ᠠᠤᠬᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾  ᠶᠢᠨ ᠠᠵᠢᠯ ᠢ ᠠᠬᠢᠭᠤᠯᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/3/4
     ᠠᠤᠬᠠᠨ ᠬᠤᠰᠢᠭᠤᠨ ᠤ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ 2024 ᠣᠨ ᠤ 2 ᠰᠠᠷ᠎ᠠ ᠶᠢᠨ 29 ᠤ ᠡᠳᠦᠷ᠂ ᠠᠤᠬᠠᠨ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ︽ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ︾ ᠶᠢᠨ ᠠᠵᠢᠯ ᠢ ᠳᠥᠯᠭᠢᠨ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ᠂ ᠬᠤᠰᠢᠭᠤᠨ ᠤ ᠬᠦᠷᠢᠶᠡᠯᠡᠩ ᠲᠣᠭᠤᠷᠢᠭ ᠤᠨ ᠠᠯᠪᠠᠨ ᠬᠡᠷ ᠤᠨ ᠨᠡᠶᠢᠲᠡ 42 ᠬᠦᠮᠦᠰ ᠬᠤᠷᠠᠯ ᠳᠤ ᠣᠷᠣᠯᠴᠠᠵᠠᠶ᠃    ᠬᠤᠷᠠᠯ ᠠᠴᠠ ᠂ ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠦᠷᠢᠶᠡᠯᠡᠩ ᠲᠣᠭᠤᠷᠢᠭ ᠤᠨ ᠠᠯᠪᠠᠨ ᠬᠡᠷ ᠤᠨ ᠲᠤᠭ᠎ᠠ ᠪᠦᠷᠢᠳᠬᠡᠯ ᠤᠨ ᠠᠵᠢᠯᠲᠠᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠡᠯ᠎ᠡ ᠲᠤᠰᠬᠠᠶ ᠮᠡᠷᠭᠡᠵᠢᠯ ᠤᠨ ᠠᠵᠢᠯᠲᠠᠨ ᠲᠠᠪᠤᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠩ ᠤᠨ ᠠᠵᠢᠯ ᠤᠨ ᠠᠬᠢᠴᠠ᠂ ᠲᠤᠭ᠎ᠠ ᠪᠠᠷᠢᠮᠲᠠ ᠶᠢᠨ ᠶᠠᠰᠤ ᠴᠢᠨᠠᠷ᠂ ᠬᠢᠨᠠᠨ ᠬᠠᠷᠭᠤᠭᠤᠯᠬᠤ  ᠭᠦᠢᠴᠡᠳᠬᠡᠯ ᠲᠤᠭ᠎ᠠ᠂ ᠡᠷᠦᠬᠡ ᠳᠤ ᠣᠷᠣᠬᠤ ᠶᠠᠰᠤ ᠴᠢᠨᠠᠷ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠬᠠᠷᠢᠴᠠᠭᠤᠯᠤᠯ᠂ ᠠᠰᠠᠭᠤᠳᠠᠯ ᠤᠨ ᠰᠠᠨᠠᠭᠤᠯᠭ᠎ᠠ ᠵᠡᠷᠭᠡ ᠳᠤ ᠨᠢᠭᠡᠳ ᠨᠢᠭᠡ ᠪᠠᠷ ᠬᠠᠷᠢᠭᠤᠯᠲᠠ ᠥᠭᠴᠡᠶ᠃ ᠬᠤᠷᠠᠯ ᠠᠴᠠ ᠂ ᠲᠠᠷᠠᠭᠠᠴᠢ ᠶᠢᠨ ᠱᠠᠲᠤᠨ ᠤ ᠠᠵᠤ ᠠᠬᠤᠢ ᠶᠢᠨ ᠨᠡᠶᠢᠳᠡᠮ ᠤᠨ ᠪᠠᠶᠢᠴᠠᠭᠠᠯᠲᠠ ᠶᠢᠨ ᠠᠵᠢᠯ ᠳᠤ ᠴᠢᠬᠤᠯᠠ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃    ᠬᠤᠷᠠᠯ ᠠᠴᠠ᠂ ᠵᠢᠩᠬᠢᠨᠢ ᠪᠠᠷ ᠨᠡᠶᠢᠳᠡᠮ ᠪᠠᠶᠢᠴᠠᠭᠠᠵᠤ ᠳᠠᠩᠰᠠᠯᠠᠬᠤ ᠠᠵᠢᠯ ᠨᠢᠭᠡᠨᠲᠡ ᠵᠠᠩᠭᠢᠯᠠᠭ᠎ᠠ ᠶᠢᠨ ᠴᠠᠭ ᠬᠤᠭᠤᠴᠠᠭᠠᠨ ᠳᠤ ᠬᠦᠷᠴᠦ᠂ ᠬᠠᠤᠯᠢ ᠲᠣᠭᠲᠠᠭᠠᠯ ᠶᠣᠰᠣᠭᠠᠷ ᠲᠤᠭ᠎ᠠ ᠪᠠᠷᠢᠮᠲᠠ ᠶᠢᠨ ᠶᠠᠰᠤ ᠴᠢᠨᠠᠷ ᠪᠠ ᠴᠠᠭ ᠤᠨ ᠵᠠᠩᠭᠢᠯᠠᠭ᠎ᠠ ᠶᠢᠨ ᠴᠠᠭ ᠬᠤᠭᠤᠴᠠᠭ᠎ᠠ ᠶᠢ ᠴᠢᠩᠭ᠎ᠠ ᠠᠳᠬᠤᠬᠤ ᠬᠡᠷᠡᠭᠲᠡᠶ᠄ ᠨᠢᠭᠡ ᠳᠤ ᠂ ᠨᠢᠭᠡ ᠢᠵᠢ ᠬᠦᠰᠦᠨᠦᠭᠲᠦ ᠶᠢᠨ ᠨᠢᠭᠡᠴᠢ ᠶᠢ ᠡᠷᠲᠡ ᠠᠴᠠ ᠮᠡᠳᠡᠭᠦᠯᠵᠦ ᠴᠢᠩᠭ᠎ᠠ ᠬᠢᠨᠠᠬᠤ ᠬᠡᠷᠡᠭᠲᠡᠶ︔ ᠬᠤᠶᠠᠷ ᠲᠤ᠂ ᠨᠢᠭᠡ ᠢᠵᠢ ᠬᠦᠰᠦᠨᠦᠭ ᠤᠨ ᠪᠤᠰᠤ ᠨᠢᠭᠡᠴᠢ᠂ ᠥᠯᠢᠭᠡᠷ ᠠᠪᠤᠭᠰᠠᠨ ᠬᠤᠪᠢ ᠶᠢᠨ ᠡᠷᠦᠬᠡ ᠵᠡᠷᠭᠡ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠲᠤᠬᠠᠶ ᠶᠢᠨ ᠭᠠᠵᠠᠷ ᠲᠤᠨᠢ ᠡᠷᠦᠬᠡ ᠳᠤ ᠣᠷᠣᠭᠤᠯᠵᠤ᠂ ᠦᠨᠡᠨ ᠪᠣᠳᠠᠲᠠᠶ ᠪᠠᠷ ᠲᠠᠭᠯᠠᠨ ᠮᠡᠳᠡᠭᠦᠯᠵᠦ᠂ ᠠᠩᠬ᠎ᠠ ᠤᠳᠠᠭ᠎ᠠ ᠬᠤᠶᠠᠳᠠᠬᠢ ᠤᠳᠠᠭ᠎ᠠ ᠬᠠᠩᠭᠠᠭᠰᠠᠨ ᠲᠤᠭ᠎ᠠ ᠪᠠᠷᠢᠮᠲᠠ ᠯᠤᠭ᠎ᠠ ᠨᠢᠭᠡᠳᠦᠯ ᠥᠬᠡᠶ ᠨᠡᠶᠢᠳᠡᠮ ᠪᠠᠶᠢᠴᠠᠭᠠᠯᠲᠠ ᠶᠢᠨ ᠡᠲᠡᠭᠡᠳ ᠲᠤ᠂ ᠲᠤᠭ᠎ᠠ ᠪᠠᠷᠢᠮᠲᠠ ᠶᠢᠨ ᠭᠡᠷᠡᠴᠢ ᠪᠠᠷᠢᠮᠲᠠ ᠶᠢᠨ ᠣᠷᠣᠮ ᠢ ᠲᠠᠩᠰᠠ ᠡᠪᠬᠡᠮᠡᠯ ᠳᠤ ᠣᠷᠣᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ︔ ᠭᠤᠷᠪᠠ ᠳᠤ ᠂ ᠴᠢᠭᠯᠡᠭᠦᠯᠬᠦ ᠴᠢᠨᠠᠷᠲᠠᠶ  ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠥᠷᠨᠢᠭᠦᠯᠵᠦ᠂ ᠢᠯᠠᠩᠭᠤᠶ᠎ᠠ ᠨᠡᠶᠢᠳᠡᠮ ᠪᠠᠶᠢᠴᠠᠭᠠᠯᠲᠠ ᠶᠢᠨ ᠳᠤᠮᠳᠠ ᠢᠯᠡᠷᠡᠭᠰᠡᠨ ᠰᠢᠨ᠎ᠡ ᠠᠰᠠᠭᠤᠳᠠᠯ ᠢ ᠪᠤᠰᠤᠳᠴᠢ ᠪᠣᠳᠠᠲᠤ ᠪᠠᠶᠢᠳᠠᠯ ᠳᠤ ᠰᠠᠭᠤᠷᠢᠯᠠᠨ᠂ ᠨᠡᠶᠢᠳᠡᠮ ᠪᠠᠶᠢᠴᠠᠭᠠᠯᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠡᠨᠬᠦ ᠪᠠᠲᠤᠯᠠᠵᠤ᠂ ᠲᠤᠭ᠎ᠠ ᠪᠠᠷᠢᠮᠲᠠ ᠶᠢ ᠬᠢᠨᠠᠨ ᠬᠠᠷᠭᠤᠭᠤᠯᠬᠤ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠪᠣᠯᠤᠨ ᠲᠤᠭ᠎ᠠ ᠪᠠᠷᠢᠮᠲᠠ ᠶᠢ  ᠰᠢᠢᠳᠪᠦᠷᠢᠯᠡᠬᠦ ᠲᠠᠰ ᠳᠠᠷᠠᠭᠠᠯᠠᠯ ᠢ ᠪᠣᠯᠪᠠᠰᠤᠷᠠᠩᠭᠤᠶ ᠡᠵᠡᠮᠰᠢᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠳᠤᠮᠳᠠᠬᠢ ᠭᠤᠭᠴᠤᠭ᠎ᠠ ᠨᠢᠭᠡᠪᠦᠷᠢ ᠶᠢᠨ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号