ᠵᠧᠦ ᠵᠠᠨ ᠯᠢ ᠠᠶᠤᠯᠭᠦᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠱᠠᠯᠠᠪᠳᠠᠭᠤᠯᠤᠨ ᠵᠢᠯᠣᠭᠤᠳᠴᠤ  ᠪᠠᠶᠢᠴᠠᠭᠠᠪᠠ
ᠨᠡᠶᠢᠲᠡᠯᠡᠭᠰᠡᠨ ᠴᠠᠭ᠄
2024/3/4
    3 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠵᠧᠤ ᠵᠠᠨ ᠯᠢ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠢ ᠳᠠᠭᠠᠭᠤᠯᠤᠨ ᠬᠤᠰᠢᠭᠤᠨ ᠳᠣᠲᠣᠷᠠᠬᠢ ᠭᠤᠤᠯᠳᠠᠯᠭ᠎ᠠ ᠲᠠᠢ ᠭᠠᠯ ᠰᠡᠷᠭᠡᠶᠢᠯᠡᠬᠦ ᠣᠷᠣᠨ ᠵᠢᠴᠢ ᠬᠠᠮᠢᠶ᠎ᠠ ᠪᠥᠬᠦᠶ ᠠᠵᠤ ᠠᠬᠤᠶᠢᠯᠠᠯ ᠳᠤ ᠭᠦᠨᠵᠡᠭᠡᠶᠢᠷᠡᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠪᠠ ᠠᠶᠤᠯᠭᠦᠶ  ᠦᠢᠯᠡᠳᠪᠦᠷᠢᠯᠡᠯ ᠤᠨ ᠠᠵᠢᠯ ᠢ ᠪᠣᠳᠠᠲᠠᠶ ᠭᠠᠵᠠᠷ ᠲᠤᠨᠢ ᠬᠢᠨᠠᠨ ᠵᠢᠯᠣᠭᠤᠳᠴᠤ  ᠪᠠᠶᠢᠴᠠᠭᠠᠪᠠ᠃     ᠵᠧᠦ ᠵᠠᠨ ᠯᠢ ᠨᠡᠷ ᠤᠷᠢᠳ ᠬᠤᠵᠢᠳ ᠰᠢᠨ ᠾᠦᠢ ᠪᠠᠯᠭᠠᠰᠤ ᠶᠢᠨ ᠯᠢᠶᠠᠨ  ᠵᠠᠩ ᠱᠠᠨ ᠠᠭᠤᠯᠠᠨ ᠤ ᠭᠠᠯ ᠰᠡᠷᠭᠡᠶᠢᠯᠡᠬᠦ  ᠣᠷᠤᠨ᠂  ᠾᠦᠢ ᠰᠢᠶᠠᠩ ᠶᠤᠸᠠᠨ ᠢᠳᠡᠭᠡᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠦᠢ ᠯᠢᠦ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ᠂ ᠬᠤᠸᠠ ᠬᠠᠢ ᠠᠷᠢᠬᠢᠨ ᠤ ᠦᠢᠯᠡᠰ ᠤᠨ ᠬᠢᠵᠠᠭᠠᠷᠲᠤ ᠺᠣᠮᠫᠠᠨᠢ᠂ ᠤᠯᠠᠭᠠᠨᠬᠠᠳᠠ ᠶᠢᠨ ᠪᠦᠦ ᠯᠢ ᠯᠠᠢ ᠮᠠᠯ ᠠᠵᠤ ᠠᠬᠤᠢ ᠲᠠᠷᠢᠶᠠᠯᠠᠩ ᠤᠨ ᠬᠢᠵᠠᠭᠠᠷᠲᠤ ᠺᠣᠮᠫᠠᠨᠢ ᠳᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠬᠤ᠂ ᠯᠠᠪᠯᠠᠨ ᠠᠰᠠᠭᠤᠵᠤ ᠰᠣᠯᠢᠯᠴᠠᠬᠤ ᠵᠡᠷᠭᠡ ᠠᠷᠭ᠎ᠠ ᠬᠡᠯᠪᠡᠷᠢ ᠪᠠᠷ ᠤᠢ ᠰᠢᠭᠤᠢ ᠨᠤᠲᠤᠭ ᠪᠡᠯᠴᠢᠭᠡᠷ ᠤᠨ ᠭᠠᠯ  ᠰᠡᠷᠭᠡᠶᠢᠯᠡᠨ ᠤᠨᠲᠠᠷᠠᠭᠠᠬᠤ ᠪᠠ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠣᠶᠢᠯᠠᠭᠠᠪᠠ᠃    ᠵᠧᠦ ᠵᠠᠨ ᠯᠢ ᠠᠴᠠ᠂ ᠣᠳᠣᠬᠠᠨ ᠳᠤ ᠨᠢᠭᠡᠨᠲᠡ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠠᠢ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠵᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠪᠠ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠯᠠᠨ ᠭᠠᠷᠳᠠᠭ ᠠᠰᠠᠭᠤᠳᠠᠯ ᠢ ᠡᠬᠢ ᠡᠭᠦᠰᠦᠯ ᠠᠴᠠ ᠨᠢ ᠦᠨᠡᠨᠬᠦ ᠰᠢᠢᠳᠪᠦᠷᠢᠯᠡᠬᠦ ᠬᠡᠷᠡᠭᠲᠡᠢ︔ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠤᠬᠠᠭᠤᠯᠭ᠎ᠠ ᠶᠢ ᠦᠷᠭᠦᠯᠵᠢᠯᠡᠨ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠷᠦ ᠶᠢᠨ ᠮᠡᠳᠡᠯᠭᠡ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠠᠮᠤᠷ ᠲᠦᠪᠰᠢᠨ ᠢᠶᠠᠷ ᠭᠠᠯ ᠬᠡᠷᠡᠭᠯᠡᠬᠦ ᠪᠠ ᠠᠶᠤᠯ ᠠᠴᠠ ᠪᠠᠴᠢᠮ ᠵᠠᠶᠢᠯᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠥᠷᠨᠢᠭᠦᠯᠵᠦ᠂ ᠪᠥᠬᠦ ᠠᠷᠠᠳ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠤᠯᠠᠮ ᠴᠢᠨᠠᠭᠰᠢᠳᠠ ᠴᠢᠩᠭᠠᠳᠬᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠬᠤᠯᠪᠣᠭᠠᠯᠠᠨ ᠬᠥᠳᠡᠯᠦᠯᠴᠡᠬᠦ ᠵᠢᠯᠣᠭᠤᠳᠬᠤ ᠲᠣᠭᠲᠠᠴᠠ ᠶᠢ ᠰᠢᠯᠢᠳᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠶᠢᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃    ᠵᠧᠤ ᠵᠠᠨ ᠯᠢ  ᠠᠴᠠ᠂ ᠴᠠᠭᠠᠨ ᠰᠠᠷ᠎ᠠ ᠥᠩᠭᠡᠷᠡᠭᠰᠡᠨ ᠤ ᠲᠠᠷᠠᠭ᠎ᠠ᠂ ᠡᠯ᠎ᠡ ᠠᠵᠢᠯ ᠲᠦᠷᠦᠯ ᠤᠨ ᠬᠢᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠪᠠ ᠪᠠᠶᠢᠴᠠᠭᠠᠨ ᠰᠡᠯᠪᠢᠬᠦ ᠠᠵᠢᠯ ᠤᠨ ᠤᠷᠬᠢᠯ ᠤᠨ ᠱᠠᠲᠤᠨ ᠳᠤ ᠣᠷᠣᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠨᠡᠩ ᠠᠮᠠᠷᠬᠠᠨ ᠭᠠᠷᠳᠠᠭ᠂ ᠡᠶᠢᠮᠦ ᠠᠴᠠ ᠤᠢᠢᠷ᠎ᠠ ᠶᠢᠨ ᠬᠤᠭᠤᠴᠠᠭᠠᠨ ᠤ ᠡ᠊ᠨᠳᠡᠯ ᠠᠴᠠ ᠭᠦᠨᠵᠡᠭᠡᠢ ᠰᠤᠷᠭᠠᠮᠵᠢ ᠠᠪᠴᠤ᠂ ᠡ᠊ᠨᠳᠡᠯ ᠤᠨ ᠰᠢᠯᠲᠠᠭᠠᠨ ᠢ ᠭᠦᠨᠵᠡᠭᠡᠢ ᠵᠠᠳᠠᠯᠵᠤ᠂ ᠨᠡᠩ ᠬᠦᠴᠦᠲᠡᠢ᠂ ᠨᠡᠩ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠡ᠊ᠨᠳᠡᠯ ᠤᠨ ᠲᠠᠯᠳᠠ ᠭᠡᠮ ᠢ ᠦᠨᠳᠦᠰᠦᠨ ᠠᠴᠠ ᠨᠢ ᠠᠷᠢᠯᠭᠠᠬᠤ ᠪᠠᠷ ᠬᠦᠴᠦᠯᠡᠵᠦ᠂ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠵᠦ ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠵᠤ᠂ ᠦᠷᠭᠦᠯᠵᠢ ᠰᠡᠷᠡᠮᠵᠢᠯᠡᠬᠦ ᠬᠡᠷᠡᠭᠲᠡᠢ︔ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠶᠤᠯ ᠲᠦᠭᠰᠢᠭᠦᠷᠢ ᠶᠢᠨ ᠭᠡᠮ ᠰᠣᠭᠤᠭ ᠢ ᠣᠨᠣᠪᠴᠢᠲᠠᠢ ᠢᠯᠭᠠᠨ ᠲᠠᠨᠢᠵᠤ᠂ ᠭᠤᠣᠯᠳᠠᠯᠭ᠎ᠠ ᠲᠠᠢ ᠴᠠᠭ᠂ ᠭᠤᠣᠯᠳᠠᠯᠭ᠎ᠠ ᠲᠠᠢ ᠠᠵᠢᠯ ᠤᠨ ᠪᠠᠶᠢᠷᠢ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠲᠣᠭᠤᠷᠢᠨ ᠳᠤ ᠡᠳᠦᠷ ᠲᠤᠳᠤᠮ ᠤᠨ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠲᠥᠬᠦᠭᠡᠷᠦᠮᠵᠢ ᠶᠢ ᠠᠮᠤᠷ ᠲᠦᠪᠰᠢᠨ ᠪᠠᠶᠢᠳᠠᠯ ᠳᠤ ᠪᠠᠶᠢᠯᠭᠠᠵᠤ᠂ ᠡᠯ᠎ᠡ ᠵᠦᠢᠯ ᠤᠨ ᠠᠵᠢᠯ ᠢ ᠬᠢᠨᠠᠨ ᠬᠠᠮᠢᠶᠠᠷᠬᠤ ᠪᠠᠶᠢᠳᠠᠯ ᠳᠤ ᠪᠠᠶᠢᠯᠭᠠᠵᠤ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠢᠶᠠᠷ ᠡᠵᠡᠩᠨᠡᠬᠦ ᠶᠢ ᠪᠠᠲᠤᠯᠠᠬᠤ ᠬᠡᠷᠡᠭᠲᠡᠢ︔ ᠪᠠᠶᠢᠴᠠᠭᠠᠨ ᠵᠢᠯᠣᠭᠤᠳᠬᠤ ᠡᠷᠴᠢᠮ ᠢᠶᠠᠨ ᠴᠢᠩᠭᠠᠷᠠᠭᠤᠯᠵᠤ᠂ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠤᠯᠠᠮ ᠨᠢᠭᠡ ᠠᠯᠬᠤᠮ ᠪᠣᠳᠠᠲᠠᠢ ᠪᠥᠭᠡᠳ ᠨᠠᠷᠢᠯᠢᠭ ᠠᠳᠬᠤᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ︽ᠡᠷᠬᠢᠨ ᠬᠠᠷᠠᠬᠤ︾ ᠠᠵᠢᠯ ᠢ ᠥᠷᠨᠢᠭᠦᠯᠵᠦ᠂ ︽ᠨᠢᠭᠡ ᠭᠠᠵᠠᠷ ᠢ ᠵᠢᠭᠰᠠᠭᠠᠨ ᠪᠠᠶᠢᠴᠠᠭᠠᠵᠤ᠂ ᠨᠢᠭᠡ ᠭᠠᠵᠠᠷ ᠢ ᠲᠣᠳᠣᠷᠬᠠᠢ ᠣᠶᠢᠯᠠᠭᠠᠵᠤ᠂ ᠨᠢᠭᠡ ᠭᠠᠵᠠᠷ ᠢ ᠴᠡᠭᠴᠡᠯᠡᠨ ᠰᠠᠶᠢᠵᠢᠷᠠᠭᠤᠯᠵᠤ ᠂ ᠨᠢᠭᠡ ᠭᠠᠵᠠᠷ ᠢ ᠠᠮᠤᠷ ᠲᠦᠪᠰᠢᠨ ᠪᠠᠶᠢᠯᠭᠠᠬᠤ︾ ᠶᠢ ᠪᠡᠶᠡᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠴᠣᠭᠴᠠᠯᠠᠬᠤ ᠬᠡᠷᠡᠭᠲᠡᠢ ᠭᠡᠵᠦ ᠵᠢᠭᠠᠨ ᠭᠠᠷᠭᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号