ᠠᠤᠬᠠᠨ ᠬᠤᠰᠢᠭᠤᠨ ᠤ 2024 ᠣᠨ ᠤ ︽ᠴᠠᠭᠠᠨ ᠰᠠᠷ᠎ᠠ ᠶᠢᠨ ᠵᠥᠭᠡᠭᠡᠪᠦᠷᠢ︾ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/3/7
C:\Users\Administrator\Desktop\483e3c2ccd69091d4a0da16ee274b15.png
    ᠠᠣᠬᠠᠨ ᠬᠤᠰᠢᠭᠤᠨ ᠤ 40 ᠡᠳᠦᠷ ᠤᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ 3 ᠰᠠᠷ᠎ᠠ ᠶᠢᠨ 5 ᠤ ᠡᠳᠦᠷ ᠠᠮᠵᠢᠯᠲᠠ ᠲᠠᠢ ᠲᠡᠭᠦᠰᠪᠡ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ᠂ ᠠᠣᠬᠠᠨ ᠬᠤᠰᠢᠭᠤᠨ ᠤ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠵᠥᠭᠡᠭᠡᠪᠦᠷᠢ ᠶᠢᠨ ᠬᠦᠴᠦᠨ ᠤ ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠦᠢᠯᠡᠴᠢᠯᠡᠭᠡᠨ ᠤ ᠶᠠᠪᠤᠴᠠ ᠶᠢ ᠰᠢᠯᠢᠳᠡᠭᠵᠢᠭᠦᠯᠦᠨ᠂  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ︽ᠠᠮᠤᠷ ᠠᠮᠤᠭᠤᠯᠠᠩ ᠴᠠᠭᠠᠨ ᠰᠠᠷ᠎ᠠ ᠶᠢᠨ ᠵᠥᠭᠡᠭᠡᠪᠦᠷᠢ᠂ ᠳᠥᠭᠦᠮ ᠳᠥᠲᠡ ᠴᠠᠭᠠᠨ ᠰᠠᠷ᠎ᠠ ᠶᠢᠨ ᠵᠥᠭᠡᠭᠡᠪᠦᠷᠢ᠂ ᠬᠠᠯᠠᠭᠤᠨ ᠳᠤᠯᠠᠭᠠᠨ ᠴᠠᠭᠠᠨ ᠰᠠᠷ᠎ᠠ ᠶᠢᠨ ᠵᠥᠭᠡᠭᠡᠪᠦᠷᠢ︾ ᠶᠢᠨ ᠬᠠᠷᠠᠯᠲᠠ ᠱᠠᠭᠠᠷᠳᠠᠯᠭ᠎ᠠ ᠶᠢ ᠦᠨᠡᠨᠬᠦ  ᠨᠠᠶᠢᠳᠠᠪᠤᠷᠢᠵᠢᠭᠤᠯᠪᠠ ᠃    ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠠᠶᠠᠨᠴᠢᠳ ᠤᠨ ᠵᠦᠭᠡᠭᠡᠪᠦᠷᠢ ᠶᠢᠨ ᠠᠵᠤ ᠠᠬᠤᠶᠢᠯᠠᠯ ᠳᠤ ᠬᠢᠨᠠᠯᠲᠠ ᠲᠠᠯᠪᠢᠵᠤ᠂ ᠠᠶᠠᠨᠴᠢᠳ ᠤᠨ ᠵᠦᠭᠡᠭᠡᠪᠦᠷᠢ ᠶᠢᠨ ᠲᠡᠷᠭᠡ ᠪᠣᠯᠤᠨ ᠵᠢᠯᠣᠭᠤᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠠᠶᠠᠨᠴᠢᠳ ᠤᠨ ᠠᠮᠤᠷ ᠲᠦᠪᠰᠢᠨ ᠢ ᠪᠠᠲᠤᠯᠠᠪᠠ᠃ ᠡᠭᠦᠨ ᠤ ᠬᠠᠮᠲᠤ᠂ ᠠᠶᠠᠨᠴᠢᠳ ᠤᠨ ᠠᠮᠤᠷ ᠲᠦᠪᠰᠢᠨ ᠤ ᠤᠬᠠᠭᠤᠯᠭ᠎ᠠ ᠪᠠ ᠠᠶᠠᠨᠴᠢᠳ ᠤᠨ ᠵᠦᠭᠡᠭᠡᠪᠦᠷᠢ ᠶᠢᠨ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠵᠠᠰᠠᠯᠲᠠ ᠶᠢ ᠴᠢᠩᠭᠠᠳᠬᠠᠵᠤ᠂ ᠨᠢᠭᠡ ᠲᠠᠯ᠎ᠠ ᠪᠠᠷ ᠠᠶᠠᠨᠴᠢᠳ ᠤᠨ ᠠᠮᠤᠷ ᠲᠦᠪᠰᠢᠨ ᠤ ᠤᠬᠠᠮᠰᠠᠷ ᠪᠠ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ︔ ᠨᠥᠭᠦᠭᠡ ᠲᠠᠯ᠎ᠠ ᠪᠠᠷ ᠠᠶᠠᠨᠴᠢᠳ ᠤᠨ ᠵᠦᠭᠡᠭᠡᠪᠦᠷᠢ ᠶᠢᠨ ᠵᠠᠬ᠎ᠠ ᠳᠡᠯᠭᠡᠭᠦᠷ ᠤᠨ ᠣᠷᠴᠢᠨ ᠨᠦᠭᠦᠴᠡᠯ ᠢ ᠴᠡᠪᠡᠷᠰᠢᠭᠦᠯᠪᠡ᠃ ᠡᠭᠦᠨ ᠠᠴᠠ ᠭᠠᠳᠠᠨ᠎ᠠ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠴᠢᠬᠤᠯᠠᠴᠢᠯᠠᠵᠤ᠂ ᠠᠶᠠᠨᠴᠢᠳ ᠢ ᠬᠠᠯᠠᠮᠵᠢᠯᠠᠨ ᠬᠠᠪᠰᠤᠷᠬᠤ ᠪᠠᠨ ᠴᠢᠩᠭᠠᠳᠬᠠᠵᠤ᠂ ᠠᠶᠠᠨᠴᠢᠳ ᠤᠨ  ᠵᠦᠭᠡᠭᠡᠪᠦᠷᠢ ᠶᠢᠨ ᠥᠷᠲᠡᠭᠡ ᠨᠢ ᠠᠶᠠᠨᠴᠢᠳ ᠲᠤ ᠨᠠᠩ ᠲᠠᠭᠠᠯᠠᠮᠵᠢᠲᠠᠶ᠂ ᠳᠥᠭᠦᠮ ᠳᠥᠲᠡ ᠲᠡᠷᠭᠡ ᠬᠦᠯᠢᠶᠡᠬᠦ ᠣᠷᠴᠢᠨ ᠨᠥᠬᠦᠴᠡᠯ ᠢ ᠬᠠᠩᠭᠠᠵᠤ᠂ ᠠᠶᠠᠨᠴᠢᠳ ᠢ ᠬᠥᠲᠥᠯᠦᠨ ᠵᠢᠯᠣᠭᠤᠳᠬᠤ ᠪᠠ  ᠦᠢᠯᠡᠴᠢᠯᠡᠬᠦ  ᠪᠠᠨ ᠴᠢᠩᠭᠠᠳᠬᠠᠵᠤ᠂ ᠠᠶᠠᠨᠴᠢᠳ ᠲᠤ ᠬᠡᠷ ᠪᠦᠯᠢ ᠶᠢᠨ ᠬᠠᠯᠠᠭᠤᠨ ᠳᠤᠯᠠᠭᠠᠨ ᠢ ᠬᠦᠷᠲᠡᠭᠡᠭᠰᠡᠨ ᠪᠠᠶᠢᠨ᠎ᠠ᠃    ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠪᠣᠯᠤᠨ ᠥᠷᠭᠡᠨ ᠤᠯᠠᠨ ᠠᠵᠢᠯᠲᠠᠳ ᠤᠨ ᠬᠠᠮᠲᠤ ᠶᠢᠨ ᠴᠢᠷᠮᠠᠶᠢᠯᠭ᠎ᠠ ᠪᠠᠷ᠂ 2024 ᠣᠨ ᠤ ᠵᠠᠰᠠᠮᠠᠯ ᠵᠠᠮ ᠤᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠲᠡᠭᠦᠰ ᠠᠮᠵᠢᠯᠲᠠ ᠲᠠᠢ ᠪᠣᠯᠪᠠ᠃ ᠡᠨᠡᠬᠦ ᠬᠤᠭᠤᠴᠠᠭᠠᠨ ᠳᠤ᠂ ᠪᠥᠬᠦ ᠬᠤᠰᠢᠭᠤᠨ ᠤ ᠬᠢᠨ ᠨᠡᠶᠢᠲᠡ 3360 ᠡᠭᠡᠯᠵᠢ ᠂  ᠲᠦᠷ ᠴᠠᠭ ᠨᠡᠮᠡᠵᠦ ᠠᠵᠢᠯᠯᠠᠬᠤ 19 ᠲᠡᠷᠭᠡ  ᠶᠢ ᠬᠥᠳᠡᠯᠭᠡᠵᠦ᠂ ᠠᠶᠠᠨᠴᠢᠳ ᠢ ᠨᠡᠶᠢᠲᠡ 55846 ᠬᠥᠮᠦᠨ ᠤᠳᠠᠭ᠎ᠠ ᠵᠥᠭᠡᠭᠡᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ ᠃ 2024 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号