ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/5
 C:\Users\Administrator\Desktop\10.jpg   
    3 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠦᠩ ᠵᠢᠶᠦ᠋ᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠤ ᠵᠠᠰᠠᠭ ᠤᠨ ᠣᠷᠳᠣᠨ ᠤ ᠳᠠᠷᠤᠭ᠎ᠠ ᠮᠠ ᠯᠢ ᠬᠤᠸᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠧ ᠰᠢᠤ ᠯᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠭᠦᠸᠧ ᠬᠤᠸᠠ ᠵᠡᠷᠭᠡ ᠭᠠᠵᠠᠷ ᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ  ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᠰᠢᠤ ᠬᠤᠸᠠ ᠬᠤᠷᠠᠯ ᠢ ᠡᠷᠭᠢᠯᠡᠪᠡ᠃    ᠬᠤᠷᠠᠯ ᠤᠨ ᠭᠤᠣᠯ ᠡᠭᠦᠷᠭᠡ ᠪᠣᠯ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠡᠭᠡᠷ᠎ᠡ ᠭᠤᠷᠪᠠᠨ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ ᠶᠢᠨ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠢᠷᠡᠯ ᠢ ᠡᠰᠡᠷᠭᠦᠴᠡᠬᠦ ᠲᠡᠮᠡᠴᠡᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠪᠣᠯᠣᠨ᠎ᠠ᠃    ᠸᠠᠩ ᠶᠦᠩ ᠵᠢᠶᠦ᠋ᠨ ᠶᠠᠷᠢᠶᠠᠨ ᠳᠠᠭᠠᠨ᠂ ᠥᠩᠭᠡᠷᠡᠭᠰᠡᠨ ᠨᠢᠭᠡ ᠵᠢᠯ ᠳᠤ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ ᠬᠢᠨᠠᠯᠲᠠ ᠲᠠᠯᠪᠢᠵᠤ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠺᠠᠳ᠋ᠷ ᠤᠨ ᠠᠵᠢᠯ ᠤᠨ ᠰᠤᠷᠲᠠᠯ ᠢ ᠦᠷᠭᠦᠯᠵᠢᠯᠡᠨ ᠬᠤᠪᠢᠷᠠᠭᠤᠯᠵᠤ᠂ ᠠᠵᠢᠯ ᠬᠢᠵᠦ ᠦᠢᠯᠡᠰ ᠴᠣᠭᠴᠠᠯᠠᠬᠤ ᠠᠭᠤᠷ ᠠᠮᠢᠰᠬᠤᠯ ᠤᠯᠠᠮ ᠥᠳᠬᠡᠷᠡᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ  ᠬᠠᠩᠭᠠᠭᠰᠠᠨ ᠪᠠᠶᠢᠨ᠎ᠠ ᠭᠡᠵᠦ ᠵᠢᠭᠠᠨ ᠭᠠᠷᠭᠠᠪᠠ᠃    ᠸᠠᠩ ᠶᠦᠩ ᠵᠢᠶᠦ᠋ᠨ ᠪᠥᠬᠦ ᠬᠤᠰᠢᠭᠤᠨ ᠤ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠤᠨ ᠠᠵᠢᠯ ᠢ ᠰᠠᠶᠢᠲᠤᠷ ᠬᠢᠬᠦ ᠲᠤᠬᠠᠶ ᠲᠠᠪᠤᠨ ᠲᠠᠯ᠎ᠠ ᠶᠢᠨ ᠰᠠᠨᠠᠯ ᠢ ᠴᠢᠬᠤᠯᠠᠴᠢᠯᠠᠪᠠ᠃ ᠨᠢᠭᠡ ᠳᠤ᠂ ᠡᠷᠬᠡᠪᠰᠢ ᠤᠯᠤᠰ ᠲᠦᠷᠦ ᠶᠢᠨ ᠰᠡᠷᠭᠡᠭ ᠪᠠᠶᠢᠬᠤ ᠶᠢ ᠪᠠᠲᠤᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠬᠤ ᠬᠡᠷᠡᠭᠲᠡᠢ᠃ ᠦᠨᠡᠨ ᠬᠦ ᠰᠤᠷᠤᠯᠴᠠᠵᠤ ᠦᠨᠡᠨ ᠬᠦ ᠢᠲᠡᠭᠡᠬᠦ ᠶᠢᠨ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠪᠠᠶᠢᠩᠭᠤ ᠰᠤᠷᠤᠯᠴᠠᠵᠤ ᠪᠠᠶᠢᠩᠭᠤ ᠣᠶᠢᠯᠠᠭᠠᠬᠤ ᠳᠤᠮᠳᠠ ᠦᠨᠡᠨᠴᠢ ᠰᠢᠳᠤᠷᠭᠤ ᠵᠠᠩ ᠴᠢᠨᠠᠷ ᠢᠶᠠᠨ ᠪᠠᠲᠤᠳᠬᠠᠵᠤ᠂ ᠦᠨᠡᠨᠴᠢ ᠰᠢᠳᠤᠷᠭᠤ ᠪᠠᠷ ᠰᠤᠷᠤᠯᠴᠠᠵᠤ ᠦᠨᠡᠨᠴᠢ ᠰᠢᠳᠤᠷᠭᠤ ᠪᠠᠷ ᠬᠡᠷᠡᠭᠵᠢᠭᠦᠯᠬᠦ ᠳᠤᠮᠳᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠨᠠᠮᠴᠢ ᠴᠢᠨᠠᠷ ᠰᠡᠳᠬᠢᠯᠴᠢ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠦᠨᠡᠨᠴᠢ ᠰᠢᠳᠤᠷᠭᠤ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ ᠬᠤᠶᠠᠷ ᠲᠤ ᠂ ᠡᠷᠬᠡᠪᠰᠢ ᠴᠢᠩᠭ᠎ᠠ ᠳᠠᠷᠤᠯᠲᠠ ᠦᠵᠡᠭᠦᠯᠬᠦ ᠪᠠᠶᠢᠳᠠᠯ ᠢ ᠪᠠᠷᠢᠮᠲᠠᠯᠠᠵᠤ᠂ ᠥᠴᠦᠬᠡᠨ ᠴᠦ ᠠᠭᠤᠴᠢᠯᠠᠬᠤ ᠦᠭᠡᠢ ᠣᠪᠣᠷ ᠢᠶᠠᠷ ᠢᠯᠵᠠᠷᠠᠯ ᠢ ᠵᠠᠯᠬᠠᠭᠠᠨ ᠰᠢᠳᠬᠡᠬᠦ ᠬᠡᠷᠡᠭᠲᠡᠶ᠃ ︽ᠢᠯᠵᠠᠷᠠᠬᠤ ᠠᠴᠠ ᠵᠢᠷᠦᠬᠡᠰᠢᠶᠡᠬᠦ︾ ᠰᠦᠷᠳᠡᠭᠦᠯᠦᠯ ᠢ ᠴᠢᠩᠭᠠᠳᠬᠠᠵᠤ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠴᠤᠬᠤᠶᠢᠮᠠᠭᠴᠠ ᠴᠣᠬᠢᠯᠲᠠ ᠥᠭᠬᠦ ᠶᠢ ᠪᠠᠷᠢᠮᠲᠠᠯᠠᠬᠤ ᠬᠡᠷᠡᠭᠲᠡᠢ᠃ ᠤᠯᠠᠨ ᠲᠦᠮᠡᠨ ᠤ ᠳᠡᠷᠭᠡᠳᠡᠬᠢ ︽ᠪᠢᠴᠢᠯ ᠢᠯᠵᠠᠷᠠᠯ︾ ᠢ ᠴᠢᠩᠭ᠎ᠠ ᠠᠩᠬᠠᠷᠴᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ︽ᠡᠴᠦᠰ ᠤᠨ ᠨᠢᠭᠡ  ᠺᠢᠯᠦᠮᠧᠲᠷ︾ ᠢ ᠦᠨᠡᠨ ᠬᠦ ᠨᠡᠪᠲᠡᠷᠡᠭᠦᠯᠬᠦ ᠬᠡᠷᠡᠭᠲᠡᠢ᠃ ᠵᠠᠯᠬᠠᠭᠠᠨ ᠰᠢᠢᠳᠭᠡᠬᠦ ᠲᠥᠪ ᠴᠢᠩᠭ᠎ᠠ ᠴᠢᠨᠠᠷ ᠪᠣᠯᠤᠨ ᠦᠷᠭᠦᠯᠵᠢᠯᠡᠬᠦ ᠴᠢᠨᠠᠷ ᠢ ᠢᠮᠠᠭᠲᠠ ᠪᠠᠷᠢᠮᠲᠠᠯᠠᠬᠤ ᠬᠡᠷᠡᠭᠲᠡᠢ᠃ ︽ᠢᠯᠵᠠᠷᠠᠵᠤ ᠪᠣᠯᠬᠤ ᠦᠭᠡᠢ︾ ᠰᠢᠩᠭᠡᠯᠢᠭ ᠢ ᠪᠠᠲᠤ ᠪᠠᠬᠢ ᠲᠠᠯᠪᠢᠬᠤ ᠬᠡᠷᠡᠭᠲᠡᠢ᠃ ᠢᠯᠵᠠᠷᠠᠯ ᠡᠭᠦᠰᠬᠦ ᠬᠥᠷᠥᠰᠥ ᠰᠢᠷᠣᠶ ᠪᠣᠯᠤᠨ ᠨᠥᠬᠦᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠠᠯᠳᠠᠭ᠎ᠠ ᠭᠠᠷᠭᠠᠬᠤ ᠲᠣᠬᠢᠶᠠᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠂ ᠢᠯᠵᠠᠷᠠᠯ ᠢ ᠰᠡᠷᠭᠡᠶᠢᠯᠡᠬᠦ ᠠᠵᠢᠯ ᠤᠨ ᠰᠢᠨᠵᠢᠯᠡᠬᠦ ᠤᠬᠠᠭᠠᠨᠴᠢᠯᠠᠬᠤ᠂ ᠳᠦᠷᠢᠮᠵᠢᠭᠦᠯᠬᠦ ᠪᠠ ᠵᠢᠷᠤᠮᠵᠢᠭᠤᠯᠬᠤ ᠬᠢᠷᠢ ᠬᠡᠮᠵᠢᠶ᠎ᠡ ᠪᠠᠨ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ ︽ᠢᠯᠵᠠᠷᠠᠬᠤ ᠶᠢ ᠪᠤᠳᠤᠬᠤ ᠦᠭᠡᠢ︾ ᠭᠡᠬᠦ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ᠃ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠨᠡᠶᠢᠲᠡᠯᠢᠭ ᠵᠢᠱᠢᠶ᠎ᠡ ᠠᠴᠠ ᠰᠤᠷᠤᠯᠴᠠᠵᠤ᠂ ᠨᠡᠶᠢᠲᠡᠯᠢᠭ ᠵᠢᠱᠢᠶ᠎ᠡ ᠲᠠᠢ ᠨᠢᠭᠡᠳᠦᠯᠲᠡᠶ ᠪᠠᠶᠢᠯᠭᠠᠵᠤ᠂ ᠨᠠᠵᠠᠭᠠᠢ ᠢᠯᠵᠠᠷᠠᠯ ᠤᠨ ᠦᠵᠡᠯ ᠰᠠᠨᠠᠭᠠᠨ ᠤ ᠨᠥᠯᠥᠭᠡ ᠶᠢ ᠤᠬᠠᠮᠰᠠᠷ ᠠᠴᠠ ᠪᠠᠨ ᠡᠰᠡᠷᠭᠦᠴᠡᠵᠦ᠂ ᠢᠯᠵᠠᠷᠠᠯ ᠢ ᠡᠰᠡᠷᠭᠦᠴᠡᠨ ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠶᠢ ᠨᠢ ᠴᠢᠩᠭᠠᠷᠠᠭᠤᠯᠬᠤ ᠬᠡᠷᠡᠭᠲᠡᠢ᠃ ᠭᠤᠷᠪᠠ ᠳᠤ᠂ ᠡᠷᠬᠡᠪᠰᠢ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠡᠭᠡᠳᠦ ᠬᠡᠮᠵᠢᠶᠡᠨ ᠤ ᠤᠬᠠᠮᠰᠠᠷ ᠢ ᠪᠤᠢ ᠪᠣᠯᠭᠠᠬᠤ ᠬᠡᠷᠡᠭᠲᠡᠢ᠃ ᠬᠠᠷᠢᠭᠤᠴᠠᠯᠭ᠎ᠠ  ᠶᠢᠨ ᠪᠦᠬᠦ ᠬᠡᠯᠬᠢᠶ᠎ᠡ ᠶᠢ ᠴᠢᠩᠭᠠᠯᠠᠵᠤ᠂ ᠰᠤᠷᠭᠠᠨ ᠬᠥᠮᠦᠵᠢᠯ ᠤᠨ ᠨᠥᠯᠥᠭᠡᠯᠡᠬᠦ ᠬᠦᠴᠦᠨ ᠢ ᠴᠢᠩᠭᠠᠳᠬᠠᠵᠤ᠂ ᠰᠠᠬᠢᠯᠭ᠎ᠠ ᠪᠠᠲᠤ ᠶᠢ ᠬᠡᠷᠡᠭᠵᠢᠭᠦᠯᠬᠦ ᠴᠢᠩᠭ᠎ᠠ ᠠᠷᠭ᠎ᠠ ᠪᠠᠷᠢᠯ ᠢ ᠰᠠᠶᠢᠲᠤᠷ ᠬᠡᠷᠡᠭᠯᠡᠬᠦ ᠬᠡᠷᠡᠭᠲᠡᠢ᠃ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠡᠪᠲᠡᠷᠡᠭᠦᠯᠦᠨ ᠬᠤᠯᠪᠣᠭᠠᠯᠠᠨ ᠬᠥᠳᠡᠯᠦᠯᠴᠡᠵᠦ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠵᠤ ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠭᠡᠬᠦ᠂ ᠨᠢᠭᠡᠳᠦᠯᠲᠡᠶ ᠵᠣᠬᠢᠴᠠᠭᠤᠯᠵᠤ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢᠨ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠶ᠃ ᠳᠥᠷᠪᠡ ᠳᠤ ᠂  ︽ᠳᠥᠷᠪᠡᠨ ᠰᠤᠷᠲᠠᠯ  ︾  ᠢ ᠡᠷᠬᠡᠪᠰᠢ  ᠵᠠᠯᠠᠷᠠᠭᠤᠯᠤᠨ᠂ ᠰᠢᠨ᠎ᠡ ᠰᠤᠷᠲᠠᠯ ᠢ ᠪᠤᠢ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ᠃ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠭᠠᠭᠤᠯᠬᠤ ᠶᠢ ᠪᠠᠷᠢᠮᠲᠠᠯᠠᠨ᠂ ᠱᠠᠲᠤ ᠱᠠᠲᠤ ᠪᠠᠷ ᠳᠠᠷᠤᠯᠲᠠ ᠥᠭᠴᠦ᠂ ᠬᠥᠮᠦᠨ ᠪᠦᠬᠦᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠦᠲᠦᠮᠵᠢᠲᠡᠶ ᠬᠡᠯᠬᠢᠶ᠎ᠡ ᠶᠢ ᠪᠣᠶ ᠪᠣᠯᠭᠠᠵᠤ᠂ ᠰᠤᠷᠲᠠᠯ ᠤᠨ ᠪᠠᠶᠢᠭᠤᠯᠤᠯᠲᠠ ᠶᠢᠨ ᠲᠠᠰᠤᠷᠠᠯᠲᠠ ᠥᠬᠡᠶ ᠰᠢᠨ᠎ᠡ ᠠᠬᠢᠴᠠ ᠲᠠᠢ ᠪᠣᠯᠵᠤ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠲᠠᠪᠤ ᠳᠤ᠂ ᠡᠷᠬᠡᠪᠰᠢ ᠬᠢᠨᠠᠯᠲᠠ ᠲᠠᠯᠪᠢᠬᠤ ᠶᠢ ᠴᠢᠩᠭᠠᠳᠬᠠᠵᠤ᠂ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ᠃ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠡᠳᠦᠷ ᠲᠤᠳᠤᠮ ᠤᠨ ᠬᠢᠨᠠᠯᠲᠠ ᠶᠢ ᠰᠠᠶᠢᠲᠤᠷ ᠬᠡᠷᠡᠭᠯᠡᠵᠦ᠂ ᠳᠣᠲᠣᠭᠠᠳᠤ ᠶᠢᠨ ᠬᠢᠨᠠᠯᠲᠠ ᠶᠢ ᠴᠢᠩᠭᠠᠳᠬᠠᠵᠤ᠂ ︽ᠬᠢᠳᠤᠭᠠᠨ ᠢᠷ ᠢ ᠳᠣᠲᠣᠭᠰᠢ ᠬᠠᠨᠳᠤᠭᠤᠯᠬᠤ︾ ᠶᠢ ᠪᠠᠷᠢᠮᠲᠠᠯᠠᠵᠤ᠂ ︽ᠳ᠋ᠧᠩ ᠤᠨ ᠳᠣᠣᠷᠠᠬᠢ ᠬᠠᠷᠠᠩᠭᠤᠶ︾ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠥᠬᠡᠶ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠶ᠎ᠠ︕    ᠬᠤᠷᠠᠯ ᠳᠡᠭᠡᠷ᠎ᠡ᠂ ᠯᠢ ᠰᠢᠤ ᠬᠤᠸᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠭᠦᠨᠵᠡᠭᠡᠶ ᠠᠬᠢᠭᠤᠯᠵᠤ ᠣᠳᠣᠬᠢᠴᠢᠯᠠᠭᠰᠠᠨ ᠠᠤᠬᠠᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠠ᠃    ᠡᠯ᠎ᠡ ᠰᠢᠶᠠᠩ ᠪᠠᠯᠭᠠᠰᠤ ᠰᠤᠮᠤ ᠵᠡᠭᠡᠯᠢ ᠭᠤᠳᠤᠮᠵᠢ ᠶᠢᠨ ᠨᠠᠮ ᠤᠨ ︵ᠠᠵᠤ ᠦᠶ᠋ᠯᠡᠳᠪᠦᠷᠢ︶ ᠬᠤᠷᠢᠶ᠎ᠠ ᠶᠢᠨ ᠱᠦᠵᠢ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠡᠯᠲᠡᠰ ᠵᠥᠪᠯᠡᠯ ᠠᠯᠪᠠᠨ ᠬᠡᠷ ᠲᠣᠪᠴᠢᠶ᠎ᠠ᠂ ᠡᠯ᠎ᠡ ᠠᠷᠠᠳ ᠤᠨ ᠪᠦᠯᠬᠦᠮ᠂ ᠬᠤᠯᠪᠣᠭᠳᠠᠯ ᠪᠥᠬᠦᠶ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶ᠎ᠠ ᠶᠢᠨ ᠴᠠᠭᠳᠠᠨ ᠪᠠᠶᠢᠴᠠᠭᠠᠬᠤ ᠠᠯᠪᠠᠨ ᠬᠡᠷ᠂ ᠴᠠᠭᠳᠠᠨ ᠪᠠᠶᠢᠴᠠᠭᠠᠬᠤ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ ᠪᠢᠰᠢ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ︔ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠡᠯ᠎ᠡ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ᠂ ᠪᠠᠶᠢᠭᠤᠯᠭ᠎ᠠ ᠶᠢᠨ ᠡᠯ᠎ᠡ ᠬᠡᠯᠲᠡᠰ ᠲᠠᠰᠤᠭ ᠤᠨ ᠬᠠᠷᠢᠭᠤᠴᠠᠯᠭᠠᠲᠠᠨ ᠨᠥᠬᠦᠳ︔ ᠣᠨᠴᠠ ᠤᠷᠢᠭᠰᠠᠨ ᠬᠢᠨᠠᠨ ᠪᠠᠶᠢᠴᠠᠭᠠᠭᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃
C:\Users\Administrator\Desktop\11.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号