ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠵᠧᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠠᠵᠢᠯ ᠢ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/3/7
C:\Users\Administrator\Desktop\200.jpg   
    3 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠴᠧᠨ ᠵᠧᠩ ᠮᠠᠨ ᠤ ᠬᠤᠰᠢᠭᠤᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠠᠵᠢᠯ ᠵᠢᠯᠣᠭᠤᠳᠪᠠ᠂ ᠲᠣᠪᠴᠢᠶᠠᠨ ᠳᠠᠷᠤᠭ᠎ᠠ ᠴᠧᠨ ᠵᠧᠩ ᠵᠡᠷᠭᠡ ᠬᠥᠮᠦᠰ ᠠᠤᠬᠠᠨ ᠬᠤᠰᠢᠭᠤᠨ ᠤ ᠰᠢᠨ᠎ᠡ ᠡᠨᠧᠷᠭᠢ ᠶᠢᠨ ᠬᠥᠭᠵᠢᠯᠲᠡ ᠶᠢᠨ ᠪᠠᠶᠢᠳᠠᠯ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠤᠯᠤᠰ ᠤᠨ ᠴᠠᠬᠢᠯᠭᠠᠨ ᠬᠦᠴᠦᠨ ᠤ ᠪᠠᠯᠠ ᠣᠷᠣᠭᠤᠯᠤᠯᠲᠠ ᠶᠢᠨ ᠬᠤᠸᠠᠩ ᠶᠠᠩ ᠸᠠ ᠶᠢᠨ ᠰᠠᠯᠬᠢᠨ ᠴᠠᠬᠢᠯᠭᠠᠨ ᠤ ᠲᠠᠯᠠᠪᠠᠶ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠶ᠃ ᠲᠣᠪᠴᠢᠶᠠᠨ ᠳᠠᠷᠤᠭ᠎ᠠ ᠴᠧᠨ ᠵᠧᠩ ᠠᠤᠬᠠᠨ ᠬᠤᠰᠢᠭᠤᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢ  ᠭᠦᠢᠴᠡᠳ ᠨᠤᠲᠠᠯᠠᠵᠤ᠂ ᠠᠤᠬᠠᠨ ᠬᠤᠰᠢᠭᠤᠨ ᠤ  ᠭᠡᠷᠡᠯ ᠰᠠᠯᠬᠢᠨ ᠤ ᠡᠬᠢ ᠪᠠᠶᠠᠯᠢᠭ ᠡᠯᠪᠡᠭ ᠳᠡᠯᠪᠡᠭ ᠪᠠᠶᠢᠵᠤ᠂ ᠣᠲᠣ ᠪᠠᠶᠢᠭ᠎ᠠ ᠰᠠᠯᠬᠢᠨ ᠬᠦᠴᠦᠨ ᠤ ᠴᠠᠬᠢᠯᠭᠠᠨ ᠤ ᠲᠠᠯᠠᠪᠠᠶ᠂ ᠬᠡᠷᠡᠯ ᠴᠡᠨᠡᠭ ᠤᠨ ᠴᠠᠬᠢᠯᠭᠠᠨ ᠥᠷᠲᠡᠭᠡᠨ ᠤ ᠠᠵᠢᠯᠯᠠᠭᠠᠨ ᠮᠠᠰᠢ ᠰᠠᠶᠢᠨ ᠪᠠᠶᠢᠵᠤ᠂ ᠰᠢᠨ᠎ᠡ ᠡᠨᠧᠷᠭᠢ ᠶᠢᠨ ᠰᠤᠷᠪᠤᠯᠵᠢ ᠶᠢᠨ ᠬᠥᠭᠵᠢᠯᠲᠡ ᠶᠢᠨ ᠢᠷᠡᠭᠡᠳᠦᠶ ᠥᠷᠭᠡᠨ ᠠᠭᠤᠳᠠᠮ ᠪᠠᠶᠢᠨ᠎ᠠ ᠭᠡᠵᠦ ᠵᠢᠭᠠᠵᠤ ᠭᠠᠷᠭᠠᠭᠰᠠᠨ ᠪᠥᠭᠡᠳ ᠠᠤᠬᠠᠨ ᠬᠤᠰᠢᠭᠤᠨ ᠤ ᠰᠢᠨ᠎ᠡ ᠡᠨᠧᠷᠭᠢ ᠶᠢᠨ ᠰᠤᠷᠪᠤᠯᠵᠢ ᠶᠢᠨ ᠨᠡᠭᠡᠭᠡᠨ ᠬᠥᠭᠵᠢᠭᠦᠯᠦᠯᠲᠡ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ ᠭᠡᠵᠦ ᠢᠯᠡᠷᠬᠡᠶᠢᠯᠡᠪᠡ᠃    ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠲᠦᠩ ᠯᠢᠶᠠᠩ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠶᠦᠩ ᠵᠢᠶᠦ᠋ᠨ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ  ᠵᠦᠪᠯᠡᠯ ᠤᠨ ᠡᠷᠬᠢᠯᠡᠭᠴᠢ ᠨᠢᠩ ᠴᠦᠨ ᠨᠡᠷ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠸᠠᠩ ᠶᠦᠩ ᠵᠢᠶᠦ᠋ᠨ ᠱᠦᠵᠢ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠬᠢᠨ ᠠᠤᠬᠠᠨ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠬᠦᠴᠦᠲᠡᠶ ᠳᠡᠮᠵᠢᠭᠰᠡᠭᠡᠷ ᠢᠷᠡᠭᠰᠡᠨ ᠳᠤ ᠲᠠᠯᠠᠷᠬᠠᠪᠠ᠂ ᠠᠤᠬᠠᠨ ᠬᠤᠰᠢᠭᠤ ᠵᠠᠪᠠᠯ ︽ᠲᠦᠷᠭᠡᠨ ᠠᠵᠢᠯᠯᠠᠵᠤ ᠲᠦᠷᠭᠡᠨ ᠳᠡᠪᠰᠢᠵᠦ︾᠂ ᠰᠢᠨ᠎ᠡ ᠡᠨᠧᠷᠭᠢ ᠶᠢᠨ ᠬᠥᠭᠵᠢᠯᠲᠡ ᠶᠢᠨ ᠠᠰᠢᠭᠲᠠᠶ ᠲᠣᠬᠢᠶᠠᠯ ᠢ ᠠᠮᠵᠢᠨ᠂ ᠰᠢᠨ᠎ᠡ ᠡᠨᠧᠷᠭᠢ ᠶᠢᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ  ᠠᠬᠢᠭᠤᠯᠤᠨ᠎ᠠ ᠭᠡᠪᠡ᠃
C:\Users\Administrator\Desktop\201.jpg
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号