ᠰᠠᠯᠪᠤᠷᠢ ᠰᠢᠶᠠᠩ᠄ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ  ᠨᠡᠮᠡᠷᠢᠯᠡᠨ᠎ᠡ
ᠨᠡᠶᠢᠲᠡᠯᠡᠭᠰᠡᠨ ᠴᠠᠭ᠄
2024/3/5
    ᠤᠢᠢᠷ᠎ᠠ ᠶᠢᠨ ᠵᠢᠯ ᠠᠴᠠ᠂ ᠰᠠᠯᠪᠤᠷᠢ ᠰᠢᠶᠠᠩ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠤᠢᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠪᠦᠬᠦ ᠰᠢᠶᠠᠩ ᠤᠨ ᠠᠮᠢ ᠠᠬᠤᠢ ᠶᠢᠨ ᠣᠷᠴᠢᠨ ᠲᠣᠭᠤᠷᠢᠨ ᠤ ᠰᠠᠶᠢᠵᠢᠷᠠᠯᠲᠠ ᠲᠠᠢ ᠰᠢᠯᠢᠳᠡᠭ ᠲᠡᠰᠢ ᠬᠥᠭᠵᠢᠬᠦ ᠶᠢ ᠠᠬᠢᠭᠤᠯᠵᠤ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃    ᠺᠠᠳ᠋ᠷ ᠣᠯᠠᠨ ᠲᠦᠮᠡᠨ ᠬᠤᠯᠪᠣᠭᠠᠯᠠᠨ ᠬᠥᠳᠡᠯᠦᠯᠴᠡᠵᠦ᠂ ᠬᠠᠮᠲᠤᠷᠠᠯ ᠬᠦᠴᠦᠨ ᠢ ᠨᠢᠭᠲᠠᠷᠠᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ  ᠨᠦᠭᠦᠴᠡᠯ ᠢ ᠰᠠᠶᠢᠵᠢᠷᠠᠭᠤᠯᠬᠤ ᠶᠢ ᠢᠮᠠᠭᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠶᠢᠨ ᠰᠢᠪᠲᠤᠯᠤᠯᠲᠠ ᠶᠢᠨ ᠴᠡᠭ ᠪᠣᠯᠭᠠᠵᠤ᠂ ︽ᠲᠣᠣᠷᠵᠢᠯ ᠤᠨ ᠬᠠᠮᠢᠶᠠᠷᠤᠯᠲᠠ᠂ ᠬᠠᠷᠢᠭᠤᠴᠠᠯᠭ᠎ᠠ ᠶᠢ ᠲᠣᠭᠲᠠᠭᠠᠬᠤ᠂ ᠣᠷᠣᠨ ᠪᠦᠰᠡ ᠠᠴᠠ ᠬᠥᠮᠦᠨ ᠳᠤ ᠬᠦᠷᠭᠡᠬᠦ ᠂ ᠱᠠᠳᠤ ᠱᠠᠳᠤ ᠪᠠᠷ ᠨᠠᠶᠢᠳᠠᠪᠤᠷᠢᠵᠢᠭᠤᠯᠬᠤ︾ ᠠᠵᠢᠯ ᠤᠨ ᠵᠠᠭᠪᠤᠷ ᠢᠶᠠᠷ ᠬᠠᠷᠢᠭᠤᠴᠠᠯᠭ᠎ᠠ ᠶᠢ ᠬᠥᠮᠦᠨ ᠨᠢᠭᠡᠪᠦᠷᠢ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ  ᠪᠠᠲᠤᠯᠠᠨ᠎ᠠ᠃ ᠡᠭᠦᠨ ᠤ ᠬᠠᠮᠲᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠡᠭᠦᠷ ᠢᠶᠠᠷ ᠳᠠᠶᠢᠴᠢᠯᠠᠬᠤ᠂ ᠨᠠᠮ ᠤᠨ ᠭᠡᠰᠢᠭᠦᠨ ᠢᠶᠠᠷ ᠳᠠᠶᠢᠴᠢᠯᠠᠬᠤ᠂ ᠲᠣᠰᠬᠤᠨ ᠤ ᠳᠤᠭᠤᠶᠢᠯᠠᠩ ᠤᠨ ᠳᠠᠷᠤᠭ᠎ᠠ ᠶᠢ ᠠᠬᠢᠭᠤᠯᠬᠤ᠂ ᠨᠠᠮ ᠤᠯᠠᠨ ᠲᠦᠮᠡᠨ ᠬᠠᠷᠢᠯᠴᠠᠨ ᠬᠥᠳᠡᠯᠦᠯᠴᠡᠭᠰᠡᠨ ︽ᠨᠠᠮ ᠤᠨ ᠪᠠᠶᠢᠭᠤᠯᠤᠯᠲᠠ +︾ ᠶᠢᠨ ᠵᠠᠭᠪᠤᠷ ᠢ ᠪᠦᠷᠢᠯᠳᠦᠭᠦᠯᠵᠦ᠂ ᠪᠦᠬᠦ ᠰᠢᠶᠠᠩ ᠢᠶᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠠᠮᠵᠢᠯᠴᠠᠨ ᠪᠠᠶᠢᠯᠳᠤᠵᠤ᠂ ᠰᠢᠶᠠᠩ ᠤᠨ ᠰᠢᠭᠤᠳ ᠬᠠᠷᠢᠶ᠎ᠠ ᠺᠠᠳ᠋ᠷ ᠪᠣᠯᠤᠨ ᠲᠣᠰᠬᠤᠨ ᠤ ᠺᠠᠳ᠋ᠷ᠂ ᠤᠯᠠᠨ ᠲᠦᠮᠡᠨ ᠬᠠᠮᠲᠤᠪᠠᠷ ᠵᠠᠰᠠᠪᠠ᠃    ᠣᠬᠠᠭᠤᠯᠭ᠎ᠠ ᠪᠠᠨ ᠴᠢᠩᠭᠠᠳᠬᠠᠵᠣ᠂ ᠠᠭᠤᠷ ᠠᠮᠢᠰᠬᠤᠯ ᠢ ᠪᠣᠢ ᠪᠣᠯᠭᠠᠨ᠎ᠠ᠃ ᠲᠣᠰᠬᠤᠨ ᠤ ᠲᠦᠷᠢᠮ ᠠᠷᠠᠳ ᠤᠨ ᠭᠡᠷ᠎ᠡ᠂ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠵᠢᠱᠢᠶ᠎ᠡ ᠦᠵᠡᠭᠦᠯᠬᠦ ᠡᠷᠦᠬᠡ︾ ᠶᠢ ᠠᠳᠠᠯᠢᠳᠬᠠᠨ ᠰᠢᠯᠭᠠᠷᠠᠭᠤᠯᠬᠤ ᠵᠡᠷᠭᠡ ᠤᠯᠠᠨ ᠵᠦᠢᠯ ᠤᠨ ᠬᠡᠯᠪᠡᠷᠢ ᠶᠢ ᠭᠦᠢᠴᠡᠳ ᠠᠰᠢᠭᠯᠠᠵᠤ᠂ ᠤᠯᠠᠨ ᠲᠦᠮᠡᠨ ᠢ ᠤᠬᠠᠭᠤᠯᠤᠨ ᠬᠦᠳᠦᠯᠦᠨ ᠵᠢᠯᠣᠭᠤᠳᠴᠤ ᠪᠠᠶᠢᠭᠠᠳ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠳᠤ ᠰᠠᠨᠠᠭᠠᠴᠢᠯᠠᠭ᠎ᠠ ᠠᠴᠠ ᠪᠠᠨ ᠣᠷᠤᠯᠴᠠᠭᠤᠯᠤᠨ᠎ᠠ᠃ ᠲᠣᠰᠬᠤᠨ ᠤ ᠱᠠᠲᠤᠨ ᠤ ᠷᠠᠳᠢᠣ᠋ ᠨᠡᠪᠲᠡᠷᠡᠭᠦᠯᠭᠡ᠂ ᠬᠥᠨᠳᠡᠯᠡᠨ ᠪᠢᠴᠢᠭᠡᠰᠦ ᠶᠢᠨ ᠵᠠᠷᠯᠠᠯ᠂ ᠤᠬᠠᠭᠤᠯᠭ᠎ᠠ ᠶᠢᠨ ᠪᠤᠯᠤᠩ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠠᠴᠢᠶᠠᠯᠠᠪᠤᠷᠢ ᠶᠢ ᠥᠷᠭᠡᠨ ᠢᠶᠠᠷ ᠬᠡᠷᠡᠭᠯᠡᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠶᠢᠨ ᠴᠢᠬᠤᠯᠠ ᠴᠢᠨᠠᠷ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠤᠬᠠᠭᠤᠯᠵᠤ᠂ ᠪᠣᠬᠢᠷᠲᠤᠯ ᠥᠬᠡᠶ ᠠᠮᠢᠳᠤᠷᠠᠯ᠂ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠪᠠ ᠳᠠᠳᠬᠠᠯ ᠢ ᠪᠤᠶᠢᠵᠢᠭᠤᠯᠤᠨ ᠪᠠᠳᠠᠷᠠᠭᠤᠯᠵᠤ᠂ ᠬᠥᠮᠦᠨ ᠪᠦᠬᠦᠨ ᠣᠷᠣᠯᠴᠠᠬᠤ᠂ ᠴᠤᠭᠭᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃     ᠱᠠᠯᠠᠪᠳᠠᠭᠤᠯᠤᠨ ᠪᠠᠶᠢᠴᠠᠭᠠᠬᠤ ᠶᠢ ᠴᠢᠩᠭᠠᠷᠠᠭᠤᠯᠤᠨ᠂ ᠲᠣᠭᠲᠠᠴᠠ ᠶᠢ ᠪᠦᠷᠢᠯᠳᠦᠭᠦᠯᠦᠨ᠎ᠡ᠃ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠣᠨ ᠤ ᠰᠢᠯᠭᠠᠨ  ᠬᠢᠨᠠᠯᠲᠠ ᠳᠤ ᠣᠷᠣᠭᠤᠯᠵᠤ᠂ ᠣᠷᠣᠰᠢᠨ ᠰᠠᠭᠤᠬᠤ ᠣᠷᠴᠢᠨ ᠨᠦᠭᠦᠴᠡᠯ ᠢ ᠴᠡᠭᠴᠡᠯᠡᠨ ᠵᠠᠰᠠᠬᠤ ᠲᠤᠰᠬᠠᠶ  ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠡᠯ᠎ᠡ ᠲᠣᠰᠬᠤᠨ ᠤ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠱᠠᠯᠠᠪᠳᠠᠭᠤᠯᠤᠨ ᠵᠢᠯᠣᠭᠤᠳᠴᠤ ᠪᠠᠶᠢᠴᠠᠭᠠᠵᠤ᠂ ᠠᠰᠠᠭᠤᠳᠠᠯ ᠤᠨ ᠡᠬᠡ ᠲᠠᠩᠰᠠ ᠪᠠᠶᠢᠭᠤᠯᠬᠤ ᠶᠢᠨ ᠬᠠᠮᠲᠤ ᠴᠡᠭᠴᠡᠯᠡᠨ ᠵᠠᠰᠠᠬᠤ ᠴᠠᠭ ᠤᠨ ᠬᠢᠵᠠᠭᠠᠷ ᠪᠠ ᠴᠡᠭᠴᠡᠯᠡᠨ ᠵᠠᠰᠠᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ᠨᠢᠭᠡ ᠶᠢ ᠣᠯᠵᠤ ᠮᠡᠳᠡᠪᠡᠯ᠂ ᠨᠢᠭᠡ ᠶᠢ ᠴᠡᠭᠴᠡᠯᠡᠨ ᠵᠠᠰᠠᠬᠤ ᠶᠢ ᠦᠨᠡᠨᠬᠦ  ᠪᠠᠲᠤᠯᠠᠨ᠎ᠠ᠃ ᠡᠭᠦᠨ ᠤ ᠬᠠᠮᠲᠤ᠂ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠤᠶᠠᠯᠳᠤᠭᠤᠯᠬᠤ ᠶᠢ ᠪᠠᠷᠢᠮᠲᠠᠯᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠬᠤ ᠶᠢ ᠰᠢᠯᠭᠠᠨ ᠬᠢᠨᠠᠬᠤ ᠲᠣᠭᠲᠠᠴᠠ ᠶᠢ ᠲᠡᠭᠦᠯᠳᠡᠷᠵᠢᠭᠦᠯᠦᠨ᠂ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠪᠣᠶ ᠪᠣᠯᠭᠠᠵᠤ᠂ ᠬᠥᠮᠦᠰ ᠤᠨ ᠣᠷᠣᠰᠢᠨ ᠰᠠᠭᠤᠬᠤ ᠣᠷᠴᠢᠨ  ᠨᠦᠭᠦᠴᠡᠯ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠦᠨᠡᠨᠬᠦ ᠪᠠᠬᠢᠵᠢᠭᠦᠯᠦᠨ᠎ᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号