ᠡᠳᠦᠷ ᠤᠨ ᠪᠥᠬᠦ ᠪᠠᠭᠰᠢ ᠰᠣᠷᠣᠭᠴᠢ ᠪᠣᠯᠤᠨ ᠬᠡᠷ ᠤᠨ ᠠᠬᠠᠮᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠭᠤᠷᠪᠠᠨᠬᠤᠸᠠ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ︽ᠰᠤᠷᠭᠠᠭᠤᠯᠢ ᠶᠢ ᠬᠠᠮᠠᠭᠠᠯᠠᠬᠤ ᠠᠵᠢᠯ ᠤᠨ ᠪᠠᠶᠢᠷᠢ︾ ᠶᠢᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠷᠭᠠᠭᠤᠯᠢ ᠶᠢᠨ ᠬᠦᠷᠢᠶᠡᠨ ᠤ ︽ᠠᠮᠤᠷ ᠲᠦᠪᠰᠢᠨ ᠤ ᠲᠣᠣᠷᠵᠢᠯ︾ ᠢ ᠦᠨᠡᠨ ᠬᠦ ᠨᠢᠭᠲᠠ ᠰᠦᠯᠵᠢᠵᠦ᠂ ᠲᠣᠭᠤᠷᠢᠨ ᠴᠠᠭᠳᠠᠬᠤ ᠨᠢᠭᠲᠠᠴᠠ ᠪᠣᠯᠤᠨ ᠳᠠᠪᠲᠠᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠤᠷᠭᠠᠭᠤᠯᠢ ᠶᠢᠨ ᠡᠭᠦᠳᠡᠨ ᠡᠮᠦᠨ᠎ᠡ ᠵᠢᠴᠢ ᠡᠷᠬᠢᠨ ᠲᠣᠭᠤᠷᠢᠨ ᠤ ᠡᠮᠬᠢ ᠳᠢᠭᠯᠢᠮ ᠲᠠᠢ ᠪᠠᠶᠢᠬᠤ ᠶᠢ ᠦᠨᠡᠨ ᠬᠦ ᠪᠠᠲᠤᠯᠠᠵᠤ᠂ ᠭᠤᠤᠯ ᠵᠠᠮ ᠰᠠᠭᠠᠳ ᠥᠬᠡᠶ ᠨᠡᠪᠲᠡᠷᠡᠵᠦ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠰᠢᠨ᠎ᠡ ᠰᠤᠷᠤᠯᠭ᠎ᠠ ᠶᠢᠨ ᠬᠤᠭᠤᠴᠠᠭ᠎ᠠ ᠶᠢ ᠪᠠᠲᠤᠯᠠᠪᠠ᠃    ᠡᠭᠦᠨ ᠤ ᠬᠠᠮᠲᠤ᠂ ᠭᠤᠷᠪᠠᠨᠬᠤᠸᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠴᠤ ᠠᠵᠢᠯᠯᠠᠭ᠎ᠠ ᠥᠷᠨᠢᠭᠦᠯᠵᠦ᠂ ᠰᠤᠷᠭᠠᠭᠤᠯᠢ ᠶᠢᠨ ᠡᠷᠬᠢᠨ ᠲᠣᠭᠤᠷᠢᠨ ᠤ ᠵᠢᠵᠢᠭ ᠬᠡᠲᠦ ᠳᠡᠯᠭᠡᠭᠦᠷ᠂ ᠵᠢᠵᠢᠭ ᠢᠳᠡᠭᠡᠨ ᠤ ᠳᠡᠯᠭᠡᠭᠦᠷ᠂ ᠵᠢᠵᠢᠭ ᠢᠳᠡᠭᠡᠨ ᠤᠮᠳᠠᠭᠠᠨ ᠤ ᠳᠡᠯᠭᠡᠭᠦᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ︽ᠭᠤᠷᠪᠠ ᠥᠬᠡᠶ ᠢᠳᠡᠭᠡᠨ ᠤ ᠵᠦᠢᠯ︾  ᠂ ᠬᠠᠭᠤᠷᠮᠠᠭ ᠮᠠᠭᠤ ᠢᠳᠡᠭᠡᠨ ᠬᠤᠳᠠᠯᠳᠤᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠶᠢᠨ ᠬᠦᠷᠢᠶ᠎ᠡ ᠵᠢᠴᠢ ᠲᠡᠭᠦᠨ ᠤ ᠡᠷᠬᠢᠨ ᠲᠣᠭᠤᠷᠢᠨ ᠤ ᠢᠳᠡᠭᠡᠨ ᠤ ᠠᠮᠤᠷ ᠲᠦᠪᠰᠢᠨ ᠤ ᠣᠷᠴᠢᠨ ᠲᠣᠭᠤᠷᠢᠨ ᠢ ᠴᠡᠪᠡᠷᠰᠢᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号