| ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠤᠨ ᠠᠯᠪᠠᠨ ᠮᠡᠳᠡᠭᠡ | ︵2024 ᠣᠨ ᠤ 3 ᠰᠠᠷ᠎ᠠ ᠶᠢᠨ 4 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ | ᠤᠳᠠᠭᠠᠨ ᠤ ᠪᠥᠬᠦᠳᠡ ᠬᠤᠷᠠᠯ ᠠᠴᠠ ᠪᠠᠲᠤᠯᠠᠪᠠ︶ | ᠳᠤᠮᠳᠠᠳᠤ ᠤᠯᠤᠰ ᠤᠨ ᠡᠪ ᠬᠠᠮᠲᠤ ᠨᠠᠮ ᠤᠨ ᠠᠤᠬᠠᠨ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠂ 2024 ᠣᠨ ᠤ 3 | ᠰᠠᠷ᠎ᠠ ᠶᠢᠨ 4 ᠤ ᠡᠳᠦᠷ ᠠᠤᠬᠠᠨ ᠳᠤ ᠬᠤᠷᠠᠯᠳᠤᠪᠠ᠃ ᠲᠣᠰ ᠤᠳᠠᠭᠠᠨ ᠤ ᠬᠤᠷᠠᠯ ᠳᠤ ᠬᠤᠰᠢᠭᠤᠨ ᠤ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ 14 ᠬᠦᠮᠦᠰ ᠣᠷᠣᠯᠴᠠᠵᠤ᠂ 51 ᠬᠦᠮᠦᠰ ᠰᠤᠯᠠ ᠣᠷᠣᠯᠴᠠᠵᠠᠶ᠃ | ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠦᠩ ᠵᠢᠶᠦ᠋ᠨ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ ᠵᠢᠴᠢ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ | ᠤᠳᠤᠷᠢᠳᠬᠤ ᠨᠥᠬᠦᠳ ᠬᠤᠷᠠᠯ ᠳᠤ ᠣᠷᠣᠯᠴᠠᠵᠠᠶ᠃ | ᠪᠥᠬᠦᠳᠡ ᠬᠤᠷᠠᠯ ᠢ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠠᠴᠠ | ᠡᠷᠬᠢᠯᠡᠪᠡ ᠃ ᠪᠥᠬᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠪᠥᠬᠦᠳᠡ | ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ᠂ ᠬᠤᠰᠢᠭᠤᠨ ᠤ | ᠨᠠᠮ ᠤᠨ ᠬᠤᠷᠢᠶ᠎ᠠ ᠶᠢᠨ ᠠᠷᠪᠠᠨ ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ 2023 ᠣᠨ ᠤ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠵᠦ᠂ 2024 ᠣᠨ ᠤ ᠡᠭᠦᠷᠭᠡ ᠶᠢ ᠪᠠᠶᠢᠷᠢᠯᠠᠭᠤᠯᠵᠤ᠂ ᠯᠢ ᠰᠢᠤ ᠬᠤᠸᠠ | ᠨᠥᠬᠦᠷ ᠤᠨ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠡᠮᠦᠨ᠎ᠡ ᠠᠴᠠ ᠬᠢᠭᠰᠡᠨ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ | ᠬᠥᠭᠵᠢᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠣᠳᠣᠬᠢᠴᠢᠯᠠᠭᠰᠠᠨ ᠠᠤᠬᠠᠨ ᠢ ᠪᠥᠬᠦ ᠲᠠᠯ᠎ᠠ ᠪᠠᠷ ᠪᠥᠲᠥᠭᠡᠨ | ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠶ᠎ᠠ︾ ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠶᠠᠷᠢᠯᠴᠠᠵᠤ | ᠪᠠᠲᠤᠯᠠᠪᠠ᠃ | ᠪᠥᠬᠦᠳᠡ ᠬᠤᠷᠠᠯ ᠠᠴᠠ ᠵᠢᠭᠠᠵᠤ ᠭᠠᠷᠭᠠᠭᠰᠠᠨ ᠨᠢ᠂ 2023 ᠣᠨ ᠳᠤ᠂ ᠳᠡᠭᠡᠳᠦ ᠱᠠᠲᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠭᠤᠤᠯ ᠰᠢᠵᠢᠮ ᠪᠣᠯᠭᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ ᠰᠡᠳᠦᠪᠲᠦ | ᠬᠥᠮᠦᠵᠢᠯ ᠪᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠶᠢᠨ ᠬᠥᠮᠦᠵᠢᠯ | ᠴᠡᠭᠴᠡᠯᠡᠯᠲᠡ ᠶᠢ ᠥᠷᠨᠢᠭᠦᠯᠬᠦ ᠪᠠᠷ ᠭᠤᠤᠯᠳᠠᠯᠭ᠎ᠠ ᠪᠣᠯᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ | ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠰᠢᠨ᠎ᠡ ᠦᠷ᠎ᠡ ᠪᠦᠲᠦᠮᠵᠢ ᠤᠯᠪᠠ᠃ ︽ᠬᠤᠶᠠᠷ ᠢ | ᠬᠠᠮᠠᠭᠠᠯᠠᠬᠤ︾ ᠶᠢ ᠡᠷᠡᠰ ᠭᠤᠶᠢᠪᠢᠰᠢ ᠦᠭᠡᠢ ᠦᠢᠯᠡᠳᠦᠯᠭᠡᠵᠢᠭᠦᠯᠵᠦ᠂ ᠤᠯᠤᠰ ᠲᠦᠷᠦ ᠶᠢᠨ ᠡᠭᠦᠷᠭᠡᠯᠡᠯ ᠢ ᠨᠡᠩ | ᠤᠬᠠᠮᠰᠠᠷ ᠠᠴᠠ ᠪᠠᠨ ᠪᠠᠲᠤᠳᠬᠠᠪᠠ︔ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ | ᠰᠤᠷᠲᠠᠯ ᠤᠨ ᠪᠠᠶᠢᠭᠤᠯᠤᠯᠲᠠ ᠶᠢ ᠪᠠᠬᠢᠵᠢᠭᠦᠯᠬᠦ ᠦᠷ᠎ᠡ ᠪᠦᠲᠦᠮᠵᠢ ᠶᠢ ᠲᠠᠰᠤᠷᠠᠯᠳᠡ ᠦᠭᠡᠢ ᠭᠦᠨᠵᠡᠭᠡᠶᠢᠷᠡᠭᠦᠯᠪᠡ︔ ︽ | ᠭᠤᠷᠪᠠ ᠶᠢ ᠥᠯᠥ ᠢᠯᠵᠢᠷᠡᠭᠦᠯᠬᠦ︾ ᠶᠢ ᠨᠢᠭᠡ ᠴᠤᠭᠴᠠᠵᠢᠭᠤᠯᠤᠨ ᠠᠬᠢᠭᠤᠯᠵᠤ᠂ ᠴᠢᠩᠭ᠎ᠠ ᠭᠤᠤᠯ ᠬᠥᠭ ᠠᠶᠠᠰ ᠢ | ᠥᠯᠥ ᠬᠤᠪᠢᠷᠠᠭᠤᠯᠬᠤ ᠳᠣᠬᠢᠶ᠎ᠠ ᠶᠢ ᠲᠠᠰᠤᠷᠠᠯᠲᠠ ᠥᠬᠡᠶ ᠭᠠᠷᠭᠠᠪᠠ︔ ᠬᠢᠨᠠᠯᠲᠠ ᠲᠠᠯᠪᠢᠬᠤ ᠰᠢᠰᠲ᠋ᠧᠮ ᠢ | ᠲᠡᠭᠦᠯᠳᠡᠷᠵᠢᠭᠦᠯᠵᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠡᠷᠦᠩᠬᠡᠶᠢᠯᠡᠭᠰᠡᠨ | ᠦᠢᠯᠡᠳᠦᠯ ᠨᠡᠩ ᠲᠤᠪᠤᠶᠢᠮ᠎ᠠ ᠪᠣᠯᠪᠠ︔ ᠭᠤᠣᠯ ᠰᠡᠳᠦᠪᠲᠦ ᠬᠥᠮᠦᠵᠢᠯ ᠪᠠ ᠬᠥᠮᠦᠵᠢᠯ ᠴᠡᠭᠴᠡᠯᠡᠯᠲᠡ ᠶᠢ ᠵᠡᠷᠭᠡᠪᠡᠷ | ᠠᠬᠢᠭᠤᠯᠬᠤ ᠶᠢ ᠪᠠᠷᠢᠮᠲᠠᠯᠠᠵᠤ᠂ ᠺᠠᠳ᠋ᠷ ᠤᠨ ᠡᠩᠨᠡᠭᠡᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠪᠠ᠃ ᠠᠮᠵᠢᠯᠲᠠ ᠪᠠᠨ ᠳ᠋ᠦᠩᠨᠡᠬᠦ ᠶᠢᠨ ᠬᠠᠮᠲᠤ᠂ ᠪᠦᠭᠦ ᠬᠤᠰᠢᠭᠤᠨ ᠤ ᠢᠯᠵᠠᠷᠠᠯ ᠢ ᠡᠰᠡᠷᠭᠦᠴᠡᠬᠦ | ᠲᠡᠮᠡᠴᠡᠯ ᠤᠨ ᠪᠠᠶᠢᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠪᠠ ᠺᠠᠳ᠋ᠷ ᠤᠨ ᠡᠩᠨᠡᠭᠡᠨ ᠤ | ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ ᠪᠠᠷᠢᠮᠲᠠᠯᠠᠨ ᠵᠠᠳᠠᠯᠵᠤ᠂ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠦᠷᠭᠦᠯᠵᠢᠯᠡᠨ ᠰᠢᠢᠳᠪᠦᠷᠢᠯᠡᠬᠦ ᠬᠡᠷᠡᠭᠲᠡᠶ ᠭᠡᠵᠦ ᠱᠠᠭᠠᠷᠳᠠᠵᠠᠶ᠃ | ᠪᠥᠬᠦᠳᠡ ᠬᠤᠷᠠᠯ ᠠᠴᠠ ᠴᠢᠬᠤᠯᠠᠴᠢᠯᠠᠭᠰᠠᠨ ᠨᠢ᠂ 2024 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ | ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠶ | ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠭᠤᠣᠯ ᠰᠢᠵᠢᠮ ᠢ ᠪᠦᠬᠦ ᠲᠠᠯ᠎ᠠ ᠪᠠᠷ ᠭᠤᠣᠯ ᠰᠡᠳᠦᠪᠲᠦ ᠰᠤᠷᠭᠠᠨ ᠬᠥᠮᠦᠵᠢᠯ ᠪᠣᠯᠤᠨ ᠰᠤᠷᠭᠠᠨ | ᠬᠥᠮᠦᠵᠢᠯ ᠤᠨ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠤᠷᠢᠳᠤᠭᠠᠷ | ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠤᠳᠠᠭᠠᠨ ᠤ ᠪᠦᠭᠦᠳᠡ | ᠬᠤᠷᠠᠯ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠦᠭᠦᠳᠡ ᠬᠤᠷᠠᠯ ᠪᠠ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠨᠠᠢᠮᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠦᠭᠦᠳᠡ ᠬᠤᠷᠠᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠣᠰᠣᠭᠠᠷ᠂ ᠨᠠᠮ ᠤᠨ ᠲᠦᠷᠢᠮ ᠪᠣᠯᠤᠨ ᠦᠨᠳᠦᠰᠦᠨ ᠬᠠᠤᠯᠢ ᠠᠴᠠ ᠣᠯᠭᠤᠭᠰᠠᠨ ᠡᠭᠦᠷᠭᠡ | ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ | ᠭᠤᠶᠢᠪᠢᠰᠢ ᠥᠬᠡᠶ ᠠᠬᠢᠭᠤᠯᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ | ᠡᠰᠡᠷᠭᠦᠴᠡᠬᠦ ᠶᠢ ᠭᠦᠨᠵᠡᠭᠡᠶᠢᠷᠡᠭᠦᠯᠦᠨ ᠠᠬᠢᠭᠤᠯᠵᠤ᠂ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠳᠣᠬᠢᠴᠢᠯᠠᠭᠰᠠᠨ | ᠠᠤᠬᠠᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ ᠭᠡᠪᠡ᠃ | ᠨᠢᠭᠡᠳᠦᠭᠡᠷ ᠲᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠦᠨᠳᠦᠰᠦᠨ ᠵᠢᠷᠤᠮᠯᠠᠯ ᠪᠣᠯᠭᠠᠵᠤ᠂ ᠭᠤᠣᠯ | ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠳᠡ ᠦᠭᠡᠢ ᠭᠦᠨᠵᠡᠭᠡᠶᠢᠷᠡᠭᠦᠯᠦᠨ ᠦᠷᠭᠡᠳᠭᠡᠨ᠎ᠡ᠃ | ᠬᠤᠶᠠᠳᠤᠭᠠᠷ ᠲᠤ᠂ ︽ᠬᠤᠶᠠᠷ ᠢ ᠬᠠᠮᠠᠭᠠᠯᠠᠬᠤ︾ ᠶᠢ ᠡᠷᠡᠰ ᠭᠤᠶᠢᠪᠢᠰᠢ ᠦᠭᠡᠢ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠶᠢᠨ ᠴᠢᠬᠤᠯᠠ ᠵᠦᠢᠯ ᠪᠣᠯᠭᠠᠵᠤ᠂ ᠤᠯᠤᠰ ᠲᠦᠷᠦ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠨᠠᠷᠢᠯᠢᠭ | ᠣᠨᠣᠴᠠᠵᠢᠭᠤᠯᠬᠤ᠂ ᠪᠠᠶᠢᠩᠭᠤᠵᠢᠭᠤᠯᠬᠤ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ | ᠭᠤᠷᠪᠠᠳᠤᠭᠠᠷ ᠲᠤ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ ᠠᠬᠢᠭᠤᠯᠬᠤ ᠶᠠᠪᠤᠳᠠᠯ ᠢ ᠡᠷᠡᠰ | ᠭᠤᠶᠢᠪᠢᠰᠢ ᠦᠭᠡᠢ ᠥᠨᠢᠳᠡ ᠶᠢᠨ ᠭᠠᠪᠢᠶ᠎ᠠ ᠪᠣᠯᠭᠠᠵᠤ᠂ ᠢᠯᠵᠠᠷᠠᠯ ᠤᠨ ᠠᠰᠠᠭᠤᠳᠠᠯ ᠤᠨ ᠪᠤᠢ ᠪᠣᠯᠬᠤ ᠬᠥᠷᠥᠰᠥ | ᠰᠢᠷᠣᠶ ᠪᠠ ᠨᠥᠬᠦᠴᠡᠯ ᠢ ᠲᠠᠰᠤᠷᠠᠯᠳᠠ ᠦᠭᠡᠢ ᠠᠷᠢᠯᠭᠠᠨ᠎ᠠ᠃ | ᠳᠥᠷᠪᠡᠳᠦᠭᠡᠷ ᠲᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠬᠥᠳᠡᠯᠭᠡᠬᠦ ᠬᠦᠴᠦᠨ | ᠪᠣᠯᠭᠠᠬᠤ ᠶᠢ ᠭᠤᠶᠢᠪᠢᠰᠢ ᠦᠭᠡᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ | ᠠᠮᠢ ᠠᠬᠤᠢ ᠶᠢ ᠰᠢᠨᠲᠠᠷᠠᠰᠢ ᠦᠭᠡᠢ ᠴᠢᠷᠮᠠᠶᠢᠨ ᠪᠤᠢ ᠪᠣᠯᠭᠠᠨ᠎ᠠ᠃ | ᠲᠠᠪᠤᠳᠤᠭᠠᠷ ᠲᠤ᠂ ᠤᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠡᠷᠡᠰ ᠭᠤᠶᠢᠪᠢᠰᠢ ᠦᠭᠡᠢ | ᠦᠨᠳᠦᠰᠦ ᠰᠠᠭᠤᠷᠢ ᠶᠢ ᠪᠠᠬᠢᠵᠢᠭᠦᠯᠬᠦ ᠠᠷᠭ᠎ᠠ ᠬᠡᠮᠵᠢᠶ᠎ᠡ ᠪᠣᠯᠭᠠᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ | ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ | ᠵᠢᠷᠭᠤᠳᠤᠭᠠᠷ ᠲᠤ᠂ ᠡᠷᠡᠰ ᠭᠤᠶᠢᠪᠢᠰᠢ ᠦᠭᠡᠢ ᠤᠯᠤᠰ ᠲᠦᠷᠦ ᠶᠢᠨ ᠴᠠᠭᠳᠠᠨ ᠪᠠᠶᠢᠴᠠᠭᠠᠯᠲᠠ ᠶᠢ | ᠭᠦᠨᠵᠡᠭᠡᠶᠢᠷᠡᠭᠦᠯᠬᠦ ᠪᠠᠷ ᠲᠤᠯᠢ ᠪᠣᠯᠭᠠᠵᠤ᠂ ᠤᠯᠤᠰ ᠲᠦᠷᠦ ᠶᠢᠨ ᠪᠠᠲᠤᠯᠠᠪᠤᠷᠢ ᠶᠢᠨ ᠦᠢᠯᠡᠳᠦᠯ ᠢ ᠨᠡᠩ ᠰᠠᠶᠢᠲᠤᠷ | ᠪᠠᠳᠠᠷᠠᠭᠤᠯᠤᠨ᠎ᠠ᠃ | ᠳᠣᠯᠣᠳᠤᠭᠠᠷ ᠲᠤ᠂ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠬᠤ ᠶᠢ | ᠭᠤᠶᠢᠪᠢᠰᠢ ᠦᠭᠡᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ᠂ | ᠵᠣᠷᠢᠭᠲᠠᠢ ᠪᠠᠷ ᠲᠡᠮᠡᠴᠡᠬᠦ ᠳᠡᠭᠡᠨ ᠴᠢᠳᠠᠮᠠᠭᠠᠢ ᠪᠠᠶᠢᠬᠤ ᠲᠡᠮᠦᠷ ᠴᠡᠷᠢᠭ ᠤᠨ ᠮᠥᠨ ᠴᠢᠨᠠᠷ ᠢᠶᠠᠨ ᠲᠠᠰᠤᠷᠠᠯᠲᠠ ᠦᠭᠡᠢ | ᠢᠯᠡᠷᠡᠭᠦᠯᠦᠨ᠎ᠡ᠃ | ᠪᠥᠬᠦᠳᠡ ᠬᠤᠷᠠᠯ ᠠᠴᠠ᠂ ᠰᠢ ᠶᠢᠨ ᠫᠢᠩ ᠨᠥᠬᠦᠷ ᠢᠶᠠᠷ ᠭᠤᠤᠯᠯᠠᠭᠤᠯᠤᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠴᠤᠴᠠᠯᠲᠠ ᠥᠬᠡᠶ ᠤᠷᠤᠭᠰᠢᠯᠠᠬᠤ ᠳᠠᠶᠢᠴᠢᠨ ᠳᠦᠷᠢ ᠪᠠᠶᠢᠳᠠᠯ᠂ | ᠬᠡᠵᠢᠶᠡᠳᠡ ᠬᠤᠶᠢᠷᠭᠤᠰᠢᠬᠤ ᠥᠬᠡᠶ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ ᠨᠠᠩ ᠶᠡᠭᠡ ᠦᠷ᠎ᠡ ᠪᠦᠲᠦᠮᠵᠢ ᠣᠯᠵᠤ | ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠠᠤᠬᠠᠨ ᠤ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ | ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠤᠷᠢᠶᠠᠯᠠᠪᠠ︕ |