ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ 2024 ᠣᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ ᠨᠢᠭᠲᠠ ᠳᠠᠷᠢᠬᠤ ᠶᠢ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/3/7
C:\Users\Administrator\Desktop\100.jpg    
      ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠲᠠᠢ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠢ ᠪᠥᠬᠦ ᠲᠠᠯ᠎ᠠ ᠪᠠᠷ ᠳᠡᠯᠭᠡᠷᠡᠭᠦᠯᠵᠦ᠂ ᠲᠠᠷᠢᠶᠠᠴᠢᠳ ᠤᠨ ᠠᠮᠤ ᠪᠤᠳᠠᠭ᠎ᠠ ᠳᠠᠷᠢᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠠᠮᠤ ᠪᠤᠳᠠᠭ᠎ᠠ ᠨᠥᠭᠡᠴᠡᠯᠡᠬᠦ ᠳᠤ ᠲᠠᠷᠢᠶᠠᠨ ᠭᠠᠵᠠᠷ ᠲᠤ ᠲᠦᠰᠢᠭᠯᠡᠬᠦ᠂ ᠠᠮᠤ ᠪᠤᠳᠠᠭ᠎ᠠ ᠨᠥᠭᠡᠴᠡᠯᠡᠬᠦ ᠳᠤ ᠮᠡᠷᠭᠡᠵᠢᠯ ᠳᠤ ᠲᠦᠰᠢᠭᠯᠡᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠤᠨ᠎ᠠ᠃ ᠠᠤᠬᠠᠨ ᠬᠤᠰᠢᠭᠤᠨ ᠤ ᠬᠢᠨ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠡᠨᠡᠬᠦ ᠴᠠᠭ ᠲᠣᠬᠢᠶᠠᠯ ᠢ ᠴᠢᠩᠭ᠎ᠠ ᠠᠳᠬᠤᠵᠤ᠂ ᠣᠶᠢᠷ᠎ᠠ ᠳᠤ ︽2024 ᠣᠨ ᠤ ᠠᠤᠬᠠᠨ ᠬᠤᠰᠢᠭᠤᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ ᠨᠢᠭᠲᠠ ᠳᠠᠷᠢᠬᠤ ᠶᠢ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠪᠣᠯᠪᠠᠰᠤᠷᠠᠯ ᠤᠨ ᠠᠩᠭᠢ︾ ᠡᠷᠭᠢᠯᠡᠪᠡ᠃ ᠪᠥᠬᠦ ᠬᠤᠰᠢᠭᠤᠨ ᠤ 18 ᠰᠢᠶᠠᠩ ᠪᠠᠯᠭᠠᠰᠤ᠂ ᠰᠤᠮᠤ ︵ᠵᠡᠭᠡᠯᠢ ᠭᠤᠳᠤᠮᠵᠢ︶ ᠶᠢᠨ ᠲᠠᠷᠢᠶᠠᠯᠠᠩ ᠤᠨ ᠥᠷᠲᠡᠭᠡᠨ ᠤ ᠳᠠᠷᠤᠭ᠎ᠠ᠂ ᠲᠠᠷᠢᠶᠠᠯᠠᠩ ᠤᠨ ᠮᠡᠷᠭᠡᠵᠢᠯᠲᠡᠨ᠂ ᠲᠠᠷᠢᠮᠠᠯ ᠤᠨ ᠲᠣᠮᠣ ᠡᠷᠦᠬᠡ᠂ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠭᠤᠤᠯᠯᠠᠭᠴᠢ ᠪᠦᠷᠢᠯᠳᠦᠬᠦᠨ ᠨᠡᠶᠢᠲᠡ 120 ᠭᠠᠷᠤᠶ  ᠬᠦᠮᠦᠰ ᠲᠣᠰ ᠤᠳᠠᠭᠠᠨ ᠤ  ᠪᠣᠯᠪᠠᠰᠤᠷᠠᠯ ᠳᠤ ᠣᠷᠣᠯᠴᠠᠵᠠᠶ᠃    ᠲᠣᠰ ᠤᠳᠠᠭᠠᠨ ᠤ  ᠪᠣᠯᠪᠠᠰᠤᠷᠠᠯ ᠳᠤ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠡᠷᠳᠡᠨᠢ ᠰᠢᠰᠢ ᠶᠢᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠲᠤᠰᠬᠠᠶ ᠮᠡᠷᠭᠡᠵᠢᠯᠲᠡᠨ ᠤ ᠳᠤᠭᠤᠶᠢᠯᠠᠩ ᠤᠨ ᠪᠦᠷᠢᠯᠳᠦᠬᠦᠨ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠠᠷᠢᠮᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠲᠤᠰᠠᠯᠠᠭᠴᠢ ᠰᠤᠳᠤᠯᠤᠭᠴᠢ ᠰᠢᠤᠸᠠᠢ ᠵᠢᠶᠦ᠋ᠨ ᠬᠢᠴᠢᠶᠡᠯ ᠣᠷᠤᠪᠠ ᠃ ᠰᠢᠤᠸᠠᠢ ᠵᠢᠶᠦ᠋ᠨ ᠣᠯᠠᠨ ᠵᠢᠯ ᠤᠨ ᠲᠤᠷᠰᠢᠬᠢ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠶᠢ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠦᠢᠯᠡᠳᠦᠯᠭᠡ ᠶᠢᠨ ᠲᠤᠭ᠎ᠠ ᠪᠠᠷᠢᠮᠲᠠ ᠪᠠ ᠪᠣᠳᠠᠲᠠᠶ ᠰᠤᠳᠤᠯᠭᠠᠨ ᠤ ᠬᠡᠷᠡᠭ ᠤᠨ ᠵᠢᠱᠢᠶ᠎ᠡ ᠶᠢ ᠦᠨᠳᠦᠰᠦᠯᠡᠨ᠂ ᠡᠷᠳᠡᠨᠢ ᠰᠢᠰᠢ ᠶᠢᠨ ᠦᠢᠯᠡᠳᠪᠦᠷᠢᠯᠡᠯ ᠳᠤ ᠲᠤᠯᠭᠠᠷᠠᠭᠰᠠᠨ ᠭᠤᠤᠯ ᠠᠰᠠᠭᠤᠳᠠᠯ᠂ ᠡᠷᠳᠡᠨᠢ ᠰᠢᠰᠢ ᠶᠢᠨ ᠥᠨᠳᠥᠷ ᠤᠨᠠᠯᠲᠠ ᠶᠢᠨ ᠳᠠᠯᠳᠠ ᠬᠦᠴᠦᠨ ᠤ ᠰᠥᠪᠡᠭᠴᠢᠯᠡᠯᠲᠡ ᠪᠠ ᠦᠢᠯᠡᠳᠦᠯᠭᠡ᠂ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠶᠢ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠵᠡᠷᠭᠡ ᠭᠤᠷᠪᠠᠨ ᠲᠠᠯ᠎ᠠ ᠪᠠᠷ ᠨᠠᠷᠢᠨ ᠲᠠᠶᠢᠯᠪᠤᠷᠢᠯᠠᠯᠲᠠ ᠬᠢᠪᠠ᠃ ᠡᠷᠳᠡᠨᠢ ᠰᠢᠰᠢ ᠶᠢ ᠨᠢᠭᠲᠠ ᠳᠠᠷᠢᠵᠤ ᠥᠨᠳᠥᠷ ᠤᠨᠠᠯᠲᠠ ᠶᠢ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠳᠠᠬᠢ ᠭᠠᠵᠠᠷ ᠢ ᠨᠠᠷᠢᠯᠢᠭ ᠲᠡᠭᠰᠢᠯᠡᠬᠦ᠂ ᠨᠢᠭᠲᠠ ᠳᠠᠷᠢᠬᠤ ᠡᠭᠦᠯᠳᠡᠷ ᠢ ᠰᠣᠩᠭᠤᠬᠤ᠂ ᠵᠠᠮᠴᠢᠯᠠᠵᠤ ᠨᠠᠷᠢᠯᠢᠭ ᠳᠠᠷᠢᠬᠤ᠂  ᠤᠰᠤ ᠲᠤᠰᠤᠯᠭᠠᠨ ᠴᠢᠬᠢ ᠭᠠᠷᠭᠠᠬᠤ᠂ ᠴᠠᠭ ᠲᠤᠨᠢ ᠲᠣᠬᠢᠷᠠᠭᠤᠯᠤᠨ ᠡᠪᠡᠰᠦ ᠠᠷᠢᠯᠭᠠᠬᠤ᠂ ᠨᠠᠷᠢᠯᠢᠭ ᠣᠨᠣᠴᠠᠲᠠᠶ ᠪᠠᠷ ᠤᠰᠤᠯᠠᠬᠤ᠂ ᠵᠦᠶ ᠵᠣᠬᠢᠰᠲᠠᠶ ᠪᠠᠷ ᠬᠤᠭᠤᠴᠠᠭ᠎ᠠ ᠬᠤᠪᠢᠶᠠᠨ ᠪᠣᠷᠲᠣᠭᠤᠷ ᠣᠷᠣᠭᠤᠯᠬᠤ᠂ ᠡᠪᠡᠳᠴᠢᠨ ᠬᠤᠷᠣᠬᠠᠶ ᠶᠢᠨ ᠬᠥᠨᠥᠭᠡᠯ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ᠂ ᠴᠠᠭ ᠲᠤᠨᠢ ᠲᠣᠬᠢᠷᠠᠭᠤᠯᠤᠨ ᠬᠤᠷᠢᠶᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠭᠤᠤᠯᠳᠠᠯᠭ᠎ᠠ ᠳᠤ ᠴᠢᠭᠯᠡᠭᠦᠯᠦᠨ ᠨᠠᠷᠢᠯᠢᠭ ᠵᠠᠳᠠᠯᠤᠯᠲᠠ ᠬᠢᠵᠡᠶ᠃ ᠡᠭᠦᠨ ᠤ ᠬᠠᠮᠲᠤ ᠪᠣᠯᠪᠠᠰᠤᠷᠠᠯ ᠳᠤ ᠣᠷᠣᠯᠴᠠᠭᠰᠠᠳ ᠤᠨ ᠦᠢᠯᠡᠳᠪᠦᠷᠢᠯᠡᠯ ᠤᠨ ᠦᠢᠯᠡᠳᠦᠯᠭᠡ ᠶᠢᠨ ᠳᠤᠮᠳᠠ ᠲᠤᠯᠭᠠᠷᠠᠭᠰᠠᠨ ᠠᠰᠠᠭᠤᠳᠠᠯ᠂ ᠬᠦᠴᠢᠷᠳᠡᠯ ᠶᠢ ᠬᠠᠷᠢᠯᠴᠠᠨ ᠣᠶᠢᠯᠠᠭᠠᠯᠴᠠᠨ ᠬᠠᠷᠢᠭᠤᠯᠲᠠ ᠦᠭᠪᠡ᠃     ᠲᠣᠰ ᠤᠳᠠᠭᠠᠨ  ᠤ  ᠪᠣᠯᠪᠠᠰᠤᠷᠠᠯ  ᠢᠶᠠᠷ  ᠳᠡᠮᠵᠢᠨ᠂ ᠬᠤᠰᠢᠭᠤ᠂ ᠰᠢᠶᠠᠩ  ᠬᠤᠶᠠᠷ  ᠱᠠᠲᠤᠨ  ᠤ ᠲᠠᠷᠢᠶᠠᠯᠠᠩ ᠤᠨ ᠮᠡᠷᠭᠡᠵᠢᠯᠲᠡᠨ ᠪᠠ ᠲᠠᠷᠢᠮᠠᠯ ᠤᠨ ᠡᠷᠦᠬᠡ ᠡᠷᠳᠡᠨᠢ ᠰᠢᠰᠢ ᠶᠢ ᠨᠢᠭᠲᠠ ᠳᠠᠷᠢᠬᠤ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠬᠦ ᠮᠡᠷᠭᠡᠵᠢᠯ ᠤᠨ ᠲᠠᠯ᠎ᠠ ᠪᠠᠷ ᠪᠥᠬᠦ ᠲᠠᠯ᠎ᠠ ᠶᠢᠨ ᠲᠠᠨᠢᠯᠲᠠ ᠪᠠ ᠭᠦᠨᠵᠡᠭᠡᠶ ᠣᠶᠢᠯᠠᠭᠠᠯᠲᠠ ᠲᠠᠢ ᠪᠣᠯᠵᠣ᠂ ᠮᠠᠨ ᠤ ᠬᠤᠰᠢᠭᠤᠨ ᠤ ᠡᠷᠳᠡᠨᠢ ᠰᠢᠰᠢ ᠶᠢᠨ ᠠᠵᠤ  ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠ ᠲᠠᠷᠢᠶᠠᠴᠢᠨ ᠡᠷᠦᠬᠡ ᠶᠢᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠠᠣᠬᠠᠨ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备12002332号