ᠸᠠᠩ ᠶᠦᠩ ᠵᠢᠶᠦ᠋ᠨ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠵᠢᠷᠭᠤᠳᠤᠭᠠᠷ ᠬᠤᠭᠤᠴᠠᠭᠠᠨ ᠤ 63 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ  ᠬᠤᠷᠠᠯᠳᠤᠪᠠ
ᠨᠡᠶᠢᠲᠡᠯᠡᠭᠰᠡᠨ ᠴᠠᠭ᠄
2024/3/5
C:\Users\Administrator\Desktop\1.jpg   
    ᠣᠷᠴᠢᠮ ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠶᠦᠩ ᠵᠢᠶᠦ᠋ᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 63 ᠳ᠋ᠤᠭᠠᠷ ᠤᠳᠠᠭᠠᠨ ᠤ ᠬᠤᠷᠠᠯ ᠢ ᠡᠷᠭᠢᠯᠡᠨ  ᠬᠤᠷᠠᠯᠳᠤᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠂ 1 ᠰᠠᠷ᠎ᠠ ᠶᠢᠨ 31 ᠤ ᠡᠳᠦᠷ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠳᠡᠭᠡᠷ᠎ᠡ ᠭᠤᠷᠪᠠᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠵᠢᠴᠢ ᠬᠤᠯᠪᠣᠭᠳᠠᠯ ᠪᠥᠬᠦᠶ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠠᠮᠵᠢᠭᠤᠯᠤᠨ ᠰᠤᠷᠤᠯᠴᠠᠵᠤ ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠬᠤᠷᠢᠶᠠᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠤᠯ ᠰᠡᠳᠦᠪᠲᠦ ᠬᠥᠮᠦᠵᠢᠯ ᠤᠨ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ  ᠶᠢ ᠰᠤᠷᠤᠯᠴᠠᠨ  ᠲᠤᠭᠤᠰᠢᠯᠠᠭᠤᠯᠬᠤ︾ ︽ᠠᠤᠬᠠᠨ ᠬᠤᠰᠢᠭᠤᠨ ᠤ 2024 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ︾ ︽ᠠᠤᠬᠠᠨ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠶᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠤᠯᠠᠭᠠᠨᠬᠠᠳᠠ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠳᠤ ᠲᠤᠰᠬᠠᠶ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠨᠠᠶᠢᠳᠠᠪᠤᠷᠢᠵᠢᠭᠤᠯᠬᠤ ᠲᠤᠬᠠᠶ ᠴᠡᠭᠴᠡᠯᠡᠨ ᠰᠠᠶᠢᠵᠢᠷᠠᠭᠤᠯᠬᠤ ᠲᠥᠰᠦᠯ︾ ᠢ ᠬᠢᠨᠠᠨ ᠵᠥᠪᠯᠡᠵᠦ᠂ ᠲᠠᠷᠠᠭᠠᠴᠢ ᠶᠢᠨ ᠱᠠᠲᠤᠨ ᠤ ᠬᠠᠮᠢᠶ᠎ᠠ ᠪᠥᠬᠦᠶ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ 1 ᠰᠠᠷ᠎ᠠ ᠶᠢᠨ 31 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠪᠥᠬᠦ ᠬᠤᠰᠢᠭᠤᠨ ᠤ ᠭᠤᠤᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠢᠳᠡᠪᠬᠢᠲᠡᠶ ᠪᠠᠷ ᠡᠭᠦᠷᠭᠡᠯᠡᠵᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠠᠤᠬᠠᠨ ᠳᠤ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠬᠤ ᠬᠡᠷᠡᠭᠲᠡᠶ᠃ ︽ᠲᠠᠪᠤ ᠶᠢ ᠦᠷᠭᠦᠯᠵᠢᠯᠡᠭᠦᠯᠬᠦ︾ ᠱᠠᠭᠠᠷᠳᠠᠯᠭ᠎ᠠ ᠲᠠᠢ ᠭᠦᠨᠵᠡᠭᠡᠶ ᠬᠠᠷᠢᠴᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠡᠷᠡᠭᠲᠡᠶ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠡᠵᠡᠮᠳᠡᠵᠦ᠂ ︽ᠲᠦᠷᠪᠡᠨ ᠠᠩᠬᠠᠷᠤᠯ︾ ᠤᠨ ᠬᠢᠨᠠᠯᠲᠠ ᠲᠠᠯᠪᠢᠬᠤ ᠭᠤᠣᠯᠳᠠᠯᠭ᠎ᠠ ᠶᠢ ᠴᠢᠩᠭ᠎ᠠ ᠠᠩᠬᠠᠷᠴᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠵᠤ᠂ ᠣᠨᠤᠪᠴᠢᠲᠠᠢ ᠪᠣᠯᠭᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠪᠥᠬᠦ ᠬᠤᠰᠢᠭᠤ ᠪᠠᠷ ᠢᠶᠠᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠶ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ ᠭᠡᠳᠡᠭ ᠢ ᠪᠠᠲᠤ ᠴᠡᠭᠡᠵᠢᠯᠡᠵᠦ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂  ᠠᠷᠠᠯᠵᠢᠶᠠᠴᠢᠨ ᠤᠷᠢᠵᠤ ᠪᠠᠯᠠ ᠲᠠᠲᠠᠬᠤ᠂ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠳᠡᠭᠡᠷ᠎ᠡ ᠭᠤᠷᠪᠠᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠭᠦᠨᠵᠡᠭᠡᠶ ᠠᠬᠢᠭᠤᠯᠵᠤ᠂ ᠪᠥᠬᠦ ᠬᠤᠰᠢᠭᠤᠨ ᠤ ᠤᠯᠤᠰ ᠲᠥᠷᠥ ᠶᠢᠨ ᠠᠮᠢ ᠠᠬᠤᠶ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠨ ᠭᠠᠷᠭᠠᠪᠠ᠃    ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠬᠠᠳᠠ ᠬᠤᠲᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠢ ᠨᠡᠭᠡᠭᠡᠵᠦ᠂ ᠳᠤᠮᠳᠠ ᠵᠤᠭᠠᠴᠠᠯ ᠳᠤ ᠣᠷᠣᠬᠤ︾ ᠪᠠ ᠤᠯᠠᠭᠠᠨᠬᠠᠳᠠ ᠬᠤᠲᠠ ᠶᠢᠨ ︽ᠰᠢᠯᠢᠳᠡᠭ ᠠᠮᠵᠢᠯᠲᠠ ᠶᠢ ᠵᠣᠷᠢᠭᠲᠠᠶ ᠪᠠᠷ ᠡᠭᠦᠳᠴᠦ᠂ ᠲᠡᠷᠢᠭᠦᠨ ᠤ ᠬᠢ ᠶᠢ ᠡᠭᠦᠳᠬᠦ ᠪᠠᠷ ᠴᠢᠷᠮᠠᠶᠢᠬᠤ︾ ᠬᠠᠷᠠᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ᠂ ᠦᠨᠳᠦᠰᠦᠲᠡᠨ ᠤ ᠪᠦᠯᠬᠦᠮᠳᠡᠯ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠪᠥᠬᠦ ᠬᠤᠰᠢᠭᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ  ᠭᠡᠵᠦ ᠴᠢᠬᠤᠯᠠᠴᠢᠯᠠᠪᠠ᠃    ᠬᠤᠷᠠᠯ ᠠᠴᠠ᠂ ︽ᠴᠠᠭ ᠢᠮᠠᠭᠲᠠ ᠰᠠᠨᠠᠭᠠᠰᠢᠷᠠᠬᠤ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠠᠰᠠᠭᠤᠳᠠᠯ ᠤᠨ ᠭᠡᠮ ᠰᠣᠭᠤᠭ ᠢ ᠲᠤᠭᠤᠰᠢᠲᠠᠢ ᠰᠠᠶᠢᠵᠢᠷᠠᠭᠤᠯᠬᠤ᠂ ᠲᠦᠢᠯᠪᠤᠷᠢᠲᠠᠢ ᠥᠭᠡᠷᠡᠴᠢᠯᠡᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃    ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠵᠠᠰᠠᠭ ᠤᠨ ᠣᠷᠳᠣᠨ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠠᠮᠢᠶ᠎ᠠ ᠪᠥᠬᠦᠶ ᠤᠳᠤᠷᠢᠳᠬᠤ ᠨᠥᠬᠦᠳ᠂ ᠡᠯ᠎ᠡ ᠬᠤᠯᠪᠣᠭᠳᠠᠯ ᠪᠥᠬᠦᠶ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠵᠠᠶ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号