ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ︽ᠭᠤᠷᠪᠠᠨ ᠵᠦᠢᠯ ᠤᠨ ᠠᠷᠭ᠎ᠠ ᠬᠡᠮᠵᠢᠶ᠎ᠡ︾ ᠪᠠᠷ 2024 ᠣᠨ ᠤ ᠰᠠᠯᠠᠭ᠎ᠠ ᠮᠥᠴᠢᠷ ᠤᠨ ᠲᠥᠰᠦᠪ ᠤᠨ ᠬᠡᠷᠡᠭᠵᠢᠭᠦᠯᠦᠯᠲᠡ ᠳᠤ ᠬᠢᠨᠠᠨ ᠪᠤᠳᠤᠬᠤ ᠠᠵᠢᠯ ᠢ  ᠡᠬᠢᠯᠡᠭᠦᠯᠦᠨ᠎ᠡ
ᠨᠡᠶᠢᠲᠡᠯᠡᠭᠰᠡᠨ ᠴᠠᠭ᠄
2024/3/6
    2024 ᠣᠨ ᠤ ᠡᠬᠢ ᠪᠠᠷ ᠂ ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠡᠨᠡ ᠵᠢᠯ ᠤᠨ ᠬᠢᠨᠠᠨ ᠪᠤᠳᠤᠬᠤ ᠠᠵᠢᠯ ᠢ ᠪᠠᠴᠢᠮ ᠶᠠᠭᠠᠷᠠᠯᠲᠠᠢ ᠲᠥᠯᠥᠪᠵᠢᠭᠦᠯᠪᠡ᠃ ᠤᠯᠠᠭᠠᠨᠬᠠᠳᠠ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ᠳᠠᠮᠵᠢᠭᠤᠯᠤᠨ ᠲᠠᠷᠬᠠᠭᠠᠭᠰᠠᠨ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠤᠨ ︽ᠡᠳ᠋ ᠤᠨ ᠵᠠᠰᠠᠭ ᠤᠨ ᠬᠢᠨᠠᠨ ᠪᠤᠳᠤᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠵᠢᠯᠣᠭᠤᠳᠬᠤ ᠰᠠᠨᠠᠯ ︾᠂ ︽2024 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠦᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠨ ᠪᠤᠳᠤᠬᠤ ᠠᠵᠢᠯ ᠤᠨ ᠲᠥᠰᠦᠯ︾᠂ ︽2024 ᠣᠨ ᠤ ᠪᠥᠬᠦ ᠣᠷᠣᠨ ᠤ ᠭᠤᠷᠪᠠᠨ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠲᠥᠰᠦᠪ ᠤᠨ ᠬᠡᠷᠡᠭᠵᠢᠭᠦᠯᠦᠯᠲᠡ ᠳᠤ ᠬᠢᠨᠠᠨ ᠪᠤᠳᠤᠬᠤ ᠳᠡᠭᠡᠳᠦ ᠳᠣᠤᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ ᠵᠦᠢᠯᠡᠰ ᠤᠨ ᠠᠵᠢᠯ ᠤᠨ ᠲᠥᠰᠦᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠤᠬᠠᠨ ᠬᠤᠰᠢᠭᠤᠨ ᠤ 2024 ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢᠨ ᠲᠥᠰᠦᠯ ᠲᠠᠢ ᠤᠶᠠᠯᠳᠤᠭᠤᠯᠤᠨ᠂ ᠠᠤᠬᠠᠨ ᠬᠤᠰᠢᠭᠤᠨ ᠤ ᠬᠢᠨᠠᠨ ᠪᠤᠳᠤᠬᠤ ᠲᠣᠪᠴᠢᠶ᠎ᠠ ︽ᠭᠤᠷᠪᠠᠨ ᠵᠦᠢᠯ ᠤᠨ ᠠᠷᠭ᠎ᠠ ᠬᠡᠮᠵᠢᠶ᠎ᠡ︾ ᠶᠢ ᠠᠪᠴᠤ ᠬᠤᠰᠢᠭᠤᠨ ᠤ ᠲᠣᠰ ᠱᠠᠲᠤᠨ ᠤ ᠪᠠ 9 ᠰᠠᠯᠠᠭ᠎ᠠ ᠮᠥᠴᠢᠷ ᠤᠨ ᠲᠥᠰᠦᠪ ᠤᠨ ᠬᠡᠷᠡᠭᠵᠢᠭᠦᠯᠦᠯᠲᠡ ᠶᠢᠨ ᠪᠠᠶᠢᠳᠠᠯ ᠳᠤ ᠬᠢᠨᠠᠨ ᠪᠤᠳᠤᠬᠤ ᠠᠵᠢᠯ ᠢ ᠡᠬᠢᠯᠡᠭᠦᠯᠪᠡ᠃    ᠨᠢᠭᠡ ᠳᠤ᠂ ᠬᠦᠴᠦᠨ ᠢᠶᠠᠨ ᠲᠥᠪᠯᠡᠷᠡᠭᠦᠯᠦᠨ᠂ ᠤᠷᠢᠳᠴᠢᠯᠠᠨ ᠲᠥᠯᠥᠪᠵᠢᠭᠦᠯᠦᠨ᠎ᠡ᠃ ᠬᠢᠨᠠᠨ ᠪᠤᠳᠤᠬᠤ ᠬᠦᠴᠦᠨ ᠢ ᠨᠢᠭᠡᠳᠦᠯᠲᠡᠶ ᠲᠥᠯᠥᠪᠯᠡᠨ ᠰᠠᠶᠢᠲᠤᠷ ᠵᠣᠬᠢᠶᠠᠨ ᠪᠠᠶᠢᠭᠤᠯᠵᠤ᠂ ᠬᠢᠨᠠᠨ ᠪᠤᠳᠤᠬᠤ 9 ᠳᠤᠭᠤᠶᠢᠯᠠᠩ ᠪᠠᠶᠢᠭᠤᠯᠤᠨ ᠰᠠᠯᠠᠭ᠎ᠠ ᠮᠥᠴᠢᠷ ᠤᠨ ᠲᠥᠰᠦᠪ ᠤᠨ ᠬᠢᠨᠠᠨ ᠪᠤᠳᠤᠬᠤ ᠠᠵᠢᠯ ᠢ ᠡᠬᠢᠯᠡᠭᠦᠯᠵᠦ᠂ ᠠᠷᠭ᠎ᠠ ᠤᠬᠠᠭᠠᠨ ᠰᠦᠪᠡᠭᠴᠢᠯᠡᠬᠦ ᠪᠠ ᠲᠣᠬᠢᠷᠠᠭᠤᠯᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠪᠥᠬᠦ ᠵᠢᠯ ᠤᠨ ᠬᠢᠨᠠᠨ ᠪᠤᠳᠤᠬᠤ ᠡᠭᠦᠷᠭᠡ ᠶᠢᠨ ᠤᠷᠤᠭᠰᠢᠲᠠᠶ ᠪᠠ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠦᠨᠡᠨ ᠬᠦ ᠪᠠᠲᠤᠯᠠᠨ᠎ᠠ᠃    ᠬᠤᠶᠠᠷ ᠲᠤ᠂ ᠲᠡᠰ ᠳᠠᠷᠠᠭᠠᠯᠠᠯ ᠢ ᠵᠢᠷᠤᠮᠵᠢᠭᠤᠯᠵᠤ᠂ ᠰᠤᠷᠲᠠᠯ ᠢ ᠴᠢᠩᠭᠠᠳᠬᠠᠨ᠎ᠠ᠃ ᠡᠩᠨᠡᠭᠡᠨ ᠤ ᠰᠠᠬᠢᠯᠭ᠎ᠠ ᠪᠠᠲᠤ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠢᠨᠠᠨ ᠪᠤᠳᠤᠬᠤ ᠺᠠᠳ᠋ᠷᠴᠤᠳ ᠤᠨ ᠬᠠᠤᠯᠢ ᠶᠣᠰᠣᠭᠠᠷ ᠪᠡᠶ᠎ᠡ ᠪᠠᠨ ᠳᠠᠭᠠᠭᠠᠵᠤ ᠬᠢᠨᠠᠨ ᠪᠤᠳᠤᠬᠤ ᠬᠢᠨᠠᠯᠲᠠ ᠲᠠᠯᠪᠢᠬᠤ ᠡᠷᠬᠡ ᠪᠠᠨ ᠬᠡᠷᠡᠭᠵᠢᠭᠦᠯᠬᠦ ᠶᠢ ᠠᠬᠢᠭᠤᠯᠵᠤ᠂ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠬᠢᠨᠠᠨ ᠪᠤᠳᠤᠬᠤ ᠮᠡᠳᠡᠭᠳᠡᠯ ᠤᠨ ᠪᠢᠴᠢᠭ  ᠶᠠᠪᠤᠭᠤᠯᠬᠤ ᠳᠠᠭᠠᠨ᠂ ᠬᠢᠨᠠᠨ ᠪᠤᠳᠤᠬᠤ ︽ᠳᠥᠷᠪᠡ ᠶᠢ ᠴᠢᠩᠭ᠎ᠠ ᠴᠠᠭᠠᠵᠠᠯᠠᠬᠤ︾ ᠠᠵᠢᠯ ᠤᠨ ᠱᠠᠭᠠᠷᠳᠠᠯᠭ᠎ᠠ ᠪᠠ ᠬᠢᠨᠠᠨ ᠪᠤᠳᠤᠬᠤ ︽ᠨᠠᠢᠮᠠ ᠶᠢ ᠥᠯᠥ ᠵᠥᠪᠰᠢᠶᠡᠷᠡᠬᠦ︾ ᠠᠵᠢᠯ ᠤᠨ ᠰᠠᠬᠢᠯᠭ᠎ᠠ ᠪᠠᠲᠤ ᠶᠢ ᠬᠠᠮᠲᠤ ᠳᠤᠨᠢ ᠬᠢᠨᠠᠨ ᠪᠤᠳᠤᠭᠳᠠᠵᠦ ᠪᠠᠶᠢᠭ᠎ᠠ  ᠨᠢᠭᠡᠴᠡ ᠳᠤ ᠬᠦᠷᠭᠡᠵᠦ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠢᠨᠠᠨ ᠪᠤᠳᠤᠬᠤ ᠡᠩᠨᠡᠭᠡ ᠪᠠ ᠬᠢᠨᠠᠨ ᠪᠤᠳᠤᠬᠤ ᠠᠵᠢᠯᠲᠠᠨ ᠤ ᠠᠷᠢᠭᠤᠨ ᠴᠢᠬᠡᠴᠢ ᠳᠦᠷᠢ ᠲᠥᠷᠬᠦ ᠶᠢ ᠪᠣᠶ ᠪᠣᠯᠭᠠᠬᠤ ᠪᠠ ᠬᠠᠮᠠᠭᠠᠯᠠᠨ᠎ᠠ᠃    ᠭᠤᠷᠪᠠ ᠳᠤ᠂ ᠰᠤᠷᠤᠯᠴᠠᠯᠭ᠎ᠠ ᠪᠠᠨ ᠴᠢᠩᠭᠠᠳᠬᠠᠵᠤ᠂ ᠭᠤᠣᠯᠳᠠᠯᠭ᠎ᠠ ᠪᠠᠨ  ᠲᠣᠳᠤᠷᠬᠠᠶᠢᠯᠠᠨ᠎ᠠ᠃ ᠬᠢᠨᠠᠨ ᠪᠤᠳᠤᠬᠤ ᠳᠤᠭᠤᠶᠢᠯᠠᠩ ᠤᠨ ᠳᠠᠷᠤᠭ᠎ᠠ ᠠᠴᠠ ᠬᠢᠨᠠᠨ ᠪᠤᠳᠤᠬᠤ ᠳᠤᠭᠤᠶᠢᠯᠠᠩ ᠤᠨ ᠪᠦᠷᠢᠯᠳᠦᠬᠦᠨ ᠢ ᠵᠣᠬᠢᠶᠠᠨ ᠪᠠᠶᠢᠭᠤᠯᠵᠤ ︽2024 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠲᠥᠰᠦᠪ ᠤᠨ ᠬᠡᠷᠡᠭᠵᠢᠭᠦᠯᠦᠯᠲᠡ ᠪᠠ ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠬᠢᠨᠠᠨ ᠪᠤᠳᠤᠬᠤ ᠠᠵᠢᠯ ᠤᠨ ᠲᠥᠰᠦᠯ︾ ᠪᠠ ︽2024 ᠣᠨ ᠤ ᠪᠥᠬᠦ ᠣᠷᠣᠨ ᠤ ᠭᠤᠷᠪᠠᠨ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠲᠥᠰᠦᠪ ᠤᠨ ᠬᠡᠷᠡᠭᠵᠢᠭᠦᠯᠦᠯᠲᠡ ᠳᠤ ᠬᠢᠨᠠᠨ ᠪᠤᠳᠤᠬᠤ ᠳᠡᠭᠡᠳᠦ ᠳᠣᠤᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ  ᠵᠦᠢᠯᠡᠰ ᠤᠨ ᠠᠵᠢᠯ ᠤᠨ ᠲᠥᠰᠦᠯ︾ ᠢ ᠴᠠᠭ ᠲᠤᠬᠠᠶ ᠳᠤ ᠨᠢ ᠰᠤᠷᠤᠯᠴᠠᠬᠤ ᠶᠢᠨ ᠬᠠᠮᠲᠤ᠂  ᠠᠣᠬᠠᠨ ᠬᠤᠰᠢᠭᠤᠨ ᠤ ᠬᠢᠨᠠᠨ ᠪᠣᠳᠤᠬᠤ ᠲᠣᠪᠴᠢᠶ᠎ᠠ ᠪᠠ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠨ ᠪᠤᠳᠤᠬᠤ ᠶᠢ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠢᠨᠠᠨ ᠪᠤᠳᠤᠬᠤ ᠶᠠᠪᠤᠴᠠ ᠳᠤ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢᠨ ᠰᠠᠯᠠᠭ᠎ᠠ ᠮᠥᠴᠢᠷ ᠤᠨ ᠲᠥᠰᠦᠪ ᠤᠨ ᠬᠠᠮᠢᠶᠠᠷᠤᠯᠲᠠ ᠪᠠ ᠬᠡᠷᠡᠭᠵᠢᠭᠦᠯᠦᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠴᠢᠬᠤᠯᠠᠴᠢᠯᠠᠨ ᠢᠯᠡᠷᠡᠭᠦᠯᠵᠦ᠂ ᠲᠥᠰᠦᠪ ᠤᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢᠨ ᠪᠠᠶᠢᠳᠠᠯ ᠢ ᠵᠠᠳᠠᠯᠤᠨ᠂ ᠪᠠᠯᠠ ᠮᠥᠩᠭᠦ ᠶᠢᠨ ᠠᠮᠵᠢᠯᠲᠠ ᠪᠦᠲᠦᠮᠵᠢ᠂ ᠠᠯᠪᠠᠨ ᠶᠠᠪᠤᠳᠠᠯ ᠤᠨ ᠵᠠᠷᠤᠯᠭ᠎ᠠ ᠪᠠ ᠠᠯᠪᠠᠨ ᠤ ᠵᠣᠭᠤᠰ ᠤᠨ ᠬᠡᠷᠡᠭᠯᠡᠭᠡ ᠵᠡᠷᠭᠡ ᠭᠤᠤᠯᠳᠠᠯᠭ᠎ᠠ ᠲᠠᠢ ᠠᠭᠤᠯᠭ᠎ᠠ ᠶᠢ ᠠᠩᠬᠠᠷᠴᠤ᠂ ᠰᠠᠯᠠᠭ᠎ᠠ ᠮᠥᠴᠢᠷ ᠤᠨ ᠲᠥᠰᠦᠪ ᠤᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ  ᠠᠬᠢᠭᠤᠯᠤᠨ᠎ᠠ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号