ᠵᠧᠤ ᠵᠠᠨ ᠯᠢ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ
ᠨᠡᠶᠢᠲᠡᠯᠡᠭᠰᠡᠨ ᠴᠠᠭ᠄
2024/3/4
C:\Users\Administrator\Desktop\100.jpg    
    3 ᠰᠠᠷ᠎ᠠ ᠶᠢᠨ 1 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠤ ᠵᠠᠨ ᠯᠢ ᠪᠦᠯᠬᠦᠮ ᠳᠠᠭᠠᠭᠤᠯᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠬᠢᠨᠠᠨ ᠵᠢᠯᠣᠭᠤᠳᠴᠤ ᠪᠠᠶᠢᠴᠠᠭᠠᠪᠠ᠃      ᠵᠧᠦ  ᠵᠠᠨ  ᠯᠢ  ᠤᠷᠢᠳ ᠬᠤᠵᠢᠳ ᠶᠤᠸᠠᠨ ᠲᠦᠩ ᠠᠮᠢᠳᠤ ᠪᠣᠳᠠᠰ  ᠤᠨ ᠡᠨᠧᠷᠭᠢ ᠶᠢᠨ ᠬᠢᠵᠠᠭᠠᠷᠲᠤ ᠺᠣᠮᠫᠠᠨᠢ᠂ ᠭᠤᠸᠠᠩ ᠶᠤᠸᠠᠨ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ᠂ ᠠᠵᠢᠯᠳᠠᠨ ᠠᠵᠢᠯᠴᠢᠨ ᠤ ᠠᠵᠢᠯ ᠤᠨ ᠪᠠᠶᠢᠷᠢ ᠳᠠᠭᠠᠨ ᠪᠤᠴᠠᠬᠤ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠲᠡᠷᠡ᠂ ᠠᠶᠤᠯᠭᠦᠢ ᠦᠢᠯᠡᠳᠪᠦᠷᠢᠯᠡᠯ ᠪᠣᠯ ᠠᠵᠤ ᠠᠬᠤᠶᠢᠯᠠᠯ ᠤᠨ ᠠᠮᠢᠨ ᠰᠤᠳᠠᠰᠤ ᠮᠥᠨ᠂ ᠠᠵᠤ ᠠᠬᠤᠶᠢᠯᠠᠯ ᠤᠨ ᠬᠢᠨ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠠᠶᠤᠯ ᠲᠦᠭᠰᠢᠭᠦᠷᠢ ᠶᠢ ᠨᠠᠷᠢᠨ ᠬᠢᠨᠠᠮᠠᠭᠠᠢ ᠰᠤᠳᠤᠯᠤᠨ ᠮᠠᠭᠠᠳᠯᠠᠵᠤ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯᠳᠠᠨ ᠤ ᠠᠮᠤᠷ ᠲᠦᠪᠰᠢᠨ ᠤ ᠪᠣᠯᠪᠠᠰᠤᠷᠠᠯ ᠢ ᠴᠢᠩᠭᠠᠳᠬᠠᠵᠤ᠂ ᠠᠵᠢᠯᠯᠠᠬᠤ ᠶᠠᠪᠤᠴᠠ ᠶᠢ ᠴᠢᠩᠭ᠎ᠠ ᠵᠢᠷᠤᠮᠵᠢᠭᠤᠯᠵᠤ᠂ ᠠᠶᠤᠯᠭᠦᠢ ᠦᠢᠯᠡᠳᠪᠦᠷᠢᠯᠡᠯ ᠢ ᠪᠠᠶᠢᠩᠭᠤᠵᠢᠭᠤᠯᠬᠤ ᠠᠵᠢᠯ ᠪᠣᠯᠭᠠᠨ ᠨᠠᠷᠢᠯᠢᠭ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号