ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ
ᠨᠡᠶᠢᠲᠡᠯᠡᠭᠰᠡᠨ ᠴᠠᠭ᠄
2024/3/6
        ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠣᠨ ᠤ ᠮᠡᠳᠡᠭᠦᠯᠦᠯᠲᠡ    ᠲᠣᠰ ᠮᠡᠳᠡᠭᠦᠯᠦᠯᠲᠡ ᠶᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠪᠣᠯᠤᠨ ᠥᠪᠡᠷᠲᠡᠭᠡᠨ ᠵᠠᠰᠠᠬᠤ ᠣᠷᠣᠨ᠂ ᠤᠯᠠᠭᠠᠨᠬᠠᠳᠠ ᠬᠤᠲᠠ ᠶᠢᠨ ᠬᠤᠯᠪᠣᠭᠳᠠᠯ ᠪᠦᠬᠦᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠲᠣᠭᠲᠠᠭᠠᠯ ᠢ ᠦᠨᠳᠦᠰᠦᠯᠡᠨ ᠨᠠᠶᠢᠷᠠᠭᠤᠯᠤᠨ ᠵᠣᠬᠢᠶᠠᠪᠠ᠃ ᠪᠦᠬᠦ ᠠᠭᠤᠯᠭ᠎ᠠ ᠳᠤᠨᠢ ᠶᠡᠷᠦᠩᠬᠡᠶ ᠪᠠᠶᠢᠳᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠣᠯᠤᠭᠰᠠᠨ ᠪᠠ ᠰᠢᠢᠳᠪᠦᠷᠢᠯᠡᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠤᠶᠤᠴᠢᠯᠠᠭᠰᠠᠨ᠂ ᠵᠠᠰᠠᠭ ᠵᠠᠬᠢᠷᠭᠠᠨ ᠤ ᠵᠠᠷᠭᠤ ᠬᠢᠭᠰᠡᠨ ᠪᠠᠶᠢᠳᠠᠯ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠳᠤ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ᠂ ᠪᠤᠰᠤᠳ ᠮᠡᠳᠡᠭᠦᠯᠬᠦ ᠴᠢᠬᠤᠯᠠᠲᠠᠶ ᠵᠦᠢᠯᠡᠰ ᠵᠡᠷᠭᠡ ᠵᠢᠷᠭᠤᠭᠠᠨ ᠬᠡᠰᠡᠭ ᠪᠠᠭᠲᠠᠨ᠎ᠠ᠃ ᠲᠤᠰ ᠮᠡᠳᠡᠭᠦᠯᠦᠯᠲᠡ ᠳᠤ ᠵᠢᠭᠰᠠᠭᠠᠭᠰᠠᠨ ᠲᠤᠭ᠎ᠠ ᠪᠠᠷᠢᠮᠲᠠ ᠶᠢᠨ ᠪᠦᠷᠢᠳᠬᠡᠯ ᠤᠨ ᠬᠤᠭᠤᠴᠠᠭ᠎ᠠ ᠨᠢ 2023 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ 2023 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ᠂ ᠡᠯᠧᠺᠲᠷᠣᠨ ᠬᠡᠪᠯᠡᠯ ᠢ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ  ᠠᠯᠪᠠᠨ ᠰᠦᠯᠵᠢᠶ᠎ᠡ ᠳᠤ ᠪᠥᠬᠦ ᠠᠭᠤᠯᠭ᠎ᠠ ᠪᠠᠷ ᠢᠯᠡ ᠪᠣᠯᠭᠠᠨ᠎ᠠ᠂ ᠵᠢᠱᠢᠶᠡᠯᠡᠪᠡᠯ ᠲᠣᠰ ᠮᠡᠳᠡᠭᠦᠯᠦᠯᠲᠡ ᠳᠤ ᠮᠠᠳᠠᠭ ᠲᠠᠢ ᠪᠣᠯ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠥᠪ ᠲᠠᠢ ᠬᠠᠷᠢᠯᠴᠠᠨ᠎ᠠ ︵ᠬᠠᠶ᠋ᠢᠭ᠄ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠮᠣ ᠠᠰᠠᠷ ᠤᠨ 838 ᠲᠠᠰᠤᠭ︔ ᠰᠢᠤᠳᠠᠨ ᠨᠣᠮᠧᠷ᠄ 02430︔ ᠤᠲᠠᠰᠤ᠄ 0476 - 4322588︶᠃    ᠨᠢᠭᠡ᠂ ᠶᠡᠷᠦᠩᠬᠡᠢ ᠪᠠᠶᠢᠳᠠᠯ    2023 ᠣᠨ ᠳᠤ᠂ ᠤᠯᠠᠭᠠᠨᠬᠠᠳᠠ ᠬᠤᠲᠠ ᠶᠢᠨ ᠠᠤᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽2023 ᠣᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠭᠤᠤᠯᠳᠠᠯᠭ᠎ᠠ︾ ᠶᠢᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠭᠤᠤᠯ ᠠᠵᠢᠯ ᠵᠢᠴᠢ ᠣᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠵᠠᠰᠠᠭ ᠤᠨ ᠶᠠᠪᠤᠳᠠᠯ ᠢ ᠢᠯᠡ ᠪᠣᠯᠭᠠᠬᠤ ᠡᠭᠦᠷᠭᠡ ᠴᠢᠳᠠᠪᠤᠷᠢ ᠶᠢ ᠲᠦᠷᠭᠡᠳᠬᠡᠨ ᠬᠤᠪᠢᠷᠠᠭᠤᠯᠵᠤ᠂ ᠲᠥᠷᠥ ᠶᠢᠨ ᠪᠣᠳᠣᠯᠭ᠎ᠠ ᠶᠢ ᠢᠯᠡ ᠪᠣᠯᠭᠠᠬᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠦᠢᠯᠡᠳᠦᠯ ᠦᠵᠡᠭᠦᠯᠪᠡ᠃    ︵ᠨᠢᠭᠡ︶ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠪᠠᠶᠢᠳᠠᠯ    2023 ᠣᠨ ᠳᠤ᠂ ᠪᠥᠬᠦ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠰᠦᠯᠵᠢᠶ᠎ᠡ ᠪᠠᠷ ᠳᠠᠮᠵᠢᠭᠤᠯᠤᠨ ᠬᠥᠳᠡᠯᠦᠩᠭᠦᠶ ᠪᠠᠶᠢᠳᠠᠯ ᠤᠨ ᠲᠥᠷᠥᠯ ᠤᠨ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠵᠦ᠂ ᠨᠡᠶᠢᠲᠡ 8808 ᠵᠤᠷᠪᠤᠰ ᠮᠡᠳᠡᠭᠡ ᠵᠠᠩᠭᠢ ᠶᠢ ᠨᠡᠶᠢᠲᠡᠯᠡᠪᠡ᠃     ︵ᠬᠤᠶᠠᠷ︶ ᠭᠤᠶᠤᠴᠢᠯᠠᠯ ᠢᠶᠠᠷ ᠢᠯᠡ ᠪᠣᠯᠭᠠᠭᠰᠠᠨ ᠪᠠᠶᠢᠳᠠᠯ   ᠵᠠᠰᠠᠭ ᠤᠨ ᠣᠷᠳᠣᠨ ᠤ ᠮᠡᠳᠡᠭᠡ ᠵᠠᠩᠭᠢ ᠶᠢ ᠭᠤᠶᠤᠴᠢᠯᠠᠯ ᠶᠣᠰᠣᠭᠠᠷ ᠢᠯᠡ ᠪᠣᠯᠭᠠᠬᠤ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠰᠦᠯᠵᠢᠶᠡᠨ ᠳᠡᠭᠡᠷ᠎ᠡ ᠭᠦᠢᠴᠡᠳᠭᠡᠬᠦ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ ᠶᠣᠰᠣᠭᠠᠷ᠂ ᠭᠤᠶᠤᠴᠢᠯᠠᠯ ᠶᠣᠰᠣᠭᠠᠷ ᠢᠯᠡ ᠪᠣᠯᠭᠠᠬᠤ ᠰᠢᠰᠲ᠋ᠧᠮ ᠤᠨ ᠬᠡᠷᠡᠭᠯᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠬᠤᠰᠢᠭᠤᠨ ᠤ ᠡᠯ᠎ᠡ ᠰᠠᠯᠠᠭ᠎ᠠ ᠮᠥᠴᠢᠷ ᠵᠢᠴᠢ ᠰᠤᠮᠤ ᠰᠢᠶᠠᠩ ᠪᠠᠯᠭᠠᠰᠤᠨ ᠤ ᠵᠠᠰᠠᠭ ᠤᠨ ᠣᠷᠳᠣᠨ ᠢ ᠪᠥᠬᠦ ᠣᠷᠣᠨ ᠤ ᠭᠤᠶᠤᠴᠢᠯᠠᠯ ᠶᠣᠰᠣᠭᠠᠷ ᠢᠯᠡ ᠪᠣᠯᠭᠠᠬᠤ ᠲᠠᠪᠴᠠᠩ ᠳᠤ ᠵᠠᠯᠭᠠᠨ ᠣᠷᠣᠭᠤᠯᠵᠤ ᠨᠢᠭᠡᠳᠦᠯᠲᠡᠶ ᠭᠦᠢᠴᠡᠳᠬᠡᠵᠦ᠂ ︽ᠨᠢᠭᠡᠳᠦᠯᠲᠡᠶ ᠰᠢᠰᠲ᠋ᠧᠮ ᠢᠶᠠᠷ ᠮᠠᠲ᠋ᠧᠷᠢᠶᠠᠯ ᠢ ᠭᠥᠯᠢᠶᠡᠨ ᠠᠪᠬᠤ᠂ ᠨᠢᠭᠡᠳᠦᠯᠲᠡᠶ ᠰᠢᠰᠲ᠋ᠧᠮ ᠢᠶᠠᠷ ᠮᠠᠲ᠋ᠧᠷᠢᠶᠠᠯ ᠢ ᠭᠦᠢᠴᠡᠳᠬᠡᠬᠦ᠂ ᠨᠢᠭᠡᠳᠦᠯᠲᠡᠶ ᠬᠡᠪ ᠵᠠᠭᠪᠤᠷ ᠢᠶᠠᠷ ᠬᠠᠷᠢᠭᠤᠯᠲᠠ ᠥᠭᠬᠦ᠂ ᠭᠦᠢᠴᠡᠳᠭᠡᠬᠦ ᠲᠤᠭ᠎ᠠ ᠪᠠᠷᠢᠮᠲᠠ ᠶᠢᠨ ᠪᠥᠬᠦ ᠬᠦᠴᠦᠨ ᠵᠦᠢᠯ ᠢ ᠴᠤᠭᠯᠠᠭᠤᠯᠬᠤ︾ ᠶᠢ ᠦᠨᠳᠦᠰᠦᠨ ᠳᠡᠭᠡᠨ  ᠪᠡᠶᠡᠯᠡᠭᠦᠯᠪᠡ᠃    ︵ᠭᠤᠷᠪᠠ︶ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠪᠠᠶᠢᠳᠠᠯ    ᠣᠳᠣ ᠶᠢᠨ ᠬᠡᠷᠡᠭᠵᠢᠭᠦᠯᠵᠦ ᠪᠠᠶᠢᠭ᠎ᠠ ᠵᠠᠰᠠᠭ ᠵᠠᠬᠢᠷᠭᠠᠨ ᠤ ᠬᠦᠴᠦᠨ ᠪᠦᠬᠦᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠥᠪᠯᠡᠷᠡᠭᠦᠯᠦᠨ ᠢᠯᠡ ᠪᠣᠯᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ ᠵᠠᠰᠠᠭ ᠤᠨ ᠣᠷᠳᠣᠨ ᠤ ᠰᠦᠯᠵᠢᠶᠡᠨ ᠥᠷᠲᠡᠭᠡ ᠶᠢᠨ ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ︾ ᠲᠤᠰᠬᠠᠶ ᠪᠤᠯᠤᠩ ᠳᠤ ᠲᠦᠰᠢᠭᠯᠡᠨ᠂ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ ᠪᠥᠬᠦᠶ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠥᠮᠥᠷᠭᠡ ᠶᠢ ᠪᠠᠶᠢᠭᠤᠯᠵᠤ᠂ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠷᠠᠭᠤᠯᠤᠨ᠂ ᠨᠢᠭᠡᠨᠲᠡ ᠢᠯᠡ ᠪᠣᠯᠭᠠᠭᠰᠠᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠥᠬᠡᠶ ᠪᠣᠯᠭᠠᠭᠰᠠᠨ ᠪᠠᠶᠢᠳᠠᠯ ᠢ ᠦᠨᠳᠦᠰᠦᠯᠡᠨ᠂ ᠴᠠᠭ ᠲᠤᠬᠠᠶ ᠳᠤᠨᠢ ᠳᠣᠭᠢᠷᠠᠭᠤᠯᠤᠨ  ᠰᠢᠨᠡᠳᠬᠡᠪᠡ᠃    ︵ᠲᠦᠷᠪᠡ︶ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ ᠶᠢᠨ ᠪᠠᠶᠢᠳᠠᠯ    ᠬᠤᠰᠢᠭᠤᠨ ᠤ ᠵᠠᠰᠠᠭ ᠤᠨ ᠣᠷᠳᠣᠨ ᠤ ᠰᠦᠯᠵᠢᠶᠡᠨ ᠤ ᠠᠭᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠯᠠᠭᠠᠨᠬᠠᠳᠠ ᠬᠤᠲᠠ ᠶᠢᠨ ᠵᠠᠰᠠᠭ ᠤᠨ ᠣᠷᠳᠣᠨ ᠤ ᠰᠦᠯᠵᠢᠶᠡᠨ ᠤ ᠡᠷᠴᠢᠮᠵᠢᠭᠦᠯᠦᠭᠰᠡᠨ ᠲᠠᠪᠴᠠᠩ ᠢ ᠲᠥᠪᠯᠡᠷᠡᠭᠦᠯᠦᠨ ᠬᠡᠷᠡᠭᠯᠡᠨ᠎ᠡ᠃    ︵ᠲᠠᠪᠤ︶ ᠬᠢᠨᠠᠯᠲᠠ ᠲᠠᠯᠪᠢᠨ ᠪᠠᠲᠤᠯᠠᠭᠰᠠᠨ ᠪᠠᠶᠢᠳᠠᠯ    ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠰᠢᠯᠭᠠᠨ ᠬᠢᠨᠠᠬᠤ ᠪᠠ ᠪᠠᠶᠢᠴᠠᠭᠠᠬᠤ ᠶᠢ  ᠴᠢᠩᠭᠠᠳᠬᠠᠪᠠ᠃ 2023 ᠣᠨ ᠤ ᠡᠯ᠎ᠡ ᠰᠢᠶᠠᠩ ᠪᠠᠯᠭᠠᠰᠤ ᠪᠠ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢ ᠲᠣᠭᠲᠠᠭᠠᠵᠤ᠂ ᠵᠢᠯ ᠤᠨ ᠡᠴᠦᠰ ᠲᠤ ᠪᠥᠬᠦ ᠬᠤᠰᠢᠭᠤᠨ ᠤ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠳᠤ ᠬᠢᠨᠠᠨ ᠰᠢᠯᠭᠠᠯᠲᠠ  ᠬᠢᠪᠡ᠃    ᠲᠠᠪᠤ᠂ ᠣᠷᠣᠰᠢᠵᠤ ᠪᠠᠶᠢᠭ᠎ᠠ ᠭᠤᠤᠯ ᠠᠰᠠᠭᠤᠳᠠᠯ ᠵᠢᠴᠢ ᠬᠠᠯᠠᠨ ᠰᠠᠶᠢᠵᠢᠷᠠᠭᠤᠯᠤᠭᠰᠠᠨ ᠪᠠᠶᠢᠳᠠᠯ    2023 ᠣᠨ ᠳᠤ ᠠᠤᠬᠠᠨ ᠬᠤᠰᠢᠭᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠵᠣᠬᠢᠬᠤ ᠦᠷ᠎ᠡ ᠪᠦᠲᠦᠮᠵᠢ ᠳᠤ ᠬᠦᠷᠦᠭᠰᠡᠨ ᠪᠣᠯᠪᠠᠴᠤ ᠪᠠᠰᠠ ᠵᠠᠷᠢᠮ ᠠᠰᠠᠭᠤᠳᠠᠯ ᠣᠷᠣᠰᠢᠵᠤ ᠪᠠᠶᠢᠨ᠎ᠠ᠃ ᠨᠢᠭᠡ ᠳᠤ  ᠂ ᠠᠵᠢᠯ ᠤᠨ ᠦᠨᠳᠦᠰᠦᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠬᠤ ᠴᠢᠬᠤᠯᠠ ᠲᠠᠢ ᠪᠠᠶᠢᠵᠤ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠠᠶᠢᠯᠭᠠᠬᠤ ᠠᠵᠢᠯ ᠢ ᠬᠢᠵᠦ ᠪᠠᠶᠢᠭ᠎ᠠ ᠠᠵᠢᠯᠲᠠᠳ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠠᠶᠢᠯᠭᠠᠬᠤ ᠠᠵᠢᠯ ᠢ ᠰᠤᠳᠤᠯᠤᠨ ᠡᠵᠡᠮᠰᠢᠬᠦ ᠪᠠᠷ ᠬᠦᠷᠦᠯᠴᠡᠬᠦ ᠦᠭᠡᠶ ᠪᠠᠶᠢᠨ᠎ᠠ᠃ ᠬᠤᠶᠠᠷ ᠲᠤ ᠂ ᠠᠵᠢᠯ ᠤᠨ ᠬᠥᠭᠵᠢᠯᠲᠡ ᠪᠠᠰᠠ ᠲᠡᠩᠴᠡᠭᠦᠷᠢ ᠦᠭᠡᠢ ᠪᠠᠶᠢᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠤᠨ ᠴᠢᠬᠤᠯᠠ ᠴᠢᠨᠠᠷ ᠤᠨ ᠲᠤᠬᠠᠶ ᠣᠨᠴᠠ ᠵᠠᠷᠢᠮ ᠰᠠᠯᠠᠭ᠎ᠠ ᠮᠥᠴᠢᠷ ᠤᠳ ᠲᠠᠨᠢᠯᠲᠠ ᠨᠢ ᠪᠣᠳᠠᠲᠠᠶᠢᠵᠢᠭᠠᠳᠤᠶ᠂ ᠨᠠᠶᠢᠳᠠᠪᠤᠷᠢᠵᠢᠭᠤᠯᠤᠯᠲᠠ ᠨᠢ ᠪᠣᠳᠠᠲᠠᠶᠢᠵᠢᠭᠠᠳᠤᠶ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠲᠦᠯᠬᠢᠨ ᠠᠬᠢᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠴᠢᠬᠤᠯᠠ ᠲᠠᠢ ᠪᠠᠶᠢᠨ᠎ᠠ᠃ ᠭᠤᠷᠪᠠ ᠳᠤ᠂ ᠢᠯᠡ ᠪᠣᠯᠭᠠᠬᠤ ᠠᠭᠤᠯᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠴᠢᠬᠤᠯᠠᠲᠠᠶ᠂ ᠢᠯᠡ ᠪᠣᠯᠭᠠᠬᠤ ᠬᠡᠯᠪᠡᠷᠢ  ᠨᠢ ᠨᠡᠯᠢᠶᠡᠳ ᠳᠠᠩ ᠴᠤᠯᠭᠤᠶ ᠪᠠᠶᠢᠵᠤ᠂ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ᠂ ᠮᠡᠳᠡᠭᠡ ᠵᠠᠩᠭᠢ ᠶᠢ ᠢᠯᠡ ᠪᠣᠯᠭᠠᠬᠤ ᠶᠢᠨ ᠪᠦᠲᠦᠮᠵᠢᠲᠦ ᠴᠢᠨᠠᠷ᠂ ᠠᠷᠠᠳ ᠲᠤ ᠳᠥᠭᠦᠮ ᠦᠵᠡᠭᠦᠯᠬᠦ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠢᠯᠠᠩᠭᠤᠶ᠎ᠠ ᠭᠤᠤᠯᠳᠠᠯᠭ᠎ᠠ ᠲᠠᠢ ᠬᠦᠷᠢᠶᠡᠨ ᠳᠠᠬᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠴᠢᠩᠭᠠᠳᠬᠠᠬᠤ ᠴᠢᠬᠤᠯᠠᠲᠠᠶ ᠪᠠᠶᠢᠨ᠎ᠠ᠃    ᠰᠠᠶᠢᠵᠢᠷᠠᠭᠤᠯᠬᠤ ᠠᠷᠭ᠎ᠠ ᠬᠡᠮᠵᠢᠶ᠎ᠡ᠄ ᠨᠢᠭᠡ ᠳᠤ ᠂ ᠮᠡᠳᠡᠭᠡ ᠵᠠᠩᠭᠢ ᠶᠢᠨ ᠪᠦᠷᠢᠨ ᠪᠦᠲᠦᠨ ᠴᠢᠨᠠᠷ ᠢ ᠪᠠᠲᠤᠯᠠᠨ᠎ᠠ᠃ ᠨᠢᠭᠡᠨᠲᠡ ᠢᠯᠡ ᠪᠣᠯᠭᠠᠭᠰᠠᠨ ᠮᠡᠳᠡᠭᠡ ᠵᠠᠩᠭᠢ ᠶᠢᠨ ᠰᠠᠭᠤᠷᠢᠨ ᠳᠡᠭᠡᠷ᠎ᠡ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠠᠮ ᠨᠢᠭᠡ ᠠᠯᠬᠤᠮ ᠡᠮᠬᠢᠯᠡᠵᠦ᠂ ᠤᠤᠯ ᠤᠨ ᠪᠠᠶᠢᠭ᠎ᠠ ᠵᠠᠰᠠᠭ ᠤᠨ ᠣᠷᠳᠣᠨ ᠤ ᠮᠡᠳᠡᠭᠡ ᠵᠠᠩᠭᠢ ᠪᠠᠷ ᠨᠥᠬᠦᠪᠥᠷᠢᠯᠡᠨ ᠲᠡᠭᠦᠯᠳᠡᠷᠵᠢᠭᠦᠯᠵᠦ᠂ ᠢᠯᠡ ᠪᠣᠯᠭᠠᠭᠰᠠᠨ ᠮᠡᠳᠡᠭᠡ ᠵᠠᠩᠭᠢ ᠶᠢᠨ ᠪᠦᠷᠢᠨ ᠪᠦᠲᠦᠨ ᠴᠢᠨᠠᠷ ᠪᠣᠯᠤᠨ ᠣᠨᠣᠪᠴᠢᠲᠤ ᠴᠢᠨᠠᠷ ᠢ ᠪᠠᠲᠤᠯᠠᠬᠤ ᠬᠡᠷᠡᠭᠲᠡᠶ᠃ ᠬᠤᠶᠠᠷ ᠲᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ  ᠴᠢᠩᠭᠠᠳᠬᠠᠨ᠎ᠠ᠃ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ᠂ ᠲᠣᠰ ᠵᠢᠯ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠣᠯᠪᠠᠰᠤᠷᠠᠭᠤᠯᠤᠯ ᠢ ᠨᠢᠭᠡ ᠤᠳᠠᠭ᠎ᠠ ᠡᠷᠬᠢᠯᠡᠵᠦ᠂ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠶᠢ  ᠳᠡᠭᠡᠭᠰᠢᠯᠡᠭᠦᠯᠦᠨ᠎ᠡ᠃ ᠭᠤᠷᠪᠠ ᠳᠤ᠂ ᠣᠯᠠᠨ ᠬᠡᠯᠪᠡᠷᠢ ᠪᠠᠷ ᠮᠡᠳᠡᠭᠡ ᠵᠠᠩᠭᠢ ᠶᠢ ᠢᠯᠡ ᠪᠣᠯᠭᠠᠨ᠎ᠠ᠃ ᠪᠥᠬᠦ ᠬᠤᠰᠢᠭᠤᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠰᠢᠨ᠎ᠡ ᠬᠡᠯᠪᠡᠷᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠴᠢᠶᠠᠯᠠᠪᠤᠷᠢ ᠶᠢ ᠤᠯᠠᠮ ᠨᠢᠭᠡ ᠠᠯᠬᠤᠮ ᠨᠡᠭᠡᠭᠡᠨ ᠬᠡᠷᠡᠭᠯᠡᠨ᠎ᠡ᠃    ᠵᠢᠷᠭᠤᠭ᠎ᠠ᠂ ᠮᠡᠳᠡᠭᠦᠯᠬᠦ ᠴᠢᠬᠤᠯᠠᠲᠠᠶ ᠪᠤᠰᠤᠳ ᠵᠦᠢᠯᠡᠰ    ︽ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠮᠡᠳᠡᠭᠡ ᠵᠠᠩᠭᠢ ᠶᠢ ᠰᠢᠢᠳᠪᠦᠷᠢᠯᠡᠬᠦ ᠵᠠᠷᠤᠳᠠᠯ ᠤᠨ ᠬᠠᠮᠢᠶᠠᠷᠤᠯᠲᠠ ᠶᠢᠨ ᠠᠷᠭ᠎ᠠ︾ ᠶᠢᠨ ᠶᠣᠰᠣᠭᠠᠷ᠂ 2023 ᠣᠨ ᠳᠤ ᠰᠦᠢᠳᠬᠡᠯ ᠬᠤᠷᠢᠶᠠᠬᠤ ᠴᠢᠬᠤᠯᠠ ᠦᠭᠡᠢ ᠪᠣᠯ ᠢᠯᠡ ᠪᠣᠯᠭᠠᠬᠤ ᠭᠤᠶᠤᠴᠢᠯᠠᠯ ᠤᠨ ᠪᠢᠴᠢᠭ ᠪᠠᠶᠢᠬᠤ ᠦᠭᠡᠢ᠃ ᠲᠤᠰ ᠵᠢᠯ ᠮᠡᠳᠡᠭᠦᠯᠬᠦ ᠴᠢᠬᠤᠯᠠᠲᠠᠶ ᠪᠤᠰᠤᠳ ᠵᠦᠢᠯᠡᠰ᠃    ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ  ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号