ᠰᠧ ᠵᠢᠶᠠ ᠽᠢ ᠪᠠᠯᠭᠠᠰᠤ᠄ ᠪᠣᠯᠪᠠᠰᠤᠨ ᠤᠬᠠᠭᠤᠯᠭ᠎ᠠ ᠶᠢ ᠲᠣᠰᠬᠤᠨ ᠳᠤᠭᠤᠶᠢᠯᠠᠩ ᠳᠤ ᠣᠷᠣᠭᠤᠯᠵᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠠᠷᠠᠳ ᠤᠨ ᠰᠡᠳᠬᠢᠯ ᠳᠤ ᠬᠠᠳᠠᠩᠰᠢᠭᠤᠯᠤᠨ᠎ᠠ
ᠨᠡᠶᠢᠲᠡᠯᠡᠭᠰᠡᠨ ᠴᠠᠭ᠄
2024/3/6
C:\Users\Administrator\Desktop\微信.jpg    
       ᠣᠶᠢᠷ᠎ᠠ ᠳᠤ᠂ ᠰᠧ ᠵᠢᠶᠠ ᠽᠢ ᠪᠠᠯᠭᠠᠰᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ  ᠦᠢᠯᠡᠳᠦᠯ ᠢ ᠢᠳᠡᠪᠬᠢᠲᠡᠶ ᠪᠠᠳᠠᠷᠠᠭᠤᠯᠵᠤ᠂ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠪᠠᠯᠭᠠᠰᠤᠨ ᠤ ᠨᠡᠶᠢᠭᠡᠮ ᠤᠨ ᠪᠠᠲᠤᠯᠠᠭ᠎ᠠ ᠶᠢᠨ ᠭᠠᠵᠠᠷ ᠵᠢᠴᠢ ᠲᠣᠰᠬᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠵᠡᠷᠭᠡ ᠶᠢ ᠪᠠᠭᠲᠠᠭᠠᠭᠰᠠᠨ ᠣᠯᠠᠨ ᠲᠠᠯ᠎ᠠ ᠶᠢᠨ ᠬᠦᠴᠦᠨ ᠢ ᠡᠮᠬᠢᠯᠡᠨ ᠨᠡᠶᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠬᠠᠮᠤᠷᠬᠤ ᠶᠢ ᠦᠨᠡᠨ ᠬᠦ ᠪᠠᠲᠤᠯᠠᠵᠤ᠂ ᠲᠣᠰᠬᠤᠨ ᠤ ᠠᠷᠠᠳ ᠨᠢᠭᠡᠪᠦᠷᠢ ᠴᠥᠮ ᠬᠤᠯᠪᠣᠭᠳᠠᠯ ᠪᠥᠬᠦᠶ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠣᠶᠢᠯᠠᠭᠠᠵᠤ ᠡᠳ᠋ᠯᠡᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃    ᠮᠡᠳᠡᠭᠡ ᠵᠠᠩᠭᠢ ᠶᠢᠨ  ᠴᠠᠭ ᠲᠣᠬᠠᠶᠢᠴᠢ ᠴᠢᠨᠠᠷ ᠪᠠ ᠥᠷᠭᠡᠨ ᠳᠡᠯᠭᠡᠷᠡᠩᠭᠦᠶ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠰᠧ ᠵᠢᠶᠠ ᠽᠢ ᠪᠠᠯᠭᠠᠰᠤᠨ ᠤ ᠨᠡᠶᠢᠭᠡᠮ ᠤᠨ ᠳᠠᠭᠠᠳᠬᠠᠯ ᠤᠨ ᠭᠠᠵᠠᠷ ᠤᠨ ᠬᠢᠨ ᠡᠯ᠎ᠡ ᠲᠣᠰᠬᠤᠨ ᠤ ᠨᠡᠶᠢᠭᠡᠮ ᠤᠨ ᠳᠠᠭᠠᠳᠬᠠᠯ ᠤᠨ ᠲᠤᠰᠠᠯᠠᠭᠴᠢ᠂ ᠰᠠᠶᠢᠨ ᠳᠤᠷ᠎ᠠ ᠶᠢᠨ ᠠᠵᠢᠯᠯᠠᠭᠴᠢ ᠪᠠ ᠰᠦᠯᠵᠢᠶᠡᠨ ᠤ ᠠᠵᠢᠯᠲᠠᠨ ᠢ ᠳᠠᠶᠢᠴᠢᠯᠠᠨ᠂ ᠸᠢᠴᠠᠲ ᠤᠨ ᠪᠦᠯᠦᠭ᠂ ᠨᠠᠶᠢᠵᠠ ᠶᠢᠨ ᠲᠣᠭᠤᠷᠢᠭ ᠵᠡᠷᠭᠡ ᠰᠦᠯᠵᠢᠶᠡᠨ ᠳᠡᠭᠡᠷᠡᠬᠢ ᠠᠷᠭ᠎ᠠ ᠵᠠᠮ ᠢᠶᠠᠷ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠦᠳᠲᠡᠷ ᠲᠦᠷᠭᠡᠨ ᠳᠠᠮᠵᠢᠭᠤᠯᠤᠨ ᠲᠠᠷᠬᠠᠭᠠᠵᠤ᠂ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠶ ᠪᠠᠷ ᠥᠷᠭᠡᠳᠬᠡᠪᠡ᠃ ᠡᠨᠡᠬᠦ ᠠᠷᠭ᠎ᠠ ᠬᠡᠮᠵᠢᠶ᠎ᠡ ᠨᠢ ᠲᠣᠰᠬᠤᠨ ᠤ ᠠᠷᠠᠳ ᠢ ᠭᠡᠷ ᠠᠴᠠ ᠪᠠᠨ ᠭᠠᠷᠬᠤ ᠦᠭᠡᠶ ᠪᠠᠷ ᠬᠠᠮᠤᠭ ᠤᠨ ᠲᠡᠷᠢᠭᠦᠨ ᠳᠤ ᠨᠡᠶᠢᠭᠡᠮ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠣᠯᠵᠤ᠂ ᠡᠭᠦᠨ ᠤ ᠤᠯᠠᠮ ᠠᠴᠠ ᠨᠡᠶᠢᠭᠡᠮ ᠤᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ᠂ ᠰᠦᠢᠳᠬᠡᠯ ᠲᠤᠰᠢᠶᠠᠬᠤ ᠪᠠ ᠳᠠᠩᠰᠠ ᠡᠪᠬᠡᠮᠡᠯ ᠢ ᠭᠠᠷᠭᠠᠨ ᠠᠪᠬᠤ ᠠᠵᠢᠯ ᠳᠤ ᠨᠡᠩ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠣᠷᠣᠯᠴᠠᠬᠤ ᠪᠣᠯᠭᠠᠵᠠᠶ᠃    ᠰᠦᠯᠵᠢᠶᠡᠨ ᠳᠡᠭᠡᠷᠡᠬᠢ ᠤᠬᠠᠭᠤᠯᠭ᠎ᠠ ᠶᠢᠨ ᠲᠠᠯ᠎ᠠ ᠪᠠᠷ᠂ ᠰᠠᠶᠢᠨ ᠳᠤᠷ᠎ᠠ ᠶᠢᠨ ᠠᠵᠢᠯᠯᠠᠭᠴᠢᠳ ᠵᠡᠭᠡᠯᠢ ᠭᠤᠳᠤᠮᠵᠢ ᠂ ᠴᠤᠭᠯᠠᠭ᠎ᠠ ᠮᠠᠶᠢᠮᠠᠢ ᠪᠣᠯᠤᠨ ᠲᠣᠰᠬᠤᠨ ᠤ ᠠᠷᠠᠳ ᠤᠨ ᠭᠡᠷ ᠲᠤ ᠭᠦᠨᠵᠡᠭᠡᠶᠢᠷᠡᠵᠦ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠢ ᠲᠠᠷᠬᠠᠭᠠᠪᠠ᠃ ᠲᠡᠳᠡ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠪᠠᠷᠢᠮᠵᠢᠶ᠎ᠠ᠂ ᠳᠠᠭᠠᠳᠬᠠᠯ ᠳᠤ ᠣᠷᠣᠯᠴᠠᠬᠤ ᠨᠥᠬᠦᠴᠡᠯ᠂ ᠰᠦᠢᠳᠬᠡᠯ ᠲᠤᠰᠢᠶᠠᠬᠤ ᠶᠠᠪᠤᠴᠠ ᠵᠡᠷᠭᠡ ᠶᠢ ᠨᠠᠷᠢᠨ ᠲᠠᠶᠢᠯᠪᠤᠷᠢᠯᠠᠵᠤ᠂ ᠭᠠᠴᠠᠭᠠᠨ ᠤ ᠠᠷᠠᠳ ᠤᠨ ᠲᠣᠳᠣᠷᠬᠠᠶ ᠣᠶᠢᠯᠠᠭᠠᠬᠤ ᠶᠢ ᠦᠨᠡᠨ ᠬᠦ ᠪᠠᠲᠤᠯᠠᠪᠠ᠃ ᠡᠭᠦᠨ ᠤ ᠵᠡᠷᠭᠡ ᠳᠤ᠂ ᠰᠠᠶᠢᠨ ᠳᠤᠷ᠎ᠠ ᠶᠢᠨ ᠠᠵᠢᠯᠯᠠᠭᠴᠢᠳ ᠪᠠᠰᠠ ᠭᠠᠷ ᠤᠲᠠᠰᠤᠨ ᠤ ᠸᠢᠴᠠᠲ ᠤᠨ ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠵᠢᠵᠢᠭ ᠫᠷᠤᠭ᠍ᠷᠠᠮ ᠪᠠ ︽ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ︾ ᠶᠢᠨ APP ᠶᠢᠨ ᠬᠡᠷᠡᠭᠯᠡᠯᠲᠡ ᠶᠢ ᠢᠳᠡᠪᠬᠢᠲᠡᠶ ᠳᠡᠯᠭᠡᠷᠡᠭᠦᠯᠵᠦ᠂ ᠲᠣᠰᠬᠤᠨ ᠤ ᠠᠷᠠᠳ ᠤᠨ ᠥᠪᠡᠰᠦᠪᠡᠨ ᠰᠦᠢᠳᠬᠡᠯ ᠲᠤᠰᠢᠶᠠᠬᠤ ᠪᠠ ᠨᠠᠰᠤᠵᠢᠯ ᠤᠨ ᠠᠰᠠᠷᠠᠮᠵᠢ ᠶᠢᠨ ᠬᠢᠷᠢ ᠬᠡᠮ ᠤᠨ ᠭᠡᠷᠡᠴᠢᠯᠡᠯ ᠬᠢᠬᠦ ᠶᠢ ᠬᠠᠪᠰᠤᠷᠴᠠᠶ᠃     ᠲᠣᠰᠬᠤᠨ ᠤ ᠠᠷᠠᠳ ᠤᠨ ᠮᠠᠳᠠᠭ ᠲᠠᠢ ᠠᠰᠠᠭᠤᠳᠠᠯ ᠪᠠ ᠲᠥᠭᠡᠷᠢᠭᠳᠡᠯ ᠳᠤ ᠴᠢᠭᠯᠡᠭᠦᠯᠦᠨ᠂ ᠰᠧ ᠵᠢᠶᠠ ᠽᠢ ᠪᠠᠯᠭᠠᠰᠤᠨ ᠤ ᠨᠡᠶᠢᠭᠡᠮ ᠤᠨ ᠪᠠᠲᠤᠯᠠᠭ᠎ᠠ ᠶᠢᠨ ᠭᠠᠵᠠᠷ ᠬᠢᠭᠡᠳ ᠬᠤᠰᠢᠭᠤᠨ ᠤ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠠᠮᠲᠤᠷᠠᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠢᠴᠢᠶᠡᠯ ᠢ ᠣᠯᠠᠨ ᠤᠳᠠᠭ᠎ᠠ ᠥᠷᠨᠢᠭᠦᠯᠪᠡ᠃ ᠡᠳᠡᠭᠡᠷ ᠬᠢᠴᠢᠶᠡᠯ ᠨᠢ ᠬᠢᠯᠪᠠᠷ ᠣᠶᠢᠯᠠᠭᠠᠮᠵᠢᠲᠠᠶ ᠦᠭᠡ ᠬᠡᠯᠡ ᠪᠠ ᠠᠮᠢᠳᠤᠯᠢᠭ ᠪᠣᠳᠠᠲᠤ ᠵᠢᠱᠢᠶ᠎ᠡ ᠪᠠᠷ ᠭᠠᠴᠠᠭᠠᠨ ᠤ ᠠᠷᠠᠳ ᠤᠨ ᠡᠯ᠎ᠡ ᠵᠦᠢᠯ ᠤᠨ ᠮᠠᠳᠠᠭ ᠲᠠᠢ ᠠᠰᠠᠭᠤᠯᠲᠠ ᠳᠤ ᠬᠠᠷᠢᠭᠤᠯᠲᠠ ᠥᠭᠴᠦ᠂ ᠲᠡᠳᠡᠨ ᠤ ᠲᠥᠷᠥ ᠶᠢᠨ ᠪᠣᠳᠣᠯᠭ᠎ᠠ ᠶᠢᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠨᠡᠮᠡᠭᠳᠡᠭᠦᠯᠵᠡᠶ᠃     ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 2000 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 3 ᠤᠳᠠᠭ᠎ᠠ ᠬᠢᠴᠢᠶᠡᠯᠯᠡᠵᠦ᠂ 2300 ᠭᠠᠷᠤᠶ ᠬᠥᠮᠦᠨ ᠤᠳᠠᠭ᠎ᠠ ᠳᠤ ᠦᠢᠯᠡᠴᠢᠯᠡᠭᠰᠡᠨ ᠪᠠᠶᠢᠨ᠎ᠠ᠃ ᠡᠨᠡ ᠨᠢ ᠲᠣᠰᠬᠤᠨ ᠤ ᠠᠷᠠᠳ ᠤᠨ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠲᠠᠨᠢᠯᠲᠠ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠲᠡᠳᠡᠨ ᠤ ᠳᠠᠭᠠᠳᠬᠠᠯ ᠳᠤ ᠣᠷᠣᠯᠴᠠᠬᠤ ᠤᠬᠠᠮᠰᠠᠷ ᠢ ᠴᠤ ᠨᠡᠮᠡᠭᠳᠡᠭᠦᠯᠦᠭᠰᠡᠨ ᠪᠠᠶᠢᠨ᠎ᠠ᠃ ᠰᠧ ᠵᠢᠶᠠ ᠽᠢ ᠪᠠᠯᠭᠠᠰᠤ ᠦᠷᠭᠦᠯᠵᠢᠯᠡᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠳᠤ ᠲᠦᠰᠢᠭᠯᠡᠵᠦ᠂ ᠨᠡᠶᠢᠭᠡᠮ ᠤᠨ ᠪᠠᠲᠤᠯᠠᠪᠤᠷᠢ ᠶᠢᠨ ᠲᠦᠷᠦ ᠶᠢᠨ ᠪᠤᠳᠤᠯᠭ᠎ᠠ ᠶᠢ ᠭᠦᠨᠵᠡᠭᠡᠢ ᠤᠬᠠᠭᠤᠯᠬᠤ ᠶᠢ ᠠᠬᠢᠭᠤᠯᠵᠤ᠂ ︽ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ᠂ ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠲᠤᠯᠠᠬᠤ᠂ ᠡᠳ᠋ᠯᠡᠬᠦ ᠶᠣᠰᠣᠲᠠᠢ ᠶᠢ ᠨᠢ ᠪᠦᠬᠦᠨ ᠢ  ᠡᠳ᠋ᠯᠡᠭᠦᠯᠬᠦ︾ ᠨᠡᠶᠢᠭᠡᠮ ᠤᠨ ᠠᠭᠤᠷ ᠠᠮᠢᠰᠬᠤᠯ ᠢ ᠪᠠᠯᠭᠠᠰᠤᠨ ᠤ ᠬᠡᠪᠴᠢᠶᠡᠨ ᠳᠤ ᠥᠷᠭᠡᠨ ᠢᠶᠠᠷ ᠪᠦᠷᠢᠯᠳᠦᠭᠦᠯᠬᠦ ᠶᠢ ᠪᠠᠲᠤᠯᠠᠵᠤ᠂ ᠲᠣᠰᠬᠤᠨ ᠤ ᠠᠷᠠᠳ ᠤᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ  ᠣᠯᠠᠮ ᠨᠢᠭᠡ ᠠᠯᠬᠤᠮ ᠳᠡᠭᠡᠭᠰᠢᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号