ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ  ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/3/5
         ᠠᠤᠬᠠᠨ  ᠬᠤᠰᠢᠭᠤᠨ ᠤ ᠬᠢᠨᠠᠨ ᠪᠣᠳᠣᠬᠤ ᠲᠣᠪᠴᠢᠶ᠎ᠠ ᠶᠢᠨ ︽ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ︾ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠢᠯᠠᠭᠰᠠᠨ ᠠᠵᠢᠯ ᠤᠨ ᠬᠢᠷᠢ  ᠲᠦᠪᠰᠢᠨ ᠢ ᠪᠦᠬᠦ ᠲᠠᠯ᠎ᠠ ᠪᠠᠷ  ᠳᠡᠭᠡᠭᠰᠢᠯᠡᠭᠦᠯᠦᠨ᠎ᠡ᠃ 3 ᠰᠠᠷ᠎ᠠ ᠶᠢᠨ 4 ᠤ ᠡᠳᠦᠷ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ︾ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ  ᠬᠤᠷᠠᠯᠳᠤᠵᠤ᠂ ᠬᠤᠷᠠᠯ ᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠡᠷᠭᠢᠯᠡᠵᠦ᠂ ᠪᠥᠬᠦ ᠺᠠᠳ᠋ᠷᠴᠤᠳ ᠬᠤᠷᠠᠯ ᠳᠤ ᠣᠷᠣᠯᠴᠠᠪᠠ᠃    ᠬᠤᠷᠠᠯ ᠠᠴᠠ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023—2025 ᠣᠨ︶︾ ᠶᠢᠨ ᠵᠣᠷᠢᠭ ᠰᠠᠨᠠᠭ᠎ᠠ ᠶᠢ  ᠳᠠᠮᠵᠢᠭᠤᠯᠵᠤ᠂ ︽ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ 2024 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠪᠣᠯᠪᠠᠰᠤᠷᠠᠯ ᠤᠨ ᠲᠥᠰᠦᠯ︾ ᠢ ᠪᠠᠶᠢᠷᠢᠯᠠᠭᠤᠯᠵᠤ᠂ ᠬᠤᠷᠠᠯ ᠠᠴᠠ ᠬᠢᠨᠠᠨ ᠪᠤᠳᠤᠬᠤ ᠠᠵᠢᠯᠲᠠᠳ ᠢ ᠪᠣᠯᠪᠠᠰᠤᠷᠠᠯ ᠤᠨ ᠲᠥᠰᠦᠯ ᠢ ᠴᠢᠩᠭ᠎ᠠ ᠵᠢᠷᠤᠮᠯᠠᠨ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠮᠡᠳᠡᠯᠭᠡ ᠪᠣᠯᠤᠨ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠶᠠᠯᠳᠤᠭᠤᠯᠵᠤ᠂ ᠲᠥᠪᠯᠡᠷᠡᠭᠦᠯᠦᠨ ᠪᠣᠯᠪᠠᠰᠤᠷᠠᠭᠤᠯᠬᠤ ᠪᠠ ᠪᠡᠶ᠎ᠡ ᠪᠠᠨ ᠳᠠᠭᠠᠭᠠᠵᠤ ᠰᠤᠷᠤᠯᠴᠠᠬᠤ ᠶᠢ ᠤᠶᠠᠯᠳᠤᠭᠤᠯᠬᠤ ᠶᠢ ᠱᠠᠭᠠᠷᠳᠠᠪᠠ᠃ ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2023—2025 ᠣᠨ︶︾ ᠶᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠯ ᠤᠨ ᠵᠠᠪᠠᠯ ᠰᠤᠷᠬᠤ ᠬᠢᠴᠢᠶᠡᠯ ᠪᠣᠯᠭᠠᠬᠤ ᠬᠡᠷᠡᠭᠲᠡᠶ᠃ ︽ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ︾᠂ ᠰᠤᠷᠤᠯᠴᠠᠬᠤ᠂ ᠦᠢᠯᠡᠳᠦᠯᠭᠡᠵᠢᠭᠦᠯᠬᠦ ᠪᠠ ᠰᠢᠨ᠎ᠡ ᠶᠢ ᠡᠭᠦᠳᠬᠦ ᠪᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠢᠷᠢ ᠲᠦᠪᠰᠢᠨ ᠪᠠ ᠤᠯᠤᠰ ᠲᠥᠷᠥ ᠶᠢᠨ ᠬᠡᠪ ᠪᠣᠯᠪᠠᠰᠤᠷᠠᠯ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠨᠡᠮᠡᠭᠳᠡᠭᠦᠯᠦᠨ᠂ ᠬᠠᠤᠯᠢ ᠬᠡᠷᠡᠭᠵᠢᠭᠦᠯᠬᠦ ᠠᠵᠢᠯᠯᠠᠭ᠎ᠠ ᠪᠠᠨ ᠵᠢᠷᠤᠮᠵᠢᠭᠤᠯᠵᠤ᠂ ᠪᠦᠷᠢᠨ ᠴᠢᠳᠠᠪᠤᠷᠢᠲᠤ ᠬᠡᠯᠪᠡᠷᠢ ᠶᠢᠨ ᠴᠢᠨᠠᠷ ᠰᠠᠶᠢᠲᠠᠶ ᠬᠢᠨᠠᠨ ᠪᠤᠳᠤᠬᠤ ᠲᠤᠰᠬᠠᠶ ᠮᠡᠷᠭᠡᠵᠢᠯ ᠤᠨ ᠠᠵᠢᠯᠲᠠᠨ ᠪᠣᠯᠵᠣ᠂ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠭᠡᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号