ᠠᠤᠬᠠᠨ ᠬᠤᠰᠢᠭᠤᠨ ᠤ 2023 ᠣᠨ ᠤ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠲᠠᠷᠢᠭᠰᠠᠳ ᠲᠤ ᠨᠥᠬᠦᠪᠥᠷᠢ ᠥᠭᠬᠦ ᠠᠵᠢᠯ ᠤᠨ ᠬᠡᠷᠡᠭᠵᠢᠭᠦᠯᠬᠦ ᠲᠥᠰᠦᠯ ᠤᠨ ᠲᠠᠶᠢᠯᠤᠮᠵᠢ ᠬᠢᠬᠦ ᠲᠥᠰᠦᠯ
ᠨᠡᠶᠢᠲᠡᠯᠡᠭᠰᠡᠨ ᠴᠠᠭ᠄
2024/3/7
        ᠠᠤᠬᠠᠨ ᠬᠤᠰᠢᠭᠤᠨ ᠤ 2023 ᠤᠨ ᠤ ᠡᠷᠳᠡᠨᠢ ᠰᠢᠰᠢ ᠰᠢᠷ᠎ᠠ ᠪᠤᠷᠴᠠᠭ ᠪᠠ ᠲᠦᠮᠦᠰᠦ    ᠲᠠᠷᠢᠭᠰᠠᠳ ᠲᠤ ᠨᠥᠬᠦᠪᠥᠷᠢ ᠥᠭᠬᠦ ᠠᠵᠢᠯ ᠤᠨ ᠬᠡᠷᠡᠭᠵᠢᠭᠦᠯᠬᠦ ᠲᠥᠰᠦᠯ ᠤᠨ ᠲᠠᠶᠢᠯᠤᠮᠵᠢ ᠬᠢᠬᠦ ᠲᠥᠰᠦᠯ    ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠂ ᠤᠯᠠᠭᠠᠨᠬᠠᠳᠠ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠤᠯᠠᠭᠠᠨᠬᠠᠳᠠ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ  ᠂ ᠤᠯᠠᠭᠠᠨᠬᠠᠳᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠂  ᠤᠯᠤᠰ ᠤᠨ ᠲᠤᠭ᠎ᠠ ᠪᠦᠷᠢᠳᠬᠡᠯ ᠤᠨ ᠤᠯᠠᠭᠠᠨᠬᠠᠳᠠ ᠳᠠᠬᠢ ᠪᠠᠶᠢᠴᠠᠭᠠᠬᠤ ᠠᠩᠭᠢ ᠶᠢᠨ ︽ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠲᠠᠷᠢᠭᠰᠠᠳ ᠲᠤ ᠨᠥᠬᠦᠪᠥᠷᠢ ᠥᠭᠬᠦ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ ︵ᠤᠯᠠᠭᠠᠨᠬᠠᠳᠠ ᠲᠠᠷᠢᠶᠠᠯᠠᠩ ᠮᠠᠯ ᠠᠵᠤ ᠠᠬᠤᠶ ᠲᠠᠷᠢᠮᠠᠯ ᠲᠠᠷᠬᠠᠭᠠᠭᠰᠠᠨ ︹2020︺ 33 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2023 ᠣᠨ ᠤ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠲᠠᠷᠢᠭᠰᠠᠳ ᠲᠤ ᠨᠥᠬᠦᠪᠥᠷᠢ ᠥᠭᠬᠦ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠪᠥᠬᠦ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃    ᠨᠢᠭᠡ᠂ ᠣᠷᠣᠨ ᠲᠣᠭᠠᠨ ᠤ ᠠᠬᠤᠢ ᠪᠠᠶᠢᠳᠠᠯ  ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠷᠳᠡᠨᠢ ᠰᠢᠰᠢ  ᠰᠢᠷ᠎ᠠ ᠪᠤᠷᠴᠠᠭ ᠪᠠ ᠲᠥᠮᠥᠰᠥ ᠶᠢ ᠬᠤᠷᠢᠶᠠᠨ ᠬᠠᠳᠠᠭᠠᠯᠠᠬᠤ ᠲᠦᠷᠢᠮ ᠤᠨ ᠥᠭᠡᠷᠡᠴᠢᠯᠡᠯᠲᠡ ᠶᠢ ᠠᠬᠢᠭᠤᠯᠤᠨ᠂ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠲᠠᠷᠢᠭᠰᠠᠳ ᠲᠤ ᠨᠥᠬᠦᠪᠥᠷᠢ ᠥᠭᠬᠦ ᠲᠦᠷᠢᠮ ᠢ ᠪᠠᠶᠢᠭᠤᠯᠵᠤ᠂ ᠪᠥᠬᠦ ᠬᠤᠰᠢᠭᠤᠨ ᠤ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠲᠠᠷᠢᠭᠰᠠᠳ ᠲᠤ ᠨᠥᠬᠦᠪᠥᠷᠢ ᠥᠭᠴᠦ᠂ ᠲᠠᠷᠢᠭᠴᠢᠳ ᠤᠨ ᠠᠰᠢᠭ ᠣᠷᠣᠯᠭ᠎ᠠ ᠶᠢᠨ ᠦᠨᠳᠦᠰᠦᠨ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠂ ᠲᠠᠷᠢᠮᠠᠯ ᠤᠨ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠡᠶᠡᠯᠡᠭᠦᠯᠦᠨ᠎ᠡ᠃      ᠬᠤᠶᠠᠷ᠂ ᠦᠨᠳᠦᠰᠦᠨ ᠵᠠᠷᠴᠢᠮ    ︵ᠨᠢᠭᠡ︶ ᠵᠠᠬ᠎ᠠ ᠳᠡᠯᠭᠡᠭᠦᠷ ᠢᠶᠠᠷ ᠦᠨ᠎ᠡ ᠬᠠᠩᠰᠢ ᠲᠣᠭᠲᠠᠭᠠᠬᠤ᠂ ᠦᠨ᠎ᠡ ᠬᠠᠩᠰᠢ ᠪᠠ ᠨᠥᠬᠦᠪᠥᠷᠢ ᠶᠢ ᠰᠠᠯᠭᠠᠬᠤ ᠵᠠᠷᠴᠢᠮ᠃ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠶᠢ ᠬᠤᠷᠢᠶᠠᠨ ᠬᠠᠳᠠᠭᠠᠯᠠᠬᠤ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠶᠢᠨ ᠦᠨ᠎ᠡ ᠬᠠᠩᠰᠢ ᠶᠢ ᠵᠠᠬ᠎ᠠ ᠳᠡᠯᠭᠡᠭᠦᠷ ᠠᠴᠠ ᠪᠦᠷᠢᠯᠳᠦᠭᠦᠯᠵᠦ᠂ ᠨᠥᠬᠦᠪᠥᠷᠢ ᠪᠡᠯᠡ ᠮᠥᠩᠭᠦ ᠶᠢ ᠳᠠᠪᠠᠭᠤᠯᠢᠭ ᠭᠠᠷᠤᠯᠲᠠ ᠶᠢᠨ ᠣᠷᠣᠨ ᠲᠡᠶᠢᠰᠢ ᠲᠥᠪᠯᠡᠷᠡᠭᠦᠯᠵᠦ᠂ ᠳᠠᠪᠠᠭᠤᠯᠢᠭ ᠭᠠᠷᠤᠯᠲᠠ ᠶᠢᠨ ᠣᠷᠣᠨ ᠤ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠶᠢᠨ ᠲᠠᠷᠢᠮᠠᠯ ᠤᠨ ᠠᠰᠢᠭ ᠣᠷᠣᠯᠭ᠎ᠠ ᠶᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃    ︵ᠬᠤᠶᠠᠷ︶ ᠨᠣᠷᠮ᠎ᠠ ᠲᠣᠭᠲᠠᠭᠠᠨ ᠨᠥᠬᠦᠪᠥᠷᠢ ᠥᠭᠬᠦ᠂ ᠪᠦᠲᠦᠴᠡ ᠶᠢ ᠳᠣᠭᠢᠷᠠᠭᠤᠯᠬᠤ ᠵᠠᠷᠴᠢᠮ᠃ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠶᠢᠨ ᠦᠨ᠎ᠡ ᠬᠠᠩᠰᠢ ᠶᠢ ᠵᠠᠬ᠎ᠠ ᠳᠡᠯᠭᠡᠭᠦᠷ ᠠᠴᠠ ᠪᠦᠷᠢᠯᠳᠦᠭᠦᠯᠦᠭᠰᠡᠨ ᠰᠠᠭᠤᠷᠢᠨ ᠳᠡᠭᠡᠷ᠎ᠡ᠂ ᠡᠳ᠋ ᠤᠨ ᠵᠠᠰᠠᠭ ᠤᠨ ᠨᠥᠬᠦᠪᠥᠷᠢ ᠶᠢᠨ ᠦᠢᠯᠡᠳᠪᠦᠷᠢᠯᠡᠯ ᠳᠤ ᠦᠵᠡᠭᠦᠯᠬᠦ ᠲᠣᠬᠢᠷᠠᠭᠤᠯᠤᠯᠲᠠ ᠶᠢᠨ  ᠦᠢᠯᠡᠳᠦᠯ ᠢ  ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠲᠠᠷᠢᠮᠠᠯ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠤᠨ᠎ᠠ᠃    ︵ᠭᠤᠷᠪᠠ︶ ᠢᠯᠡ ᠲᠣᠳᠣ᠂ ᠬᠢᠨᠠᠯᠲᠠ ᠲᠠᠯᠪᠢᠬᠤ ᠶᠢ ᠴᠢᠩᠭᠠᠳᠬᠠᠬᠤ ᠵᠠᠷᠴᠢᠮ᠃ ᠨᠥᠬᠦᠪᠥᠷᠢ ᠶᠢᠨ ᠪᠠᠯᠠ ᠮᠥᠩᠭᠦ ᠳᠤ ᠨᠥᠬᠦᠪᠥᠷᠢ ᠶᠢᠨ ᠪᠠᠷᠢᠮᠵᠢᠶ᠎ᠠ ᠶᠢ ᠲᠣᠳᠣᠷᠬᠠᠶ᠂ ᠠᠵᠢᠯᠯᠠᠭᠠᠨ ᠤ ᠶᠠᠪᠤᠴᠠ ᠶᠢ ᠵᠢᠷᠤᠮᠵᠢᠭᠤᠯᠤᠨ᠂ ᠬᠡᠷᠡᠭᠵᠢᠭᠦᠯᠬᠦ ᠶᠠᠪᠤᠴᠠ ᠶᠢ ᠢᠯᠡ ᠲᠣᠳᠣ ᠪᠠᠶᠢᠯᠭᠠᠵᠤ᠂ ᠡᠭᠦᠨ ᠠᠴᠠ ᠡᠮᠦᠨᠡᠬᠢ ᠠᠮᠤ ᠪᠤᠳᠠᠭᠠᠨ ᠤ ᠰᠢᠭᠤᠳ ᠨᠥᠬᠦᠪᠥᠷᠢ ᠶᠢᠨ ᠠᠵᠢᠯ ᠤᠨ ᠰᠠᠭᠤᠷᠢ ᠶᠢ ᠭᠦᠢᠴᠡᠳ ᠠᠰᠢᠭᠯᠠᠨ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠦᠨᠡᠨᠬᠦ ᠴᠢᠩᠭᠠᠳᠬᠠᠵᠤ᠂ ᠨᠥᠬᠦᠪᠥᠷᠢ ᠶᠢᠨ ᠪᠠᠯᠠ ᠮᠥᠩᠭᠦ ᠶᠢᠨ ᠠᠮᠤᠷ ᠲᠦᠪᠰᠢᠨ ᠪᠥᠭᠡᠳ ᠪᠦᠲᠦᠮᠵᠢᠲᠡᠶ ᠪᠠᠶᠢᠬᠤ ᠶᠢ ᠦᠨᠡᠨᠬᠦ  ᠪᠠᠲᠤᠯᠠᠨ᠎ᠠ ᠃    ᠭᠤᠷᠪᠠ᠂ ᠨᠥᠬᠦᠪᠥᠷᠢ ᠣᠯᠭᠤᠬᠤ ᠡᠲᠡᠭᠡᠳ᠂ ᠪᠠᠷᠢᠮᠵᠢᠶ᠎ᠠ ᠵᠢᠴᠢ ᠬᠡᠪᠴᠢᠶ᠎ᠡ  ︵ᠨᠢᠭᠡ︶ ᠨᠥᠬᠦᠪᠥᠷᠢ ᠣᠯᠭᠤᠬᠤ ᠡᠲᠡᠭᠡᠳ᠃ ᠨᠥᠬᠦᠪᠥᠷᠢ ᠣᠯᠭᠤᠬᠤ ᠡᠲᠡᠭᠡᠳ ᠨᠢ ᠵᠠᠷᠴᠢᠮ ᠳᠡᠭᠡᠷ᠎ᠡ ᠪᠠᠨ ᠬᠠᠤᠯᠢ ᠶᠣᠰᠣᠨ ᠤ ᠲᠠᠷᠢᠶᠠᠨ ᠭᠠᠵᠠᠷ ︵ᠲᠤᠬᠠᠶᠢᠯᠠᠪᠠᠯ ᠬᠠᠤᠯᠢ ᠶᠣᠰᠣᠨ ᠤ ᠵᠢᠷᠤᠮ ᠢᠶᠠᠷ ᠳᠠᠮᠵᠢᠭᠤᠯᠤᠨ ᠬᠠᠤᠯᠢ ᠶᠣᠰᠣᠨ ᠤ ᠡᠵᠡᠩᠨᠡᠯᠲᠡ ᠶᠢᠨ ᠡᠷᠬᠡ ᠤᠯᠬᠤ︶ ᠳᠡᠭᠡᠷ᠎ᠡ ᠲᠠᠷᠢᠭᠰᠠᠨ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠶᠢᠨ ᠪᠣᠳᠠᠲᠠᠶ ᠲᠠᠷᠢᠭᠴᠢ ︵ᠲᠤᠰ ᠭᠠᠵᠠᠷ ᠤᠨ ᠲᠠᠷᠢᠶᠠᠴᠢᠨ᠂ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠭᠠᠳᠠᠨ᠎ᠠ ᠠᠴᠠ ᠢᠷᠡᠭᠰᠡᠨ ᠬᠠᠤᠯᠢ ᠶᠣᠰᠣᠨ ᠤ ᠲᠦᠷᠢᠶᠡᠰᠦᠯᠡᠭᠴᠢ ᠵᠡᠷᠭᠡ ᠶᠢ ᠪᠠᠭᠲᠠᠭᠠᠨ᠎ᠠ︶ ᠪᠣᠯᠤᠨ᠎ᠠ᠃ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠳᠤ ᠨᠥᠬᠦᠪᠥᠷᠢ ᠮᠥᠩᠭᠦ ᠶᠢ ᠪᠣᠳᠠᠲᠠᠶ ᠲᠠᠷᠢᠭᠴᠢ ᠳᠤ ᠥᠭᠬᠦ ᠬᠡᠷᠡᠭᠲᠡᠶ᠂ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠭᠡᠷ᠎ᠡ ︵ᠬᠡᠯᠡᠯᠴᠡᠭᠡᠷ︶ ᠳᠤ ᠠᠰᠲᠠᠭᠠᠨ ᠪᠣᠯᠵᠣᠯ ᠲᠠᠢ ᠪᠠᠶᠢᠪᠠᠯ᠂ ᠲᠡᠷᠡ ᠪᠣᠯᠵᠣᠯ ᠢ ᠵᠢᠷᠤᠮᠯᠠᠨ᠎ᠠ᠃    ︵ᠬᠤᠶᠠᠷ︶ ᠨᠥᠬᠦᠪᠥᠷᠢ ᠶᠢᠨ ᠲᠤᠭ᠎ᠠ ᠬᠡᠮᠵᠢᠶ᠎ᠡ ᠬᠢᠭᠡᠳ ᠪᠠᠷᠢᠮᠵᠢᠶ᠎ᠠ᠃ ᠰᠢᠷ᠎ᠠ ᠪᠤᠷᠴᠠᠭ ᠲᠠᠷᠢᠭᠰᠠᠳ ᠲᠤ ᠥᠭᠬᠦ ᠨᠥᠬᠦᠪᠥᠷᠢ ᠶᠢ ᠵᠣᠬᠢᠰᠲᠠᠶ ᠪᠠᠷ ᠳᠡᠭᠡᠭᠰᠢᠯᠡᠭᠦᠯᠵᠦ᠂ ᠡᠷᠳᠡᠨᠢ ᠰᠢᠰᠢ ᠲᠠᠷᠢᠭᠰᠠᠳ ᠲᠤ ᠥᠭᠬᠦ ᠨᠥᠬᠦᠪᠥᠷᠢ ᠶᠢ ᠪᠠᠭᠤᠷᠠᠭᠤᠯᠤᠨ᠂ ᠲᠠᠷᠢᠶᠠᠴᠢᠳ ᠤᠨ ᠰᠢᠷ᠎ᠠ ᠪᠤᠷᠴᠠᠭ ᠲᠠᠷᠢᠬᠤ ᠢᠳᠡᠪᠬᠢᠵᠢᠯ ᠢ ᠭᠦᠢᠴᠡᠳ ᠳᠠᠶᠢᠴᠢᠯᠠᠨ᠎ᠠ᠃ ᠰᠢᠷ᠎ᠠ ᠪᠤᠷᠴᠠᠭ ᠤᠨ ᠨᠥᠬᠦᠪᠥᠷᠢ ᠶᠢᠨ ᠪᠠᠷᠢᠮᠵᠢᠶ᠎ᠠ 300 ᠲᠥᠭᠦᠷᠢᠭ / ᠮᠥ᠂ ᠲᠥᠮᠥᠰᠥ ᠶᠢᠨ ᠨᠥᠬᠦᠪᠥᠷᠢ ᠶᠢᠨ ᠪᠠᠷᠢᠮᠵᠢᠶ᠎ᠠ 100 ᠲᠥᠭᠦᠷᠢᠭ / ᠮᠥ᠂ ᠡᠷᠳᠡᠨᠢ ᠰᠢᠰᠢ ᠶᠢᠨ ᠨᠥᠬᠦᠪᠥᠷᠢ ᠶᠢᠨ ᠮᠥᠩᠭᠦ ᠶᠢᠨ ᠲᠤᠭ᠎ᠠ ᠨᠢ ᠰᠢᠷ᠎ᠠ ᠪᠤᠷᠴᠠᠭ᠂ ᠲᠥᠮᠥᠰᠥ ᠶᠢᠨ ᠨᠥᠬᠦᠪᠥᠷᠢ ᠶᠢᠨ ᠳᠠᠷᠠᠭᠠᠬᠢ ᠦᠯᠡᠳᠡᠪᠦᠷᠢ ᠪᠠᠯᠠ ᠮᠥᠩᠭᠦ ᠪᠠᠶᠢᠵᠤ᠂ ᠪᠣᠳᠠᠲᠠᠶ ᠮᠡᠳᠡᠭᠦᠯᠦᠭᠰᠡᠨ ᠲᠠᠯᠠᠪᠠᠶ ᠳᠤ ᠲᠡᠭᠰᠢᠳᠬᠡᠨ ᠬᠤᠪᠢᠶᠠᠷᠢᠯᠠᠨ ᠥᠭᠴᠦ᠂ ᠨᠥᠬᠦᠪᠥᠷᠢ ᠶᠢᠨ ᠪᠠᠷᠢᠮᠵᠢᠶ᠎ᠠ ᠶᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠨᠢᠭᠡᠳᠦᠯᠲᠡᠶ ᠲᠥᠰᠦᠭᠡᠯᠡᠨ ᠪᠤᠳᠤᠨ᠎ᠠ᠃    ︵ᠭᠤᠷᠪᠠ︶ ᠨᠥᠬᠦᠪᠥᠷᠢ ᠥᠭᠬᠦ ᠬᠦᠷᠢᠶ᠎ᠡ ᠬᠡᠪᠴᠢᠶ᠎ᠡ᠃ ᠬᠠᠤᠯᠢ ᠶᠣᠰᠣᠨ ᠤ ᠲᠠᠷᠢᠶᠠᠨ ᠭᠠᠵᠠᠷ ᠳᠡᠭᠡᠷ᠎ᠡ ᠪᠣᠳᠠᠲᠠᠶ ᠲᠠᠷᠢᠭᠰᠠᠨ ᠡᠷᠳᠡᠨᠢ ᠰᠢᠰᠢ ︵ᠨᠣᠭᠤᠭᠠᠨ ᠳᠠᠷᠤᠰᠢ ᠶᠢᠨ ᠡᠷᠳᠡᠨᠢ ᠰᠢᠰᠢ ᠪᠠᠭᠲᠠᠬᠤ ᠦᠭᠡᠶ︶ ᠡᠷᠳᠡᠨᠢ ᠰᠢᠰᠢ ᠳᠠᠷᠢᠬᠤ ᠲᠠᠷᠢᠶ᠎ᠠ ︵︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠷ᠎ᠡ ᠶᠢᠨ ᠬᠠᠤᠯᠢ︾ ᠶᠢᠨ ᠲᠣᠭᠲᠠᠭᠠᠯ ᠳᠤ ᠨᠡᠶᠢᠴᠡᠵᠦ᠂ ᠦᠷ᠎ᠡ ᠦᠢᠯᠡᠳᠪᠦᠷᠢᠯᠡᠵᠦ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠲᠣᠭᠲᠠᠭᠠᠯ ᠪᠤᠶᠤ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠡᠷᠳᠡᠨᠢ ᠰᠢᠰᠢ ᠪᠠᠷ ᠳᠠᠷᠢᠬᠤ︶᠂ ᠰᠢᠷ᠎ᠠ ᠪᠤᠷᠴᠠᠭ ︵ᠲᠣᠮᠣ ᠮᠥᠬᠦᠯᠢᠭᠲᠦ ᠬᠠᠷ᠎ᠠ ᠪᠤᠷᠴᠠᠭ᠂ ᠰᠢᠷ᠎ᠠ ᠪᠤᠷᠴᠠᠭ ᠪᠠᠭᠲᠠᠨ᠎ᠠ᠂ ᠪᠤᠰᠤᠳ ᠡᠯᠳᠡᠪ ᠪᠤᠷᠴᠠᠭ ᠲᠤ ᠨᠥᠬᠦᠪᠥᠷᠢ ᠥᠭᠬᠦ ᠦᠭᠡᠶ︶ ᠪᠣᠯᠤᠨ ᠲᠥᠮᠥᠰᠥ᠂ ᠡᠭᠦᠨ ᠳᠤ ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠨᠢᠭᠡᠨᠲᠡ ᠲᠠᠷᠢᠶᠠᠯᠠᠬᠤ ᠶᠢ ᠵᠣᠭᠰᠣᠭᠠᠬᠤ ᠪᠠᠷ ᠲᠣᠳᠣᠷᠬᠠᠶᠢᠯᠠᠭᠰᠠᠨ ᠭᠠᠵᠠᠷ ᠰᠢᠷᠣᠶ᠂ ᠵᠥᠪᠰᠢᠶᠡᠷᠡᠯ ᠥᠬᠡᠶ ᠪᠠᠷ ᠬᠠᠭᠠᠯᠪᠤᠷᠢᠯᠠᠭᠰᠠᠨ ᠭᠠᠵᠠᠷ ᠰᠢᠷᠣᠶ ᠪᠤᠶᠤ ᠬᠠᠭᠠᠯᠪᠤᠷᠢᠯᠠᠬᠤ ᠶᠢ ᠴᠠᠭᠠᠵᠠᠯᠠᠭᠰᠠᠨ ᠭᠠᠵᠠᠷ ᠰᠢᠷᠣᠶ ᠳᠡᠭᠡᠷ᠎ᠡ ᠳᠠᠷᠢᠭᠰᠠᠨ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠵᠢᠴᠢ ᠵᠠᠰᠠᠭ ᠤᠨ ᠣᠷᠳᠣᠨ ᠠᠴᠠ ᠨᠢᠭᠡᠨᠲᠡ ᠲᠠᠲᠠᠪᠤᠷᠢᠯᠠᠨ ᠬᠡᠷᠡᠭᠯᠡᠭᠰᠡᠨ ᠪᠥᠭᠡᠳ ᠨᠥᠬᠦᠪᠥᠷᠢ ᠣᠯᠤᠭᠰᠠᠨ᠂ ᠲᠦᠷ ᠴᠠᠭ ᠨᠡᠭᠡᠭᠡᠨ ᠠᠰᠢᠭᠯᠠᠵᠤ ᠬᠡᠷᠡᠭᠯᠡᠭᠡᠳᠦᠶ ᠲᠠᠷᠢᠶᠠᠨ ᠭᠠᠵᠠᠷ ᠲᠤ ᠳᠠᠷᠢᠭᠰᠠᠨ ᠡᠷᠳᠡᠨᠢ ᠰᠢᠰᠢ ᠰᠢᠷ᠎ᠠ ᠪᠤᠷᠴᠠᠭ ᠪᠠ ᠲᠥᠮᠥᠰᠥ ᠪᠠᠭᠲᠠᠬᠤ ᠥᠬᠡᠶ᠃    ᠳᠥᠷᠪᠡ᠂ ᠠᠵᠢᠯ ᠤᠨ ᠳᠡᠰ ᠳᠠᠷᠠᠭᠠᠯᠠᠯ    ︵ᠨᠢᠭᠡ︶ ᠂  ᠮᠡᠳᠡᠭᠦᠯᠵᠦ ᠳᠠᠩᠰᠠᠯᠠᠭᠤᠯᠤᠨ᠎ᠠ᠃    ︵ᠬᠤᠶᠠᠷ︶  ᠂  ᠮᠡᠳᠡᠭᠡ ᠵᠠᠩᠭᠢ  ᠶᠢ ᠪᠦᠷᠢᠳᠬᠡᠨ᠎ᠡ᠃    ︵ᠭᠤᠷᠪᠠ︶  ᠂  ᠭᠠᠴᠠᠭᠠᠨ ᠤ ᠱᠠᠲᠤᠨ ᠤ ᠵᠠᠷᠯᠠᠨ  ᠨᠡᠶᠢᠳᠡᠯᠡᠨ᠎ᠡ᠃   ︵ᠲᠦᠷᠪᠡ︶  ᠂  ᠬᠤᠷᠢᠶᠠᠩᠭᠤᠶᠢᠯᠠᠭᠠᠳ ᠳᠡᠭᠡᠭᠰᠢ ᠮᠡᠳᠡᠭᠦᠯᠦᠨ᠎ᠡ᠃    ︵ᠲᠠᠪᠤ︶  ᠂  ᠬᠠᠷᠭᠤᠭᠤᠯᠤᠨ ᠪᠠᠶᠢᠴᠠᠭᠠᠵᠤ  ᠨᠣᠲᠠᠯᠠᠨ᠎ᠠ᠃    ︵ᠵᠢᠷᠭᠤᠭ᠎ᠠ︶ ᠂  ᠨᠥᠬᠦᠪᠥᠷᠢ  ᠣᠯᠭᠤᠨ᠎ᠠ᠃    ︵ᠲᠤᠯᠤᠭ᠎ᠠ︶ ᠂  ᠳᠡᠭᠡᠭᠰᠢ ᠮᠡᠳᠡᠭᠦᠯᠵᠦ ᠳᠠᠩᠰᠠᠯᠠᠭᠤᠯᠤᠨ᠎ᠠ᠃    ᠲᠠᠪᠤ᠂ ᠠᠵᠢᠯ ᠤᠨ ᠱᠠᠭᠠᠷᠳᠠᠯᠭ᠎ᠠ    ︵ᠨᠢᠭᠡ ︶ ᠂  ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃     ︵ᠬᠤᠶᠠᠷ ︶ ᠂  ᠠᠵᠢᠯ ᠤᠨ ᠬᠠᠷᠢᠭᠤᠴᠠᠯᠭ᠎ᠠ ᠶᠢ  ᠪᠣᠳᠠᠲᠠᠶᠢᠵᠢᠭᠤᠯᠬᠤ ᠬᠡᠷᠡᠭᠲᠡᠢ᠃    ︵ᠭᠤᠷᠪᠠ︶ ᠂  ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃    ︵ᠳᠥᠷᠪᠡ︶ ᠂  ᠳᠠᠩᠰᠠ ᠡᠪᠬᠡᠮᠡᠯ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠬᠦ ᠬᠡᠷᠡᠭᠲᠡᠶ᠃    ︵ᠲᠠᠪᠤ︶  ᠂  ᠠᠬᠢᠴᠠ ᠶᠢ ᠲᠣᠭᠲᠠᠮᠠᠯ ᠬᠤᠭᠤᠴᠠᠭ᠎ᠠ ᠲᠠᠢ ᠪᠠᠷ ᠳᠡᠭᠡᠭᠰᠢ ᠮᠡᠳᠡᠭᠦᠯᠬᠦ ᠬᠡᠷᠡᠭᠲᠡᠶ᠃    ︵ᠵᠢᠷᠭᠤᠭ᠎ᠠ︶ ᠂  ᠲᠦᠪ ᠴᠢᠩᠭ᠎ᠠ ᠬᠠᠷᠢᠭᠤᠴᠠᠯᠭ᠎ᠠ  ᠨᠡᠬᠡᠮᠵᠢᠯᠡᠬᠦ ᠬᠡᠷᠡᠭᠲᠡᠢ᠃   ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ ᠠᠴᠠ ᠦᠵᠡᠭᠡᠷᠡᠢ ︕
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号