2024 ᠣᠨ ᠤ 1 — 2 ᠳ᠋ᠤᠭᠠᠷ ᠰᠠᠷ᠎ᠠ ᠳᠤ ᠪᠥᠬᠦ ᠬᠤᠰᠢᠭᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︽ᠪᠦᠬᠦᠨ ᠳᠤ ᠳᠣᠭᠢᠷᠠᠬᠤ ᠺᠠᠷᠲ︾ ᠢᠶᠠᠷ 6907.07 ᠲᠦᠮᠡᠨ ᠲᠥᠭᠦᠷᠢᠭ ᠲᠠᠷᠬᠠᠭᠠᠪᠠ
ᠨᠡᠶᠢᠲᠡᠯᠡᠭᠰᠡᠨ ᠴᠠᠭ᠄
2024/3/4
    2024 ᠣᠨ ᠤ 1 — 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠡᠳ᠋ ᠤᠨ ᠵᠠᠰᠠᠭ ᠤᠨ ᠨᠥᠬᠦᠪᠥᠷᠢ ᠶᠢᠨ ᠪᠠᠯᠠ ᠮᠥᠩᠭᠦ ᠶᠢᠨ ︽ᠪᠦᠬᠦᠨ ᠳᠤ ᠳᠣᠭᠢᠷᠠᠬᠤ ᠺᠠᠷᠲ︾ ᠢᠶᠠᠷ 6907.07 ᠲᠦᠮᠡᠨ ᠲᠥᠭᠦᠷᠢᠭ ᠲᠠᠷᠬᠠᠭᠠᠪᠠ᠃ ᠨᠥᠬᠦᠪᠥᠷᠢ ᠥᠭᠬᠦ ᠲᠥᠷᠥᠯ ᠤᠨ ᠲᠥᠷᠥᠯ  ᠵᠦᠢᠯ ᠨᠢ 7 ᠬᠦᠷᠢᠶ᠎ᠡ ᠴᠠᠷᠠᠭ᠎ᠠ ᠶᠢᠨ 24 ᠲᠥᠷᠥᠯ ᠤᠨ 30 ᠵᠦᠢᠯ ᠳᠤ ᠬᠤᠯᠪᠣᠭᠳᠠᠵᠤ᠂ ᠠᠰᠢᠭ ᠭᠥᠷᠳᠡᠭᠰᠡᠨ ᠬᠤᠲᠠ ᠬᠥᠳᠡᠭᠡ ᠶᠢᠨ ᠰᠠᠭᠤᠭᠠᠯᠢ ᠠᠷᠠᠳ 21 ᠲᠦᠮᠡᠨ ᠬᠥᠮᠦᠨ ︵ᠤᠳᠠᠭ᠎ᠠ︶  ᠪᠣᠯᠤᠨ᠎ᠠ᠃ ᠡᠯ᠎ᠡ ᠬᠦᠷᠢᠶ᠎ᠡ ᠴᠠᠷᠠᠭ᠎ᠠ ᠶᠢᠨ ᠨᠥᠬᠦᠪᠥᠷᠢ ᠶᠢ ᠲᠠᠷᠬᠠᠭᠠᠭᠰᠠᠨ ᠪᠠᠶᠢᠳᠠᠯ ᠳᠣᠤᠷᠠᠬᠢ ᠮᠡᠲᠦ᠄    ᠨᠢᠭᠡ᠂ ᠲᠠᠷᠢᠶᠠᠯᠠᠩ ᠤᠨ ᠲᠦᠷᠦᠯ ᠤᠨ ᠬᠦᠷᠢᠶ᠎ᠡ ᠴᠠᠷᠠᠭ᠎ᠠ ᠳᠤ14.31 ᠲᠦᠮᠡᠨ ᠲᠥᠭᠦᠷᠢᠭ᠂ ᠡᠭᠦᠨ ᠳᠤ ᠲᠠᠷᠢᠶᠠᠯᠠᠩ ᠤᠨ ᠮᠠᠰᠢᠨ ᠪᠠᠭᠠᠵᠢ ᠬᠤᠳᠠᠯᠳᠤᠨ ᠠᠪᠬᠤ ᠨᠥᠬᠦᠪᠥᠷᠢ 10.01 ᠲᠦᠮᠡᠨ ᠲᠥᠭᠦᠷᠢᠭ᠂ ᠲᠠᠷᠢᠶᠠᠨ ᠭᠠᠵᠠᠷ ᠤᠨ ᠬᠦᠴᠦᠨ ᠤ ᠬᠠᠮᠠᠭᠠᠯᠠᠯᠲᠠ ᠶᠢᠨ ᠨᠥᠬᠦᠪᠥᠷᠢ 3.24 ᠲᠦᠮᠡᠨ ᠲᠥᠭᠦᠷᠢᠭ᠂ ᠡᠷᠳᠡᠨᠢ ᠰᠢᠰᠢ ᠶᠢᠨ ᠦᠢᠯᠡᠳᠪᠦᠷᠢᠯᠡᠭᠴᠢ ᠶᠢᠨ ᠨᠥᠬᠦᠪᠥᠷᠢ 1.02 ᠲᠦᠮᠡᠨ ᠲᠥᠭᠦᠷᠢᠭ ᠪᠣᠯᠤᠨ᠎ᠠ᠃    ᠬᠤᠶᠠᠷ᠂ ᠮᠠᠯ ᠠᠵᠤ ᠠᠬᠤᠶ ᠶᠢᠨ ᠲᠥᠷᠥᠯ ᠤᠨ ᠨᠥᠬᠦᠪᠥᠷᠢ ᠶᠢᠨ ᠬᠦᠷᠢᠶ᠎ᠡ ᠴᠠᠷᠠᠭ᠎ᠠ ᠳᠤ 68.53 ᠲᠦᠮᠡᠨ ᠲᠥᠭᠦᠷᠢᠭ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠨᠥᠬᠦᠪᠥᠷᠢ  ᠪᠣᠯᠤᠨ᠎ᠠ᠃    ᠭᠤᠷᠪᠠ᠂ ᠣᠶ ᠰᠢᠭᠤᠶ ᠶᠢᠨ ᠲᠥᠷᠥᠯ ᠤᠨ ᠨᠥᠬᠦᠪᠥᠷᠢ ᠶᠢᠨ ᠬᠦᠷᠢᠶ᠎ᠡ ᠴᠠᠷᠠᠭ᠎ᠠ ᠳᠤ 407.76 ᠲᠦᠮᠡᠨ ᠲᠥᠭᠦᠷᠢᠭ ᠂ ᠣᠶ ᠰᠢᠭᠤᠶ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠪᠣᠯᠤᠨ᠎ᠠ᠃     ᠲᠦᠷᠪᠡ᠂ ᠲᠥᠯᠥᠪᠯᠡᠭᠡᠲᠦ ᠦᠷᠡᠵᠢᠯ ᠤᠨ ᠨᠥᠬᠦᠪᠥᠷᠢ ᠶᠢᠨ ᠬᠦᠷᠢᠶ᠎ᠡ ᠴᠠᠷᠠᠭ᠎ᠠ ᠳᠤ 1767.22 ᠲᠦᠮᠡᠨ ᠲᠥᠭᠦᠷᠢᠭ ᠂ ᠡᠭᠦᠨ  ᠳᠤ ᠱᠠᠩᠨᠠᠨ ᠲᠡᠳᠬᠦᠬᠦ ᠵᠠᠷᠤᠳᠠᠯ 1175.81 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢᠨ ᠣᠨᠴᠠ ᠱᠠᠩᠨᠠᠨ ᠲᠡᠳᠬᠦᠬᠦ ᠨᠥᠬᠦᠪᠥᠷᠢ 561.49 ᠲᠦᠮᠡᠨ ᠲᠥᠭᠦᠷᠢᠭ ᠪᠣᠯᠤᠨ᠎ᠠ᠃    ᠲᠠᠪᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠥᠬᠦᠪᠥᠷᠢ ᠶᠢᠨ ᠬᠦᠷᠢᠶ᠎ᠡ ᠴᠠᠷᠠᠭ᠎ᠠ ᠳᠤ 475.13 ᠲᠦᠮᠡᠨ ᠲᠥᠭᠦᠷᠢᠭ ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠨᠥᠬᠦᠪᠥᠷᠢ  ᠪᠣᠯᠤᠨ᠎ᠠ᠃     ᠵᠢᠷᠭᠤᠭ᠎ᠠ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠥᠷᠢ ᠶᠢᠨ ᠬᠦᠷᠢᠶ᠎ᠡ ᠴᠠᠷᠠᠭ᠎ᠠ ᠳᠤ 4173.26 ᠲᠦᠮᠡᠨ ᠲᠥᠭᠦᠷᠢᠭ᠂ ᠡᠭᠦᠨ ᠳᠤ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 2307.74 ᠲᠦᠮᠡᠨ ᠲᠥᠭᠦᠷᠢᠭ᠂ ᠬᠤᠲᠠ ᠶᠢᠨ ᠰᠠᠭᠤᠭᠠᠯᠢ ᠠᠷᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠪᠥᠷᠢ 200.69 ᠲᠦᠮᠡᠨ ᠲᠥᠭᠦᠷᠢᠭ᠂ ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠨᠥᠬᠦᠪᠥᠷᠢ 409.09 ᠲᠦᠮᠡᠨ ᠲᠥᠭᠦᠷᠢᠭ᠂ ᠠᠰᠠᠷᠠᠮᠵᠢ ᠶᠢᠨ ᠨᠥᠬᠦᠪᠥᠷᠢ 373.69 ᠲᠦᠮᠡᠨ ᠲᠥᠭᠦᠷᠢᠭ᠂ ᠵᠡᠮᠳᠡᠭᠴᠦᠳ ᠤᠨ ᠨᠥᠬᠦᠪᠥᠷᠢ 342.69 ᠲᠦᠮᠡᠨ ᠲᠥᠭᠦᠷᠢᠭ᠂ ᠥᠨᠳᠥᠷ ᠨᠠᠰᠤᠲᠠᠨ ᠤ ᠨᠥᠬᠦᠪᠥᠷᠢ 227.43 ᠲᠦᠮᠡᠨ ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠶ ᠶᠢᠨ ᠬᠦᠴᠢᠷᠳᠡᠯ ᠲᠠᠢ ᠨᠠᠰᠤᠲᠠᠶᠢᠴᠤᠳ ᠤᠨ ᠨᠠᠰᠤᠵᠢᠯ ᠤᠨ  ᠦᠢᠯᠡᠴᠢᠯᠡᠭᠡᠨ ᠤ ᠨᠥᠬᠦᠪᠥᠷᠢ 181.46 ᠲᠦᠮᠡᠨ ᠲᠥᠭᠦᠷᠢᠭ ᠪᠣᠯᠤᠨ᠎ᠠ᠃    ᠳᠣᠯᠤᠭ᠎ᠠ᠂ ᠴᠠᠯᠢᠩ ᠤᠨ ᠨᠥᠬᠦᠪᠥᠷᠢ ᠶᠢᠨ ᠲᠥᠷᠥᠯ ᠤᠨ ᠨᠥᠬᠦᠪᠥᠷᠢ ᠶᠢᠨ ᠬᠦᠷᠢᠶ᠎ᠡ ᠴᠠᠷᠠᠭ᠎ᠠ ᠳᠤ 0.86 ᠲᠦᠮᠡᠨ ᠲᠥᠭᠦᠷᠢᠭ ᠂ ᠴᠥᠭᠦᠷᠥᠮ ᠤᠨ ᠣᠷᠣᠨ ᠤ ᠠᠷᠠᠳ ᠢ ᠨᠡᠭᠦᠯᠭᠡᠬᠦ ᠨᠥᠬᠦᠪᠥᠷᠢ  ᠪᠣᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号